ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠦᠪᠡᠷᠲᠡᠭᠡᠨ ᠵᠠᠰᠠᠬᠤ ᠣᠷᠤᠨ᠎ᠤ ᠡᠷᠡᠭᠦᠯᠵᠢᠯ ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠎ᠬᠢᠨ ᠤᠯᠠᠭ᠋ᠠᠨᠴᠠᠪ ᠬᠣᠲᠠ ᠎ᠳᠤ 《ᠡᠷᠡᠭᠦᠯᠵᠢᠬᠦ᠎ᠳᠤ ᠲᠤᠰᠠᠯᠠᠬᠤ ᠢᠨᠵᠸᠨ᠋ᠸᠷᠢᠩ》᠎ᠤᠨ ᠰᠢᠭᠰᠢᠨ ᠪᠠᠢ᠌ᠴᠠᠭ᠋ᠠᠬᠤ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄ 2023-05-25

                 ᠨᠣᠮᠢᠨ     ᠴᠣᠯᠮᠣᠨ ᠮᠡᠳᠡᠭᠡᠯᠡᠪᠡ
            
   2023 ᠣᠨ᠎ᠤ 4 ᠳ᠋ᠣᠭᠡᠷ ᠰᠠᠷ᠎ᠠ ᠵᠢᠨ 10᠎ᠠᠴᠠ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ ᠤᠯᠠᠭ᠋ᠠᠨᠴᠠᠪ ᠬᠣᠲᠠ ᠵᠢᠨ ᠡᠯ᠎ᠡ ᠬᠤᠰᠢᠭᠤ ᠰᠢᠶᠠᠨ᠎ᠳᠤ ᠬᠦᠷᠴᠦ 《ᠡᠷᠡᠭᠦᠯᠵᠢᠬᠦ᠎ᠳᠤ ᠲᠤᠰᠠᠯᠠᠬᠤ ᠢᠨᠵᠸᠨ᠋ᠸᠷᠢᠩ》᠎ᠤᠨ ᠰᠢᠭᠰᠢᠨ ᠪᠠᠢ᠌ᠴᠠᠭ᠋ᠠᠬᠤ ᠠᠵᠢᠯ ᠦᠷᠨᠢᠭᠦᠯᠪᠡ᠂ ᠲᠣᠰ ᠤᠳᠠᠭ᠋ᠠᠨ᠎ᠤ ᠰᠢᠭᠰᠢᠨ ᠪᠠᠢ᠌ᠴᠠᠭ᠋ᠠᠬᠤ ᠠᠵᠢᠯ᠎ᠨᠢ ᠭᠣᠣᠯᠳᠠᠭᠤ ᠬᠢᠮᠡᠯ ᠮᠥᠴᠢ ᠲᠠᠭ᠋ᠠᠷᠠᠭᠤᠯᠬᠤ ᠬᠦᠮᠦᠰ᠂ ᠮᠡᠰᠡ ᠵᠠᠰᠠᠯ ᠬᠢᠬᠦ ᠬᠦᠮᠦᠰ ᠪᠣᠯᠣᠨ ᠬᠢᠮᠡᠯ ᠨᠢᠳᠦ ᠲᠠᠭ᠋ᠠᠷᠠᠭᠤᠯᠬᠤ ᠬᠦᠮᠦᠰ᠎ᠢ ᠳᠠᠩᠰᠠᠯᠠᠨ ᠪᠦᠷᠢᠳᠭᠡᠭᠰᠡᠨ ᠪᠠᠢ᠌ᠨ᠎ᠠ᠃
   4 ᠳ᠋ᠣᠭᠡᠷ ᠰᠠᠷ᠎ᠠ ᠵᠢᠨ 10᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ ᠲᠤᠬᠠᠢ ᠵᠢᠨ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠠᠵᠢᠯᠲᠠᠳ᠎ᠤᠨ ᠢᠳᠡᠪᠬᠢᠲᠠᠢ ᠳᠡᠮᠵᠢᠯᠭᠡ ᠳᠣᠣᠷ᠎ᠠ ᠨᠢᠭᠡ ᠭᠠᠷᠠᠭ᠎ᠤᠨ ᠠᠵᠢᠯ ᠵᠶ᠋ᠠᠨ ᠤᠷᠤᠭᠰᠢᠲᠠᠢ ᠡᠬᠢᠯᠡᠭᠦᠯᠪᠡ᠃ ᠠᠵᠢᠯᠯᠠᠭ᠋ᠠᠨ᠎ᠤ ᠲᠠᠯᠠᠪᠦᠷ᠎ᠲᠤ᠂ ᠬᠢᠮᠡᠯ ᠮᠥᠴᠢ ᠵᠢᠨ ᠮᠡᠷᠭᠡᠵᠢᠯᠲᠡᠳ᠎ᠠᠴᠠ ᠡᠪᠡᠳᠴᠢᠲᠡᠨ ᠪᠦᠷᠢ ᠵᠢᠨ ᠪᠡᠶ᠎ᠡ ᠵᠢᠨ ᠪᠠᠢ᠌ᠳᠠᠯ᠎ᠢ ᠨᠠᠷᠢᠨ ᠠᠰᠠᠭᠤᠵᠤ᠂ ᠵᠡᠮᠳᠡᠭ ᠮᠥᠴᠢ ᠵᠢᠨ ᠪᠠᠢ᠌ᠳᠠᠯ᠎ᠢ᠎ᠨᠢ ᠬᠢᠨᠠᠮᠠᠭ᠋ᠠᠢ ᠪᠠᠢ᠌ᠴᠠᠭ᠋ᠠᠵᠦ᠂ ᠢᠷᠡᠭᠰᠡᠨ ᠬᠦᠮᠦᠰ᠎ᠢ ᠨᠢᠭᠡᠳ ᠨᠢᠭᠡ᠎ᠪᠠᠷ ᠪᠦᠷᠢᠳᠭᠡᠨ ᠲᠡᠮᠲᠡᠭᠯᠡᠵᠦ᠂  ᠬᠡᠮᠵᠢᠯᠲᠡ ᠬᠢᠵᠦ᠂ ᠦᠯᠢᠭᠡᠷ ᠬᠡᠪ ᠠᠪᠴᠠᠢ᠃ ᠵᠠᠷᠢᠮ ᠡᠪᠡᠳᠴᠢᠲᠡᠨ᠎ᠨᠢ ᠦᠨᠡᠮᠯᠡᠯ ᠪᠣᠶᠣ ᠭᠡᠷᠡᠴᠢ ᠪᠢᠴᠢᠭ ᠵᠡᠷᠭᠡ᠎ᠨᠢ ᠳᠤᠲᠠᠭᠳᠠᠵᠤ ᠪᠦᠷᠢᠳᠭᠡᠨ ᠲᠡᠮᠲᠡᠭᠯᠡᠵᠦ ᠳᠡᠢ᠌ᠯᠬᠦ ᠦᠭᠡᠢ ᠪᠠᠢ᠌ᠪᠠᠯ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ ᠴᠠᠭ ᠲᠤᠬᠠᠢ᠎ᠳᠤ᠎ᠨᠢ ᠲᠤᠬᠠᠢ ᠵᠢᠨ ᠭᠠᠵᠠᠷ᠎ᠤᠨ  ᠠᠵᠢᠯᠲᠠᠳ᠎ᠲᠠᠢ ᠢᠳᠡᠪᠬᠢᠲᠠᠢ ᠬᠠᠷᠢᠴᠠᠵᠦ᠂ ᠠᠰᠠᠭᠤᠳᠠᠯ᠎ᠢ ᠰᠢᠢ᠍ᠳᠪᠦᠷᠢᠯᠡᠭᠡᠳ ᠡᠭᠦᠷᠭᠡ᠎ᠪᠠᠨ ᠪᠡᠶᠡᠯᠡᠭᠦᠯᠦᠭᠰᠡᠨ ᠪᠠᠢ᠌ᠨ᠎ᠠ᠃
   ᠲᠣᠰ ᠤᠳᠠᠭ᠋ᠠᠨ᠎ᠤ ᠠᠵᠢᠯ᠎ᠨᠢ ᠨᠡᠢ᠌ᠲᠡ 138 ᠬᠦᠮᠦᠨ᠎ᠢ ᠰᠢᠭᠰᠢᠨ ᠪᠠᠢ᠌ᠴᠠᠭ᠋ᠠᠵᠦ᠂ ᠨᠦᠬᠦᠴᠡᠯ᠎ᠳᠤ ᠨᠡᠢ᠌ᠴᠡᠬᠦ᠎ᠨᠢ 75 ᠬᠦᠮᠦᠨ (ᠮᠡᠰᠡ ᠵᠠᠰᠠᠯ ᠬᠢᠬᠦ᠎ᠨᠢ 9 ᠬᠦᠮᠦᠨ᠂ ᠬᠢᠮᠡᠯ ᠮᠥᠴᠢ ᠲᠠᠭ᠋ᠠᠷᠠᠭᠤᠯᠬᠤ᠎ᠨᠢ 66 ᠬᠦᠮᠦᠨ)  ᠪᠠᠢ᠌ᠨ᠎ᠠ᠃

         ᠮᠡᠳᠡᠭᠡᠯᠡᠭᠴᠢ ᠵᠢᠨ ᠬᠠᠶᠢᠭ᠄ ᠬᠥᠬᠡᠬᠣᠲᠠ ᠵᠢᠨ ᠰᠠᠢ᠌ᠬᠠᠨ ᠲᠤᠭᠤᠷᠢᠭ


ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ
          
ᠬᠠᠮᠢᠶ᠎ᠡ ᠪᠦᠬᠦᠢ ᠰᠣᠨᠢᠨ
ᠱᠠᠨ ᠰᠢ ᠮᠤᠵᠢ ᠪᠤᠯᠤᠨ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠵᠠᠭ᠋ᠠᠭ ᠱᠤᠭᠤᠮ᠎ᠤᠨ ᠲᠠᠪᠤᠳᠤᠭ᠋ᠠᠷ ᠡᠭᠡᠯᠵᠢ ᠵᠢᠨ ᠬᠠᠮᠲᠤᠷᠠᠨ ᠪᠠᠢ᠌ᠴᠠᠭ᠋ᠠᠬᠤ ᠠᠵᠢᠯ ᠎ᠢ ᠪᠠᠢ᠌ᠷᠢᠯᠠᠭᠤᠯᠬᠤ ᠬᠤᠷᠠᠯ ᠬᠦᠬᠡᠬᠤᠲᠠ᠎ᠳᠤ ᠬᠤᠷᠠᠯᠳᠤᠪᠠ
ᠢᠨᠢᠶᠡᠮᠰᠦᠭᠯᠡᠵᠤ ᠶᠠᠪᠤᠶ᠎ᠠ᠂ ᠶᠢᠷᠳᠢᠨᠴᠦ ᠪᠠᠶᠠᠰᠤᠭ
ᠡᠴᠢᠭᠡ᠄ ᠤᠯᠠᠮᠵᠢᠯᠠᠯ᠂ ᠲᠦᠪᠡᠭᠳᠡᠯ᠂ ᠪᠠᠷᠢᠮᠵᠢᠶ᠎ᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠳᠤ ᠰᠢᠯᠢ ᠵᠢᠨ ᠭᠣᠣᠯ ᠠᠢ᠌ᠮᠠᠭ᠂ ᠣᠷᠳᠣᠰ ᠬᠤᠳᠠ᠂ ᠦᠬᠠᠢ ᠬᠤᠳᠠ᠎ᠳᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠡᠷᠭᠡ ᠠᠵᠢᠯ᠎ᠢ ᠪᠠᠢ᠌ᠴᠠᠭ᠋ᠠᠨ ᠰᠤᠳᠤᠯᠪᠠ
ᠵᠡᠮᠳᠡᠭᠴᠦᠳ᠎ᠤᠨ ᠬᠣᠶᠠᠷ ᠨᠥᠬᠥᠪᠦᠷᠢ ᠵᠢᠨ ᠭᠤᠶᠤᠴᠢᠯᠠᠯ᠎ᠢ ᠨᠢᠬᠡ ᠯᠨ ᠤᠳᠠᠭ᠎ᠠ᠎ᠳᠤ ᠬᠦᠢ᠍ᠴᠡᠳᠬᠡᠬᠦ ᠪᠤᠯᠤᠯ᠎ᠠ
 
            