ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠤᠳᠤᠷᠢᠳᠤᠯᠭ᠎ᠠ ᠳᠤᠭᠤᠢ᠌ᠯᠠᠩ ᠳᠠᠭ᠋ᠠᠭᠤᠯᠤᠨ ᠵᠡᠭᠦᠨᠭ᠋ᠠᠷ ᠬᠣᠰᠢᠭᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠢ ᠪᠠᠢ᠌ᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2023-05-25


              ᠸᠠᠩ ᠲᠢᠶᠠᠨ ᠵᠢᠶᠦ᠋ᠨ ᠮᠡᠳᠡᠬᠡᠯᠡᠪᠡ
              ᠬᠡᠬᠡᠨᠳᠤᠶᠠᠭ᠎ᠠ ᠤᠷᠴᠢᠭᠤᠯᠪᠠ
     ᠨᠠᠮ᠎ᠤᠨ ᠲᠥᠪ ᠬᠣᠷᠢᠶᠠᠨ᠎ᠤ ᠪᠦᠬᠦ ᠨᠠᠮ᠎ᠤᠨ ᠬᠡᠪᠴᠢᠶᠡᠨ᠎ᠳᠤ ᠪᠠᠢ᠌ᠴᠠᠭ᠋ᠠᠨ ᠰᠤᠳᠤᠯᠤᠯᠲᠠ ᠬᠢᠬᠦ ᠤᠷᠢᠶᠠᠯᠠᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠬᠦ ᠵᠢ ᠠᠬᠢᠭᠤᠯᠬᠤ ᠵᠢᠨ ᠲᠦᠯᠤᠬᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ  ᠲᠢᠡᠭᠭᠢᠮ᠎ᠤᠨ ᠤᠳᠤᠷᠢᠳᠤᠯᠭ᠎ᠠ 4 ᠳ᠋ᠤᠬᠡᠷ ᠰᠠᠷ᠎ᠠ ᠵᠢᠨ 18᠎ᠤ ᠡᠳᠦᠷ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠢ ᠳᠠᠭ᠋ᠠᠭᠤᠯᠤᠨ ᠤᠷᠳᠤᠰ ᠬᠤᠳᠠ ᠵᠢᠨ ᠵᠡᠭᠦᠨᠭ᠋ᠠᠷ ᠬᠣᠰᠢᠭᠤᠨ᠎ᠳᠤ ᠭᠦᠨᠵᠡᠭᠡᠢ᠌ᠷᠡᠵᠦ᠂ 《ᠲᠦᠷᠪᠡᠨ ᠪᠤᠯᠬᠤ ᠦᠬᠡᠢ᠂ ᠬᠤᠶᠠᠷ ᠰᠢᠭᠤᠳ》 ᠠᠷᠭ᠎ᠠ᠎ᠪᠠᠷ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠬᠡ ᠪᠠ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠳᠤ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠨ ᠰᠤᠳᠤᠯᠪᠠ᠃
     ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠵᠡᠭᠦᠨᠭ᠋ᠠᠷ ᠬᠣᠰᠢᠭᠤᠨ᠎ᠤ ᠣᠶᠤᠨᠲᠤ ᠨᠠᠰᠤᠵᠢᠯ᠎ᠤᠨ ᠠᠰᠠᠷᠠᠮᠵᠢ ᠵᠢᠨ ᠵᠢᠯᠣᠭᠣᠳᠤᠯᠭ᠎ᠠ ᠲᠣᠬᠢᠷᠠᠭᠤᠯᠭ᠎ᠠ ᠵᠢᠨ ᠲᠥᠪ᠎ᠠᠴᠠ ᠢᠨᠲᠸᠷ ᠰᠦᠯᠵᠢᠶ᠎ᠡ᠂ ᠲᠣᠮᠣ ᠳ᠋ᠠᠢ᠌ᠲ᠋ᠠ᠂ ᠣᠶᠤᠨᠲᠤ ᠰᠤᠪᠢᠯᠠᠯᠲᠠ ᠵᠡᠷᠭᠡ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ ᠪᠣᠯᠣᠨ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠪᠠᠢ᠌ᠭᠤᠯᠤᠮᠵᠢ ᠵᠢᠨ ᠨᠠᠰᠤᠵᠢᠯ᠎ᠤᠨ ᠠᠰᠠᠷᠠᠮᠵᠢ ᠵᠢᠨ ᠭᠦᠨᠵᠡᠭᠡᠢ ᠠᠭᠤᠰᠤᠯᠴᠠᠭᠰᠠᠨ ᠪᠠᠢ᠌ᠳᠠᠯ᠎ᠢ ᠨᠠᠷᠢᠨ ᠣᠢ᠌ᠯᠠᠭ᠋ᠠᠪᠠ᠃ ᠨᠥᠬᠥᠷᠯᠡᠯ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠠᠰᠤᠲᠠᠢ᠌ᠴᠤᠳ᠎ᠲᠤ ᠦᠢ᠍ᠯᠡᠴᠢᠯᠡᠬᠦ ᠲᠥᠪ᠎ᠲᠤ ᠡᠳᠦᠷ ᠲᠤᠳᠤᠮ᠎ᠤᠨ ᠬᠠᠷᠠᠭ᠋ᠠᠯᠵᠠᠯ᠂ ᠨᠠᠰᠤᠲᠠᠢ᠌ᠴᠤᠳ᠎ᠤᠨ ᠬᠣᠭᠣᠯᠠᠨ ᠭᠡᠷ᠂ ᠪᠤᠭᠤᠷᠤᠯᠴᠤᠳ᠎ᠤᠨ ᠰᠤᠷᠭ᠋ᠠᠭᠤᠯᠢ ᠵᠢᠨ ᠲᠠᠩᠬᠢᠮ᠂ ᠨᠡᠢ᠌ᠭᠡᠮ᠎ᠤᠨ ᠠᠵᠢᠯ ᠵᠡᠷᠭᠡ ᠦᠢ᠍ᠯᠡᠴᠢᠯᠡᠭᠡᠨ᠎ᠤ ᠲᠠᠯᠠᠪᠤᠷ᠎ᠢ ᠪᠠᠢ᠌ᠴᠠᠭ᠋ᠠᠨ ᠦᠵᠡᠵᠦ᠂  《ᠨᠢᠭᠡ ᠮᠥᠴᠡ》 ᠵᠢᠨ ᠨᠠᠰᠤᠵᠢᠯ᠎ᠤᠨ ᠦᠢ᠍ᠯᠡᠴᠢᠯᠡᠭᠡᠨ᠎ᠤ  ᠲᠤᠭᠤᠷᠢᠭ᠎ᠤᠨ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠬᠤ ᠲᠤᠬᠠᠢ ᠠᠵᠢᠯᠲᠠᠳ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠠᠢ᠃ ᠯᠠᠨ ᠲᠢᠶᠠᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠪᠠᠢ ᠶᠦᠨ ᠨᠡᠢ᠌ᠭᠡᠮ ᠲᠣᠭᠣᠷᠢᠭ᠎ᠲᠤ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠨᠡᠢ᠌ᠭᠡᠮ ᠲᠣᠭᠣᠷᠢᠭ᠎ᠤᠨ 《  ᠨᠠᠰᠤᠲᠠᠢ᠌ᠴᠤᠳ ᠬᠡᠤᠬᠡᠳ》᠎ᠢ ᠬᠠᠯᠠᠮᠵᠢᠯᠠᠬᠤ ᠦᠢ᠍ᠯᠡᠴᠢᠯᠡᠭᠡ ᠪᠣᠯᠣᠨ ᠬᠠᠮᠳᠤ᠎ᠪᠠᠷ ᠪᠠᠢ᠌ᠭᠤᠯᠵᠤ  ᠬᠠᠮᠳᠤ᠎ᠪᠠᠷ ᠵᠠᠰᠠᠵᠤ ᠬᠠᠮᠳᠤ᠎ᠪᠠᠷ ᠡᠳ᠋ᠯᠡᠬᠦ ᠨᠡᠢ᠌ᠭᠡᠮ ᠲᠣᠭᠣᠷᠢᠭ᠎ᠤᠨ ᠵᠠᠰᠠᠯᠲᠠ ᠵᠢᠨ ᠵᠠᠭᠪᠤᠷ᠎ᠤᠨ ᠬᠣᠯᠪᠣᠭᠳᠠᠯ ᠪᠦᠬᠦᠢ ᠪᠠᠢ᠌ᠳᠠᠯ᠎ᠤᠨ ᠲᠠᠨᠢᠯᠴᠠᠭᠤᠯᠭ᠎ᠠ ᠵᠢ ᠨᠢᠮᠪᠠᠢ ᠰᠣᠨᠣᠰᠴᠠᠢ᠃
     ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠪᠠᠰᠠ ᠵᠡᠭᠦᠨᠭ᠋ᠠᠷ ᠬᠣᠰᠢᠭᠤᠨ᠎ᠤ ᠱᠠᠬᠳᠠᠷ ᠪᠠᠯᠭ᠋ᠠᠰᠤᠨ᠎ᠤ ᠮᠢᠨ ᠯᠧ ᠨᠡᠢ᠌ᠭᠡᠮ ᠲᠣᠭᠣᠷᠢᠭ᠎ᠤᠨ ᠨᠠᠰᠤᠲᠠᠢ᠌ᠴᠤᠳ᠎ᠲᠤ ᠦᠢ᠍ᠯᠡᠴᠢᠯᠡᠬᠦ ᠥᠷᠲᠡᠭᠡ᠂ ᠨᠠᠰᠤᠲᠠᠢ᠌ᠴᠤᠳ᠎ᠤᠨ ᠬᠣᠭᠣᠯᠠᠨ ᠭᠡᠷ᠎ᠲᠤ ᠭᠦᠨᠵᠡᠭᠡᠢ᠌ᠷᠡᠵᠦ᠂ ᠦᠢ᠍ᠯᠡᠴᠢᠯᠡᠭᠡᠨ᠎ᠤ ᠥᠷᠲᠡᠭᠡ ᠵᠢᠨ᠎ᠬᠢᠨ ᠎ᠤ ᠨᠡᠢ᠌ᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ᠎ᠤᠨ᠎ᠬᠢᠨ᠎ᠲᠠᠢ ᠬᠣᠯᠪᠤᠭ᠋ᠠᠯᠠᠨ ᠬᠠᠷᠢᠶ᠎ᠠ ᠣᠷᠣᠨ᠎ᠤ ᠨᠠᠰᠤᠲᠠᠢ᠌ᠴᠤᠳ᠎ᠲᠤ ᠡᠳᠦᠷ ᠲᠤᠲᠤᠮ᠎ᠤᠨ ᠡᠮᠴᠢᠯᠡᠭᠡ᠂ ᠡᠷᠡᠭᠦᠯᠵᠢᠯ ᠰᠤᠪᠢᠯᠠᠯᠲᠠ ᠵᠡᠷᠭᠡ ᠡᠮᠴᠢᠯᠡᠭᠡᠨ᠎ᠤ ᠦᠢ᠍ᠯᠡᠴᠢᠯᠡᠭᠡ ᠵᠢ ᠪᠠᠢ᠌ᠡᠭᠭᠤ ᠬᠠᠩᠭ᠋ᠠᠵᠤ ᠪᠠᠢ᠌ᠭ᠎ᠠ ᠪᠠᠢ᠌ᠳᠠᠯ᠎ᠢ ᠨᠠᠷᠢᠨ ᠣᠢ᠌ᠯᠠᠭ᠋ᠠᠵᠤ᠂ ᠱᠠᠬᠳᠠᠷ ᠲᠣᠰᠬᠣᠨ᠎ᠤ ᠬᠠᠷᠢᠯᠴᠠᠨ ᠬᠠᠪᠰᠤᠷᠤᠯᠴᠠᠬᠤ ᠨᠠᠰᠤᠵᠢᠯ᠎ᠤᠨ ᠠᠰᠠᠷᠠᠮᠵᠢ ᠵᠢᠨ ᠬᠦᠷᠢᠶᠡᠯᠡᠩ᠎ᠤᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠪᠠᠢ᠌ᠴᠠᠭ᠋ᠠᠨ ᠦᠵᠡᠵᠦ᠂ ᠲᠠᠰᠢᠷᠠᠮ ᠵᠶ᠋ᠠᠷ ᠭᠡᠷ᠎ᠲᠤ᠎ᠨᠢ ᠬᠦᠷᠴᠤ ᠰᠤᠷᠪᠤᠯᠵᠢᠯᠠᠬᠤ ᠵᠢᠨ ᠬᠠᠮᠲᠤ ᠲᠡᠨᠳᠡ ᠰᠠᠭᠤᠬᠰᠠᠳ  ᠎ᠲᠠᠢ ᠳᠣᠲᠣᠨᠣ᠎ᠪᠠᠷ ᠶᠠᠷᠢᠯᠴᠠᠵᠤ᠂ ᠢᠳᠡᠵᠦ ᠤᠤᠭᠤᠬᠤ ᠬᠤᠨᠤᠵᠤ ᠬᠡᠪᠳᠡᠬᠦ᠂ ᠡᠪᠡᠳᠴᠢᠨ ᠦᠵᠡᠬᠦᠯᠬᠦ ᠵᠡᠷᠭᠡ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠪᠠᠢ᠌ᠳᠠᠯ᠎ᠢ ᠨᠠᠷᠢᠨ ᠣᠢ᠌ᠯᠠᠭ᠋ᠠᠵᠤ᠂ ᠱᠠᠬᠳᠠᠷ ᠠᠰᠠᠷᠠᠮᠵᠢ ᠵᠢᠨ ᠲᠥᠪ᠎ᠤᠨ ᠨᠠᠰᠤᠲᠠᠨ᠎ᠢ ᠠᠰᠠᠷᠠᠬᠤ ᠬᠦᠷᠢᠶᠡᠯᠡᠩ᠎ᠳᠤ ᠬᠣᠲᠠ ᠬᠥᠳᠡᠭᠡ ᠵᠢᠨ ᠣᠨᠴᠠ ᠬᠦᠴᠢᠷᠳᠡᠯᠲᠡᠢ ᠬᠥᠮᠥᠰ᠎ᠢ ᠲᠥᠪᠯᠡᠷᠡᠭᠦᠯᠦᠨ ᠠᠰᠠᠷᠠᠨ ᠲᠡᠵᠢᠭᠡᠵᠦ ᠪᠠᠢ᠌ᠭ᠎ᠠ ᠪᠠ ᠴᠢᠳᠠᠯ ᠲᠡᠩᠬᠡᠭᠡ ᠦᠭᠡᠢ ᠪᠣᠯᠤᠭᠰᠠᠨ᠂  ᠬᠦᠭᠰᠢᠨ ᠵᠡᠮᠳᠡᠭ ᠨᠠᠰᠤᠲᠠᠨ᠎ᠢ ᠠᠰᠠᠷᠠᠨ ᠬᠠᠷᠠᠭ᠋ᠠᠯᠵᠠᠵᠤ ᠪᠠᠢ᠌ᠭ᠎ᠠ ᠪᠠᠢ᠌ᠳᠠᠯ᠎ᠢ ᠨᠠᠷᠢᠨ ᠣᠢ᠌ᠯᠠᠭ᠋ᠠᠵᠤ᠂ 《ᠲᠥᠪ᠎ᠤᠨ ᠬᠣᠭᠣᠯᠠᠨ ᠭᠡᠷ + ᠬᠣᠭᠣᠯᠠ ᠤᠮᠳᠠ ᠲᠣᠬᠢᠷᠠᠭᠤᠯᠬᠤ》 ᠬᠥᠳᠡᠭᠡ ᠲᠣᠰᠬᠣᠨ᠎ᠤ ᠬᠤᠭᠤᠯᠨ  ᠤᠮᠳᠠᠭ᠋ᠠᠨ᠎ᠳᠤ ᠲᠤᠰᠠᠯᠠᠬᠤ ᠦᠢ᠍ᠯᠡᠴᠢᠯᠡᠭᠡᠨ᠎ᠤ ᠰᠢᠨ᠎ᠡ ᠵᠠᠭᠪᠤᠷ᠎ᠤᠨ ᠲᠤᠬᠠᠢ ᠵᠢᠭ᠋ᠠᠨ ᠵᠢᠯᠤᠭᠤᠳᠪᠠ᠃
      ᠲᠢᠡᠭᠭᠢᠮ᠎ᠤᠨ ᠤᠳᠤᠷᠢᠳᠤᠯᠭ᠎ᠠ ᠵᠡᠭᠦᠨᠭ᠋ᠠᠷ ᠬᠣᠰᠢᠭᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠤᠨ ᠦᠷ᠎ᠡ ᠪᠦᠲᠦᠮᠵᠢ ᠵᠢ ᠭᠦᠢ᠍ᠴᠡᠳ ᠨᠤᠲᠠᠯᠠᠵᠤ᠂ ᠭᠠᠵᠠᠷ ᠣᠷᠣᠨ᠎ᠤ ᠠᠵᠤ ᠠᠬᠤᠢ ᠵᠢᠨ ᠳᠠᠪᠠᠭᠤᠯᠢᠭ ᠪᠠ ᠰᠠᠢ᠌ᠨ ᠰᠠᠢ᠌ᠬᠠᠨ ᠬᠥᠭᠵᠢᠯᠲᠡ ᠵᠢᠨ ᠨᠥᠬᠥᠴᠡᠯ᠎ᠢ ᠠᠰᠢᠭᠯᠠᠨ᠂ ᠬᠠᠲᠠᠭᠤ ᠬᠡᠷᠡᠭᠰᠡᠯ᠎ᠤᠨ ᠣᠷᠤᠭᠤᠯᠤᠯᠲᠠ ᠵᠢᠨ ᠡᠷᠴᠢᠮ᠎ᠢ ᠲᠠᠰᠤᠷᠠᠯᠲᠠ ᠦᠭᠡᠢ ᠴᠢᠩᠭ᠋ᠠᠷᠠᠭᠤᠯᠬᠤ ᠵᠢᠨ ᠬᠠᠮᠲᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠵᠥᠭᠡᠯᠡᠨ ᠪᠣᠳᠠᠲᠤ ᠬᠦᠴᠦᠨ᠂ ᠣᠷᠣᠨ ᠪᠦᠰᠡᠴᠢᠯᠡᠭᠰᠡᠨ ᠪᠠᠢ᠌ᠷᠢᠰᠢᠭᠤᠯᠤᠯᠲᠠ᠂ ᠨᠢᠭᠡ ᠴᠣᠭᠴᠠᠵᠢᠭᠰᠠᠨ ᠡᠵᠡᠩᠨᠡᠯᠲᠡ ᠵᠢ ᠬᠦᠴᠦᠯᠡᠨ ᠳᠡᠭᠡᠭᠰᠢᠯᠡᠭᠦᠯᠵᠦ᠂ 《ᠣᠶᠤᠨᠲᠤ ᠨᠠᠰᠤᠵᠢᠯ᠎ᠤᠨ ᠠᠰᠠᠷᠠᠮᠵᠢ》 ᠵᠢᠨ ᠦᠢ᠍ᠯᠡᠴᠢᠯᠡᠭᠡᠨ᠎ᠤ ᠲᠠᠪᠴᠠᠩ᠎ᠳᠤ ᠲᠦᠰᠢᠭᠯᠡᠨ᠂ ᠭᠡᠷ ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠨᠠᠷᠠᠲᠤ ᠲᠡᠮᠳᠡᠭᠵᠢᠭᠰᠡᠨ᠂ ᠬᠡᠯᠬᠢᠶᠡᠵᠢᠭᠰᠡᠨ᠂ ᠬᠡᠪᠴᠢᠶᠡᠵᠢᠭᠰᠡᠨ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠥᠳᠡᠭᠡ ᠲᠣᠰᠬᠣᠨ᠎ᠤ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠦᠯᠵᠢᠶ᠎ᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠳᠡᠭᠡᠷ᠎ᠡ ᠭᠣᠣᠯᠳᠠᠯᠭ᠎ᠠ ᠎ᠪᠠᠨ ᠲᠠᠯᠪᠢᠵᠤ᠂ ᠬᠣᠰᠢᠭᠤ ᠰᠢᠶᠠᠨ᠎ᠤ ᠱᠠᠲᠤᠨ᠎ᠤ ᠣᠨᠴᠠ ᠬᠦᠴᠢᠷᠳᠡᠯᠲᠡᠢ  ᠬᠦᠮᠦᠰ᠎ᠢ ᠠᠰᠠᠷᠠᠨ ᠲᠡᠵᠢᠭᠡᠬᠦ ᠪᠠᠢ᠌ᠭᠤᠯᠤᠮᠵᠢ ᠵᠢᠨ ᠦᠨᠳᠦᠰᠦᠨ ᠪᠠᠲᠤᠯᠠᠭ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠢᠶᠠᠩ ᠪᠠᠯᠭ᠋ᠠᠰᠤ ᠵᠢᠨ ᠨᠠᠰᠤᠲᠠᠨ᠎ᠢ ᠠᠰᠠᠷᠠᠬᠤ ᠬᠦᠷᠢᠶᠡᠯᠡᠩ᠎ᠤᠨ ᠡᠬᠢ ᠪᠠᠶᠠᠯᠢᠭ᠎ᠢ ᠪᠦᠲᠦᠮᠵᠢᠲᠡᠢ ᠠᠰᠢᠭᠯᠠᠨ ᠣᠷᠣᠨ ᠪᠦᠰᠡ ᠵᠢᠨ ᠴᠢᠨᠠᠷᠲᠠᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠢ ᠪᠠᠢ᠌ᠭᠤᠯᠵᠤ᠂ ᠬᠠᠷᠢᠯᠴᠠᠨ ᠬᠠᠪᠰᠤᠷᠤᠯᠴᠠᠬᠤ ᠬᠦᠷᠢᠶᠡᠯᠡᠩ ᠵᠶ᠋ᠡᠷ ᠭᠣᠣᠯ ᠴᠣᠭᠴᠠ ᠪᠣᠯᠭ᠋ᠠᠭᠰᠠᠨ ᠲᠣᠰᠬᠣᠨ᠎ᠤ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠦᠬᠦᠬᠡᠷᠤᠮᠵᠢ ᠵᠢᠨ ᠦᠢ᠍ᠯᠡᠴᠢᠯᠡᠭᠡᠨ᠎ᠤ ᠴᠢᠳᠠᠮᠵᠢ ᠵᠢ ᠥᠷᠭᠡᠳᠬᠡᠨ ᠤᠷᠲᠤᠳᠬᠠᠵᠤ᠂ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠳᠥᠭᠥᠮᠴᠢᠯᠡᠯᠲᠡ᠂ ᠬᠦᠷᠦᠯᠴᠡᠬᠦᠢ᠌ᠴᠡ ᠬᠢᠷᠢ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃


     ᠮᠡᠳᠡᠭᠡᠯᠡᠭᠴᠢ ᠵᠢᠨ ᠬᠠᠶᠢᠭ᠄  ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠭᠠᠵᠠᠷ
     ᠤᠷᠴᠢᠭᠤᠯᠤᠬ᠍ᠴᠢ ᠵᠢᠨ ᠬᠠᠶᠢᠭ᠄ ᠦᠪᠤᠷ ᠮᠤᠡᠭᠭᠤᠯ᠎ᠤᠨ ᠰᠤᠷᠭ᠋ᠠᠨ ᠬᠦᠮᠤᠵᠢᠯ᠎ᠤᠨ ᠬᠡᠪᠯᠡᠯ᠎ᠤᠨ ᠬᠤᠷᠢᠶ᠎ᠠ
 

 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠮᠣᠩᠭᠣᠯ ᠬᠡᠯᠡᠨ᠎ᠤ ᠰᠦᠯᠵᠢᠶ᠎ᠡ 2022 ᠣᠨ᠎ᠤ ᠰᠢᠯᠭ᠋ᠠᠨ ᠦᠨᠡᠯᠡᠯᠳᠡ᠎ᠳᠤ ᠳᠠᠬᠢᠨᠲᠠ ᠰᠢᠯᠢᠳᠡᠭ ᠪᠦᠲᠦᠮᠵᠢ ᠣᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠰᠢ ᠵᠢᠨ ᠫᠢᠡᠭ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠤᠪᠳᠤ ᠬᠦᠮᠤᠵᠢᠯ᠎ᠤᠨ ᠠᠵᠢᠯ᠎ᠤᠨ ᠬᠤᠷᠠᠯ ᠬᠤᠷᠠᠯᠳᠤᠭᠤᠯᠪᠠ
《ᠪᠡᠭᠡᠵᠢᠩ ᠦᠪᠦᠷ ᠮᠣᠩᠭᠣᠯ ᠬᠠᠮᠵᠢᠯᠴᠠᠵᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠳᠤ ᠭᠠᠷ ᠬᠣᠯᠪᠤᠶ᠎ᠠ》ᠭᠡᠬᠦ ᠪᠡᠭᠡᠵᠢᠩ ᠦᠪᠦᠷ ᠮᠣᠩᠭᠣᠯ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢᠴᠢ ᠨᠡᠭᠦᠳᠡᠯ ᠰᠠᠭᠤᠷᠢᠰᠢᠯ ᠡᠷᠡᠭᠦᠯ ᠰᠣᠪᠢᠯᠠᠯᠲᠠ ᠵᠢᠨ ᠠᠵᠤ ᠦᠢ᠍ᠯᠡᠰ᠎ᠤᠨ ᠬᠠᠮᠵᠢᠯᠴᠠᠭ᠋ᠠᠨ᠎ᠤ ᠲᠠᠨᠢᠯᠴᠠᠭᠤᠯᠭ᠎ᠠ ᠵᠢᠨ ᠬᠤᠷᠠᠯ ᠪᠡᠭᠡᠵᠢᠩ ᠬᠤᠲᠠ᠎ᠳᠤ ᠠᠮᠵᠢᠯᠲᠠ᠎ᠲᠠᠢ ᠶᠠᠪᠤᠭᠳᠠᠪᠠ
ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠳᠠ ᠵᠢᠨ᠎ᠬᠢᠨ᠎ᠢ ᠬᠦᠳᠤᠯᠤᠨ ᠲᠠᠭ᠋ᠠᠭᠤᠯᠵᠤ ᠪᠠᠢ᠌ᠭ᠋ᠠᠳ 《ᠯᠧᠢ ᠹᠧᠩ》 ᠲᠡᠷᠭᠡᠨ᠎ᠤ ᠠᠩᠭᠢ ᠵᠢᠨ ᠰᠠᠢ᠌ᠨ ᠲᠤᠷᠠᠴᠤᠤᠯ᠎ᠤᠨ ᠨᠡᠢ᠌ᠭᠡᠮᠯᠢᠭ᠎ᠠᠴᠠ ᠰᠤᠷᠤᠯᠴᠠᠬᠤ ᠠᠵᠢᠯᠯᠠᠭ᠎ᠠ ᠥᠷᠨᠢᠭᠦᠯᠪᠡ
ᠶᠡᠭᠡ ᠡᠭᠡᠴᠢ
 
            