ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
《ᠪᠡᠭᠡᠵᠢᠩ ᠦᠪᠦᠷ ᠮᠣᠩᠭᠣᠯ ᠬᠠᠮᠵᠢᠯᠴᠠᠵᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠳᠤ ᠭᠠᠷ ᠬᠣᠯᠪᠤᠶ᠎ᠠ》ᠭᠡᠬᠦ ᠪᠡᠭᠡᠵᠢᠩ ᠦᠪᠦᠷ ᠮᠣᠩᠭᠣᠯ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢᠴᠢ ᠨᠡᠭᠦᠳᠡᠯ ᠰᠠᠭᠤᠷᠢᠰᠢᠯ ᠡᠷᠡᠭᠦᠯ ᠰᠣᠪᠢᠯᠠᠯᠲᠠ ᠵᠢᠨ ᠠᠵᠤ ᠦᠢ᠍ᠯᠡᠰ᠎ᠤᠨ ᠬᠠᠮᠵᠢᠯᠴᠠᠭ᠋ᠠᠨ᠎ᠤ ᠲᠠᠨᠢᠯᠴᠠᠭᠤᠯᠭ᠎ᠠ ᠵᠢᠨ ᠬᠤᠷᠠᠯ ᠪᠡᠭᠡᠵᠢᠩ ᠬᠤᠲᠠ᠎ᠳᠤ ᠠᠮᠵᠢᠯᠲᠠ᠎ᠲᠠᠢ ᠶᠠᠪᠤᠭᠳᠠᠪᠠ
ᠨᠡᠶᠢᠲᠡᠯᠡᠭᠰᠡᠨ ᠴᠠᠭ᠄ 2023-06-19

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ᠂ ᠪᠡᠭᠡᠵᠢᠩ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ᠎ᠲᠠᠢ ᠬᠠᠮᠲᠤᠷᠠᠨ 5 ᠳ᠋ᠤᠭ᠋ᠠᠷ ᠰᠠᠷ᠎ᠠ ᠵᠢᠨ 6᠎ᠤ ᠡᠳᠦᠷ《  ᠪᠡᠭᠡᠵᠢᠩ ᠦᠪᠦᠷ ᠮᠣᠩᠭᠣᠯ  ᠬᠠᠮᠵᠢᠯᠴᠠᠵᠤ    ᠨᠠᠰᠤᠵᠢᠯ᠎ᠤᠨ ᠠᠰᠠᠷᠠᠮᠵᠢ ᠵᠢᠨ  ᠦᠢ᠍ᠯᠡᠴᠢᠯᠡᠭᠡᠨ᠎ᠳᠤ  ᠭᠠᠷ  ᠬᠣᠯᠪᠤᠶ᠎ᠠ 》ᠭᠡᠬᠦ  ᠪᠡᠭᠡᠵᠢᠩ ᠦᠪᠦᠷ ᠮᠣᠩᠭᠣᠯ᠎ᠤᠨ  ᠨᠠᠰᠤᠵᠢᠯ᠎ᠤᠨ ᠠᠰᠠᠷᠠᠮᠵᠢ ᠵᠢᠨ   ᠦᠢ᠍ᠯᠡᠴᠢᠯᠡᠭᠡ ᠵᠢᠴᠢ ᠨᠡᠭᠦᠳᠡᠯ ᠰᠠᠭᠤᠷᠢᠰᠢᠯ  ᠡᠷᠡᠭᠦᠯ ᠰᠣᠪᠢᠯᠠᠯᠲᠠ ᠵᠢᠨ ᠠᠵᠤ ᠦᠢ᠍ᠯᠡᠰ᠎ᠤᠨ ᠬᠠᠮᠵᠢᠯᠴᠠᠭ᠋ᠠᠨ᠎ᠤ ᠲᠠᠨᠢᠯᠴᠠᠭᠤᠯᠭ᠎ᠠ ᠵᠢᠨ ᠬᠤᠷᠠᠯ᠎ᠢ ᠪᠡᠭᠡᠵᠢᠩ ᠬᠣᠲᠠ ᠵᠢᠨ ᠤᠯᠤᠰ᠎ᠤᠨ ᠬᠤᠷᠠᠯ᠎ᠤᠨ ᠲᠥᠪ᠎ᠤᠨ ᠨᠢᠭᠡᠳᠦᠭᠡᠷ ᠲᠢᠩᠬᠢᠮ᠎ᠳᠤ ᠠᠮᠵᠢᠯᠲᠠ᠎ᠲᠠᠢ ᠡᠷᠭᠢᠯᠡᠪᠡ᠃
     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠤᠳᠤᠷᠢᠳᠤᠯᠭ᠎ᠠ᠂  ᠪᠡᠭᠡᠵᠢᠡᠭ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶ᠎ᠠ ᠵᠢᠨ ᠳᠠᠷᠤᠭ᠎ᠠ ᠰᠢᠦᠢ ᡁᠢ ᠵᠢᠶᠦ᠋ᠨ᠂ ᠳᠤᠮᠳᠠᠳᠤ ᠤᠯᠤᠰ᠎ᠤᠨ ᠨᠡᠢ᠌ᠭᠡᠮ᠎ᠤᠨ ᠠᠰᠠᠷᠠᠮᠵᠢ  ᠪᠠ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠨᠡᠢ᠌ᠭᠡᠮᠯᠢᠭ᠎ᠤᠨ ᠳᠡᠳ᠋ ᠳᠠᠷᠤᠭ᠎ᠠ ᠵᠠᠩ ᠮᠢᠩ ᠯᠢᠶᠠᠩ ᠬᠤᠷᠠᠯ᠎ᠳᠤ  ᠣᠷᠣᠯᠴᠠᠭᠰᠠᠨ ᠪᠥᠭᠡᠳ ᠪᠠᠶᠠᠷ᠎ᠤᠨ ᠦᠭᠡ ᠬᠡᠯᠡᠵᠡᠢ᠃
     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ   ᠲᠢᠡᠭᠭᠢᠮ᠎ᠤᠨ ᠤᠳᠤᠷᠢᠳᠤᠯᠭ᠎ᠠ᠄ 《ᠨᠠᠢ᠌ᠵᠨ ᠨᠠᠷ ᠡ᠂ ᠠᠵᠤ ᠠᠬᠤᠢ᠌ᠯᠠᠯᠳᠠᠳ ᠡ᠂ ᠲᠠᠨᠤᠰ᠎ᠤᠨ ᠦᠪᠤᠷ ᠮᠤᠡᠭᠭᠤᠯ᠎ᠳᠤ ᠲᠣᠭᠣᠷᠢᠨ ᠦᠵᠡᠵᠦ ᠰᠢᠨᠵᠢᠯᠡᠨ ᠪᠠᠢ᠌ᠴᠠᠭ᠋ᠠᠵᠤ᠂ ᠵᠤᠯᠭ᠋ᠠᠭᠤᠯᠤᠨ ᠵᠥᠪᠳᠡᠯᠴᠡᠵᠦ᠂ ᠪᠡᠯᠡ ᠣᠷᠣᠭᠤᠯᠤᠨ ᠬᠥᠭᠵᠢᠭᠦᠯᠬᠦ ᠵᠢ ᠪᠢᠳᠡ ᠴᠢᠡᠭ ᠰᠡᠳᠬᠢᠯ᠎ᠠᠴᠠ᠎ᠪᠠᠨ ᠤᠷᠢᠵᠤ ᠪᠠᠢ᠌ᠨ᠎ᠠ᠂ ᠥᠪᠥᠷ ᠮᠣᠩᠭᠣᠯ᠎ᠤᠨ᠎ᠬᠢᠨ ᠬᠠᠮᠤᠭ᠎ᠤᠨ ᠰᠠᠢ᠌ᠨ ᠳᠡᠮᠵᠢᠯᠭᠡ ᠦᠵᠡᠭᠦᠯᠵᠦ᠂ ᠬᠠᠮᠤᠭ᠎ᠤᠨ ᠰᠢᠯᠢᠳᠡᠭ ᠦᠢ᠍ᠯᠡᠴᠢᠯᠡᠭᠡ ᠬᠠᠩᠭ᠋ᠠᠵᠤ᠂ ᠠᠵᠤ ᠠᠬᠤᠢ᠌ᠯᠠᠯ᠎ᠤᠳ᠎ᠲᠠᠢ ᠡᠬᠢ ᠪᠠᠶᠠᠯᠢᠭ ᠵᠶ᠋ᠡᠨ ᠬᠤᠪᠢᠶᠠᠯᠴᠠᠵᠤ᠂ ᠵᠠᠬ᠎ᠠ ᠳᠡᠯᠭᠡᠭᠦᠷ᠎ᠢ ᠬᠤᠪᠢᠶᠠᠯᠴᠠᠵᠤ᠂ ᠠᠵᠠ ᠲᠣᠬᠢᠶᠠᠯ᠎ᠢ ᠴᠦ᠍ ᠬᠤᠪᠢᠶᠠᠯᠴᠠᠨ᠂  ᠢᠷᠡᠭᠡᠳᠦᠢ ᠵᠢᠨ ᠢᠯᠠᠯᠳᠠ ᠵᠢ ᠬᠠᠮᠳᠤ᠎ᠳᠤ᠎ᠪᠠᠨ  ᠲᠡᠮᠡᠴᠡᠨ ᠤᠯᠵᠠᠭ᠋ᠠᠶ᠎ᠠ》 ᠭᠡᠵᠡᠢ᠃
     ᠮᠠᠨ᠎ᠤ ᠤᠷᠤᠨ᠎ᠨᠢ ᠶᠢᠰᠦᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠬᠡᠨ᠎ᠤ ᠲᠤᠬᠠᠢ᠌ᠯᠠᠬᠰᠠᠨ ᠠᠵᠢᠯ᠎ᠤᠨ ᠦᠵᠡᠬᠦᠯᠤᠯᠬᠡ ᠵᠢᠨ ᠬᠤᠷᠠᠯ ᠲᠡᠬᠡᠷ᠎ᠡ ᠵᠢᠭᠤᠯᠴᠢᠯᠠᠯ᠂ ᠨᠡᠭᠦᠳᠡᠯ ᠰᠠᠭᠤᠷᠢᠰᠢᠯ᠂ ᠡᠷᠡᠬᠦᠯᠵᠢᠯ ᠰᠤᠪᠢᠯᠠᠯᠳᠠ ᠵᠢᠨ ᠠᠵᠤ ᠦᠢ᠍ᠯᠡᠰ᠎ᠤᠨ ᠬᠠᠮᠵᠢᠯᠴᠠᠭ᠋ᠠᠨ᠎ᠤ ᠲᠠᠨᠢᠯᠴᠠᠭᠤᠯᠭ᠎ᠠ ᠵᠢᠨ ᠲᠤᠰᠬᠠᠢ ᠬᠤᠷᠠᠯ᠎ᠢ ᠡᠷᠬᠢᠯᠡᠭᠰᠡᠨ ᠴᠤᠷ᠎ᠤᠨ ᠭᠠᠬ᠍ᠴᠨ ᠮᠤᠵᠢ᠂ ᠬᠤᠳᠠ᠂ ᠦᠪᠡᠷᠳᠡᠬᠡᠨ ᠵᠠᠰᠠᠬᠤ ᠤᠷᠤᠨ᠎ᠤ ᠲᠡᠰ᠎ᠤᠨ ᠭᠠᠵᠠᠷ ᠪᠤᠯᠤᠬᠰᠠᠨ ᠪᠠᠢ᠌ᠨ᠎ᠠ᠃ ᠥᠪᠥᠷ ᠮᠣᠩᠭᠣᠯ᠎ᠤᠨ ᠦᠵᠡᠭᠦᠯᠦᠯᠭᠡ ᠵᠢᠨ ᠲᠣᠭᠣᠷᠢᠭ᠎ᠨᠢ ᠤᠯᠤᠰ᠎ᠤᠨ ᠬᠤᠷᠠᠯ᠎ᠤᠨ ᠲᠥᠪ᠎ᠤᠨ ᠨᠢᠬᠡᠳᠤᠬᠡᠷ ᠦᠵᠡᠭᠦᠯᠦᠯᠭᠡ ᠵᠢᠨ ᠪᠠᠢ᠌ᠷᠢᠨ᠎ᠳᠤ ᠪᠠᠢ᠌ᠷᠢᠯᠠᠵᠤ᠂ ᠲᠣᠰ ᠤᠳᠠᠭ᠋ᠠᠨ᠎ᠤ ᠦᠵᠡᠭᠦᠯᠦᠯᠭᠡ ᠎ᠳᠤ᠎ᠬᠢ ᠲᠠᠯᠠᠪᠠᠶ᠎ᠪᠠᠷ ᠬᠠᠮᠤᠭ᠎ᠤᠨ ᠶᠡᠬᠡ ᠦᠵᠡᠭᠦᠯᠦᠯᠭᠡ ᠵᠢᠨ ᠲᠣᠭᠣᠷᠢᠭ ᠪᠤᠯᠵᠠᠢ᠃ ᠦᠵᠡᠭᠦᠯᠦᠯᠭᠡ ᠵᠢᠨ ᠲᠣᠭᠣᠷᠢᠭ᠎ᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 12 ᠠᠢ᠌ᠮᠠᠭ ᠬᠣᠲᠠ ᠵᠢᠨ᠎ᠬᠢᠨ ᠦᠪᠡᠷ ᠦᠪᠡᠷ᠎ᠤᠨ ᠣᠨᠴᠠᠯᠢᠭ ᠪᠦᠬᠦᠢ ᠬᠠᠷᠠᠭ᠎ᠠ ᠪᠤᠯᠢᠶᠠᠬᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠠᠭ᠋ᠠᠯᠳᠠ ᠦᠢ᠍ᠯᠡᠳᠬᠦᠨ ᠵᠶ᠋ᠡᠨ ᠲᠡᠯᠬᠡᠨ ᠦᠵᠡᠬᠦᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠰᠤᠪᠢᠯᠠᠯᠲᠠ᠂ ᠡᠷᠡᠭᠦᠯᠵᠢᠯ ᠰᠤᠪᠢᠯᠠᠯᠲᠠ ᠵᠢᠨ 《ᠣᠨᠴᠠ ᠭᠠᠷᠤᠯᠲᠠ》᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠨ᠎ᠡ ᠦᠢ᠍ᠯᠡᠳᠬᠦᠨ ᠪᠠ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠤᠨ ᠰᠢᠨ᠎ᠡ ᠬᠥᠭᠵᠢᠯᠲᠡ ᠵᠢ ᠪᠥᠬᠥ ᠲᠠᠯ᠎ᠠ᠎ᠪᠠᠷ  ᠢᠯᠡᠷᠡᠬᠦᠯᠪᠡ᠃
     ᠲᠠᠨᠢᠯᠴᠠᠭᠤᠯᠭ᠎ᠠ ᠵᠢᠨ ᠬᠤᠷᠠᠯ ᠳᠡᠭᠡᠷ᠎ᠡ᠂ ᠬᠣᠲᠠ ᠵᠢᠨ ᠲᠡᠰ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠨᠡᠢ᠌ᠭᠡᠮᠯᠢᠭ᠂ ᠪᠡᠭᠡᠵᠢᠩ᠂ ᠥᠪᠥᠷ ᠮᠣᠩᠭᠣᠯ ᠬᠣᠶᠠᠷ ᠭᠠᠵᠠᠷ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠠᠵᠤ ᠠᠬᠤᠢ᠌ᠯᠠᠯ᠎ᠤᠨ ᠨᠡᠢ᠌ᠳᠡ 8 ᠳᠤᠭᠤᠢ᠌ᠯᠠᠩ 18 ᠵᠠᠰᠠᠭ ᠪᠠ ᠠᠵᠤ ᠠᠬᠤᠢ᠌ᠯᠠᠯ᠎ᠤᠨ ᠨᠡᠢ᠌ᠭᠡᠮᠯᠢᠭ ᠬᠠᠮᠲᠤᠷᠠᠨ ᠠᠵᠢᠯᠯᠠᠬᠤ ᠰᠠᠨᠠᠮᠵᠢ ᠲᠣᠭᠲᠠᠭ᠋ᠠᠵᠤ᠂ ᠲᠤᠬᠠᠢ ᠵᠢᠨ ᠲᠠᠯᠠᠪᠤᠷ᠎ᠲᠤ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ᠎ᠲᠤ ᠭᠠᠷ᠎ᠤᠨ ᠥᠰᠥᠭ ᠵᠢᠷᠤᠵᠤ᠂ 《ᠨᠠᠰᠤᠵᠢᠯ᠎ᠤᠨ ᠠᠰᠠᠷᠠᠮᠵᠢ》 ᠭᠡᠬᠦ ᠨᠡᠷ᠎ᠡ᠎ᠪᠠᠷ ᠥᠪᠥᠷ ᠮᠣᠩᠭᠣᠯ᠎ᠤᠨ᠎ᠬᠢᠨ᠎ᠲᠠᠢ ᠪᠤᠯᠵᠤᠭ᠎ᠠ ᠲᠤᠬᠳᠠᠵᠤ᠂ ᠥᠪᠥᠷ ᠮᠣᠩᠭᠣᠯ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ᠎ᠬᠢᠨ᠎ᠤ ᠬᠠᠮᠲᠤᠷᠠᠨ ᠠᠵᠢᠯᠯᠠᠬᠤ ᠵᠢ ᠡᠷᠡᠮᠴᠡᠵᠤ ᠪᠠᠢ᠌ᠭ᠎ᠠ ᠪᠠ ᠰᠠᠷᠠᠭᠤᠯ ᠢᠷᠡᠭᠡᠳᠦᠢ᠎ᠲᠠᠢ ᠪᠠᠢ᠌ᠬᠤ ᠳᠣᠬᠢᠶ᠎ᠠ ᠵᠢ  ᠮᠡᠳᠡᠭᠳᠡᠭᠰᠡᠨ ᠪᠠᠢ᠌ᠨ᠎ᠠ᠃
     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠰᠡᠭ ᠠᠢ᠌ᠮᠠᠭ ᠬᠣᠲᠠ ᠵᠢᠨ ᠬᠤᠪᠢᠳᠠᠨ ᠬᠠᠮᠢᠶᠠᠷᠴᠤ ᠪᠠᠢ᠌ᠭ᠎ᠠ ᠬᠠᠷᠢᠭᠤᠴᠠᠯᠭ᠋ᠠᠲᠠᠨ᠂ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠷᠢᠭᠤᠴᠠᠯᠭ᠋ᠠᠲᠠᠨ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠠᠯᠠᠭ᠎ᠠ ᠵᠢᠨ ᠬᠠᠷᠢᠭᠤᠴᠠᠯᠭ᠋ᠠᠲᠠᠨ᠂ ᠬᠡᠰᠡᠭ ᠬᠣᠰᠢᠭᠤ ᠰᠢᠶᠠᠨ (ᠬᠤᠳᠠ᠂ ᠲᠣᠭᠣᠷᠢᠭ)᠎ᠤ ᠬᠤᠪᠢᠳᠠᠨ ᠬᠠᠮᠢᠶᠠᠷᠴᠤ ᠪᠠᠢ᠌ᠭ᠎ᠠ ᠬᠠᠷᠢᠭᠤᠴᠠᠯᠭ᠋ᠠᠲᠠᠨ᠂ ᠬᠡᠰᠡᠭ ᠨᠠᠰᠤᠵᠢᠯ᠎ᠤᠨ  ᠠᠰᠠᠷᠠᠮᠵᠢ ᠵᠢᠨ ᠦᠢ᠍ᠯᠡᠴᠢᠯᠡᠭᠡᠨ᠎ᠤ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ ᠵᠡᠷᠭᠡ 490 ᠭᠠᠷᠤᠢ ᠬᠥᠮᠥᠨ ᠲᠠᠨᠢᠯᠴᠠᠭᠤᠯᠭ᠎ᠠ ᠵᠢᠨ ᠬᠤᠷᠠᠯ᠎ᠳᠤ ᠤᠷᠤᠯᠴᠠᠬᠰᠠᠨ ᠪᠦᠬᠡᠳ ᠤᠷᠤᠨ᠎ᠤ ᠭᠠᠳᠠᠨᠠᠬᠢ 78 ᠬᠤᠳᠠᠯᠳᠤᠭ᠋ᠠᠴᠢᠨ ᠲᠠᠨᠢᠯᠴᠠᠭᠤᠯᠭ᠎ᠠ ᠵᠢᠨ ᠬᠤᠷᠠᠯ ᠎ᠳᠤ ᠲᠡᠯᠬᠡᠨ ᠦᠵᠡᠬᠦᠯᠵᠡᠢ᠃

     ᠮᠡᠳᠡᠬᠡᠯᠡᠭᠴᠢ ᠵᠢᠨ ᠬᠠᠶᠢᠭ᠄  ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠪᠠ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠲᠥᠪ
     ᠤᠷᠴᠢᠭᠤᠯᠤᠬ᠍ᠴᠢ ᠵᠢᠨ ᠬᠠᠶᠢᠭ᠄ ᠦᠪᠤᠷ ᠮᠤᠡᠭᠭᠤᠯ᠎ᠤᠨ ᠰᠤᠷᠭ᠋ᠠᠨ ᠬᠦᠮᠤᠵᠢᠯ᠎ᠤᠨ ᠬᠡᠪᠯᠡᠯ᠎ᠤᠨ ᠬᠤᠷᠢᠶ᠎ᠠ

 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠳᠠ ᠵᠢᠨ᠎ᠬᠢᠨ᠎ᠢ ᠬᠦᠳᠤᠯᠤᠨ ᠲᠠᠭ᠋ᠠᠭᠤᠯᠵᠤ ᠪᠠᠢ᠌ᠭ᠋ᠠᠳ 《ᠯᠧᠢ ᠹᠧᠩ》 ᠲᠡᠷᠭᠡᠨ᠎ᠤ ᠠᠩᠭᠢ ᠵᠢᠨ ᠰᠠᠢ᠌ᠨ ᠲᠤᠷᠠᠴᠤᠤᠯ᠎ᠤᠨ ᠨᠡᠢ᠌ᠭᠡᠮᠯᠢᠭ᠎ᠠᠴᠠ ᠰᠤᠷᠤᠯᠴᠠᠬᠤ ᠠᠵᠢᠯᠯᠠᠭ᠎ᠠ ᠥᠷᠨᠢᠭᠦᠯᠪᠡ
ᠶᠡᠭᠡ ᠡᠭᠡᠴᠢ
ᠤᠳᠠᠴᠢ
ᠪᠠᠬᠠᠷᠤᠮ᠎ᠠ ᠰᠠᠢ᠌ᠬᠠᠨ ᠪᠠᠶᠠᠨᠲᠠᠯ᠎ᠠ
ᠨᠤᠲᠤᠭ ᠨᠤᠲᠤᠭ᠎ᠤᠨ 《ᠨᠤᠭᠤᠨᠵᠠᠶᠠᠭ᠎ᠠ》
 
            