ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠱᠠᠨ ᠰᠢ ᠮᠤᠵᠢ ᠪᠤᠯᠤᠨ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠵᠠᠭ᠋ᠠᠭ ᠱᠤᠭᠤᠮ᠎ᠤᠨ ᠲᠠᠪᠤᠳᠤᠭ᠋ᠠᠷ ᠡᠭᠡᠯᠵᠢ ᠵᠢᠨ ᠬᠠᠮᠲᠤᠷᠠᠨ ᠪᠠᠢ᠌ᠴᠠᠭ᠋ᠠᠬᠤ ᠠᠵᠢᠯ ᠎ᠢ ᠪᠠᠢ᠌ᠷᠢᠯᠠᠭᠤᠯᠬᠤ ᠬᠤᠷᠠᠯ ᠬᠦᠬᠡᠬᠤᠲᠠ᠎ᠳᠤ ᠬᠤᠷᠠᠯᠳᠤᠪᠠ
ᠨᠡᠶᠢᠲᠡᠯᠡᠭᠰᠡᠨ ᠴᠠᠭ᠄ 2023-05-25

 


                                ᠤᠷᠢᠬᠠᠨ  ᠮᠡᠳᠡᠭᠡᠯᠡᠪᠡ
    4 ᠳ᠋ᠤᠭᠡᠷ ᠰᠠᠷ᠎ᠠ ᠵᠢᠨ 13᠎ᠤ ᠡᠳᠦᠷ᠂ ᠱᠠᠨ ᠰᠢ ᠮᠣᠵᠢ ᠪᠤᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ᠎ᠤ ᠵᠠᠭ᠋ᠠᠭ ᠱᠤᠭᠤᠮ᠎ᠤᠨ ᠲᠠᠪᠤᠳᠤᠭ᠋ᠠᠷ ᠡᠭᠡᠯᠵᠢ ᠵᠢᠨ ᠬᠠᠮᠲᠤᠷᠠᠨ ᠪᠠᠢ᠌ᠴᠠᠭ᠋ᠠᠬᠤ ᠠᠵᠢᠯ ᠎ᠢ ᠪᠠᠢ᠌ᠷᠢᠯᠠᠭᠤᠯᠬᠤ ᠬᠤᠷᠠᠯ ᠬᠥᠬᠡᠬᠣᠲᠠ᠎ᠳᠤ ᠬᠤᠷᠠᠯᠳᠤᠪᠠ᠃ ᠱᠠᠨ ᠰᠢ ᠮᠤᠵᠢ ᠵᠢᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ  ᠳᠡᠳ᠋  ᠳᠠᠷᠤᠭ᠎ᠠ ᠵᠢᠦᠢ ᠯᠢ ᠮᠧᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂  ᠲᠢᠩᠬᠢᠮ᠎ᠤᠨ ᠳᠡᠳ᠋ ᠳᠠᠷᠤᠭ᠎ᠠ ᠴᠣᠭ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠶᠠᠩ ᠶᠦᠩ ᠬᠤᠷᠠᠯ᠎ᠳᠤ ᠣᠷᠤᠯᠴᠠᠪᠠ᠃
ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠠᠮᠲᠤᠷᠠᠨ ᠪᠠᠢ᠌ᠴᠠᠭ᠋ᠠᠬᠤ ᠪᠣᠯ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ ᠣᠯᠭᠣᠭᠰᠠᠨ ᠴᠢᠬᠤᠯᠠ ᠡᠭᠦᠷᠭᠡ ᠬᠠᠷᠢᠭᠤᠴᠠᠯᠭ᠎ᠠ ᠮᠥᠨ᠂ ᠵᠠᠭ᠋ᠠᠭ ᠱᠤᠭᠤᠮ᠎ᠢ ᠬᠠᠮᠲᠤᠷᠠᠨ ᠪᠠᠢ᠌ᠴᠠᠭ᠋ᠠᠬᠤ ᠬᠠᠮᠢᠶᠠᠷᠤᠯᠲᠠ ᠵᠢᠨ ᠠᠵᠢᠯ᠎ᠤᠨ ᠴᠢᠬᠤᠯᠠ ᠳᠦᠷᠢᠮ᠎ᠤᠨ ᠲᠣᠬᠢᠷᠠᠭᠤᠯᠤᠯᠲᠠ ᠮᠥᠨ᠂ ᠡᠯ᠎ᠡ ᠱᠠᠲᠤᠨ᠎ᠤ ᠵᠠᠰᠠᠭ᠎ᠤᠨ ᠣᠷᠳᠣᠨ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠵᠠᠭ᠋ᠠᠭ ᠱᠤᠭᠤᠮ᠎ᠢ ᠬᠠᠮᠲᠤᠷᠠᠨ ᠪᠠᠢ᠌ᠴᠠᠭ᠋ᠠᠬᠤ ᠠᠵᠢᠯ᠎ᠢ ᠵᠠᠭ᠋ᠠᠭ ᠱᠤᠭᠤᠮ᠎ᠤᠨ ᠬᠠᠮᠢᠶᠠᠷᠤᠯᠲᠠ ᠵᠢ ᠴᠢᠩᠭ᠋ᠠᠳᠬᠠᠬᠤ ᠵᠢᠨ ᠴᠢᠬᠤᠯᠠ  ᠭᠠᠷᠳᠠᠴᠠ ᠪᠣᠯᠭ᠋ᠠᠵᠤ᠂ ᠡᠯ᠎ᠡ ᠵᠦᠢ᠍ᠯ᠎ᠤᠨ ᠠᠵᠢᠯ ᠵᠶ᠋ᠠᠨ ᠦᠨᠡᠨ ᠬᠦ᠌ ᠨᠠᠷᠢᠯᠢᠭ  ᠪᠣᠳᠠᠲᠠᠢ᠎ᠪᠠᠷ ᠬᠢᠬᠦ ᠬᠡᠷᠡᠭᠲᠡᠢ ᠭᠡᠵᠦ ᠬᠤᠷᠠᠯ᠎ᠠᠴᠠ ᠵᠢᠭ᠋ᠠᠵᠤ ᠭᠠᠷᠭ᠋ᠠᠪᠠ᠃
     ᠬᠤᠷᠠᠯ᠎ᠠᠴᠠ ᠴᠢᠬᠤᠯᠠᠴᠢᠯᠠᠭᠰᠠᠨ᠎ᠨᠢ᠂ ᠱᠠᠨ ᠰᠢ ᠮᠣᠵᠢ ᠪᠤᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ᠎ᠤ ᠬᠥᠷᠰᠢ ᠵᠡᠷᠭᠡᠯᠡᠳᠡᠭᠡ ᠬᠣᠲᠠ (ᠬᠣᠰᠢᠭᠤ ᠰᠢᠶᠠᠨ᠂ ᠲᠣᠭᠣᠷᠢᠭ) ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠰᠢᠨ᠎ᠡ ᠪᠠᠢ᠌ᠳᠠᠯ᠎ᠤᠨ ᠳᠣᠣᠷ᠎ᠠ ᠵᠠᠭ᠋ᠠᠭ ᠱᠤᠭᠤᠮ᠎ᠤᠨ ᠬᠠᠮᠢᠶᠠᠷᠤᠯᠲᠠ ᠵᠢᠨ ᠠᠵᠢᠯ᠎ᠢ ᠰᠠᠢ᠌ᠲᠤᠷ ᠬᠢᠬᠦ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠬᠠᠷᠢᠭᠤᠴᠠᠯᠭ᠋ᠠᠲᠤ ᠤᠬᠠᠮᠰᠠᠷ ᠵᠶ᠋ᠠᠨ ᠴᠢᠩᠭ᠋ᠠᠳᠬᠠᠵᠤ᠂ ᠠᠷᠠᠳ ᠲᠦᠮᠡᠨ᠎ᠢ ᠳᠡᠭᠡᠳᠦᠯᠡᠬᠦ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠵᠠᠭ᠋ᠠᠭ ᠱᠤᠭᠤᠮ᠎ᠤᠨ ᠣᠷᠣᠨ᠎ᠤ ᠠᠷᠠᠳ ᠤᠯᠠᠨ᠎ᠤ ᠦᠨᠳᠦᠰᠦᠨ ᠠᠰᠢᠭ ᠲᠤᠰᠠ ᠵᠢ ᠰᠠᠢ᠌ᠲᠤᠷ ᠬᠠᠮᠠᠭ᠋ᠠᠯᠠᠬᠤ᠂ ᠰᠠᠢ᠌ᠲᠤᠷ ᠪᠡᠶᠡᠯᠡᠭᠦᠯᠬᠦ᠂ ᠰᠠᠢ᠌ᠲᠤᠷ ᠬᠥᠭᠵᠢᠭᠦᠯᠬᠦ ᠵᠢ ᠵᠠᠭ᠋ᠠᠭ ᠱᠤᠭᠤᠮ᠎ᠤᠨ ᠬᠠᠮᠢᠶᠠᠷᠤᠯᠲᠠ ᠵᠢᠨ ᠠᠵᠢᠯ᠎ᠤᠨ ᠭᠠᠷᠳᠠᠴᠠ ᠪᠠ ᠵᠣᠭᠰᠤᠴᠠ ᠪᠣᠯᠭ᠋ᠠᠵᠤ᠂ ᠲᠤᠬᠠᠢ ᠵᠢᠨ ᠭᠠᠵᠠᠷ᠎ᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠣᠷ᠎ᠠ᠂ ᠵᠠᠭ᠋ᠠᠭ ᠱᠤᠭᠤᠮ᠎ᠢ ᠬᠠᠮᠲᠤᠷᠠᠨ ᠪᠠᠢ᠌ᠴᠠᠭ᠋ᠠᠬᠤ ᠪᠠ ᠠᠮᠤᠷ ᠠᠮᠤᠭᠤᠯᠠᠩ ᠵᠠᠭ᠋ᠠᠭ ᠱᠤᠭᠤᠮ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ ᠬᠡᠷᠡᠭᠲᠡᠢ᠃
     ᠬᠤᠷᠠᠯ᠎ᠠᠴᠠ ᠱᠠᠭ᠋ᠠᠷᠳᠠᠭᠰᠠᠨ᠎ᠨᠢ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠪᠠᠷᠢᠮᠵᠢᠶ᠎ᠠ᠎ᠪᠠᠨ ᠴᠢᠩᠳᠠᠯᠠᠵᠤ᠂ ᠨᠠᠷᠢᠨ ᠨᠢᠮᠪᠠᠢ ᠵᠣᠬᠢᠶᠠᠨ ᠪᠠᠢ᠌ᠭᠤᠯᠵᠤ᠂ ᠢᠳᠡᠪᠬᠢᠲᠡᠢ᠎ᠪᠠᠷ ᠲᠦᠯᠬᠢᠨ ᠠᠬᠢᠭᠤᠯᠵᠤ᠂ ᠬᠠᠤᠯᠢ ᠲᠣᠭᠲᠠᠭ᠋ᠠᠯ ᠶᠣᠰᠣᠭ᠋ᠠᠷ ᠠᠵᠢᠯ ᠵᠶ᠋ᠠᠨ ᠥᠷᠨᠢᠭᠦᠯᠵᠦ᠂ ᠠᠵᠢᠯ᠎ᠤᠨ ᠬᠤᠪᠢᠶᠠᠷᠢᠯᠠᠯ᠎ᠨᠢ ᠲᠣᠳᠣᠷᠬᠠᠢ᠂ ᠠᠷᠭ᠎ᠠ ᠬᠡᠮᠵᠢᠶ᠎ᠡ᠎ᠨᠢ ᠬᠦᠴᠦᠲᠡᠢ᠂ ᠪᠠᠢ᠌ᠴᠠᠭ᠋ᠠᠯᠲᠠ᠎ᠨᠢ ᠪᠣᠳᠠᠲᠠᠢ᠂ ᠮᠠᠲ᠋ᠧᠷᠢᠶᠠᠯ᠎ᠨᠢ ᠪᠦᠷᠢᠨ ᠭᠦᠢ᠍ᠴᠡᠳ᠂ ᠶᠠᠰᠤ ᠴᠢᠨᠠᠷ᠎ᠨᠢ ᠲᠡᠷᠢᠭᠦᠨ ᠵᠡᠷᠭᠡ ᠵᠢᠨ ᠪᠠᠢ᠌ᠬᠤ ᠬᠡᠷᠡᠭᠲᠡᠢ᠃ ᠨᠡᠪᠲᠡᠷᠡᠯᠴᠡᠨ ᠵᠥᠪᠳᠡᠯᠴᠡᠬᠦ᠎ᠪᠠᠨ ᠴᠢᠩᠭ᠋ᠠᠳᠬᠠᠵᠤ᠂ ᠤᠬᠠᠭᠤᠯᠬᠤ ᠡᠷᠴᠢᠮ ᠵᠶ᠋ᠡᠨ ᠴᠢᠩᠭ᠋ᠠᠷᠠᠭᠤᠯᠤᠨ᠂ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢᠨ ᠮᠡᠳᠡᠯᠭᠡ ᠲᠦᠭᠡᠮᠡᠯᠵᠢᠭᠦᠯᠬᠦ ᠵᠢ ᠴᠢᠩᠭ᠋ᠠᠳᠬᠠᠵᠤ᠂ ᠬᠠᠮᠲᠤᠷᠠᠨ ᠪᠠᠢ᠌ᠴᠠᠭ᠋ᠠᠬᠤ ᠠᠵᠢᠯ᠎ᠤᠨ ᠦᠷ᠎ᠡ ᠪᠦᠲᠦᠭᠡᠯ ᠵᠶ᠋ᠡᠨ ᠲᠠᠰᠤᠷᠠᠯᠲᠠ ᠦᠭᠡᠢ ᠪᠡᠬᠢᠵᠢᠭᠦᠯᠦᠨ ᠭᠦᠨᠵᠡᠭᠡᠢ᠌ᠷᠡᠭᠦᠯᠵᠦ᠂ ᠱᠠᠨ ᠰᠢ ᠮᠣᠵᠢ ᠪᠤᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠠᠬᠢᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠬᠦ ᠬᠡᠷᠡᠭᠲᠡᠢ ᠭᠡᠪᠡ᠃
     ᠬᠤᠷᠠᠯ ᠳᠡᠭᠡᠷ᠎ᠡ᠂ ᠱᠠᠨ ᠰᠢ ᠮᠤᠵᠢ ᠵᠢᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠸᠠᠩ ᠸᠧᠢ ᠳ᠋ᠦᠩ᠎ᠠᠴᠠ 《ᠱᠠᠨ ᠰᠢ ᠪᠤᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ᠎ᠤ ᠵᠠᠭ᠋ᠠᠭ ᠱᠤᠭᠤᠮ᠎ᠤᠨ ᠲᠠᠪᠤᠳᠤᠭ᠋ᠠᠷ ᠡᠭᠡᠯᠵᠢ ᠵᠢᠨ ᠬᠠᠮᠲᠤᠷᠠᠨ ᠪᠠᠢ᠌ᠴᠠᠭ᠋ᠠᠬᠤ ᠠᠵᠢᠯ᠎ᠤᠨ ᠬᠡᠷᠡᠭᠵᠢᠭᠦᠯᠬᠦ ᠲᠥᠰᠥᠯ》᠎ᠢ ᠵᠠᠷᠯᠠᠨ ᠤᠩᠰᠢᠪᠠ᠃ ᠱᠠᠨ ᠰᠢ ᠮᠣᠵᠢ ᠪᠤᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠵᠢᠴᠢ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ᠎ᠤᠨ ᠭᠠᠵᠠᠷ ᠣᠷᠣᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ᠂ ᠵᠠᠭ᠋ᠠᠭ ᠱᠤᠭᠤᠮ᠎ᠤᠨ ᠬᠠᠮᠢᠶᠠᠷᠤᠯᠲᠠ ᠵᠢᠨ ᠠᠵᠢᠯᠲᠠᠳ ᠬᠤᠷᠠᠯ᠎ᠳᠤ ᠣᠷᠣᠯᠴᠠᠪᠠ᠃

     ᠮᠡᠳᠡᠭᠡᠯᠡᠭᠴᠢ ᠵᠢᠨ ᠬᠠᠶᠢᠭ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠣᠷᠣᠨ ᠬᠣᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠭᠠᠵᠠᠷ 

 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮᠮ》 ᠰᠡᠳᠬᠦᠯ
          
ᠬᠠᠮᠢᠶ᠎ᠡ ᠪᠦᠬᠦᠢ ᠰᠣᠨᠢᠨ
ᠢᠨᠢᠶᠡᠮᠰᠦᠭᠯᠡᠵᠤ ᠶᠠᠪᠤᠶ᠎ᠠ᠂ ᠶᠢᠷᠳᠢᠨᠴᠦ ᠪᠠᠶᠠᠰᠤᠭ
ᠡᠴᠢᠭᠡ᠄ ᠤᠯᠠᠮᠵᠢᠯᠠᠯ᠂ ᠲᠦᠪᠡᠭᠳᠡᠯ᠂ ᠪᠠᠷᠢᠮᠵᠢᠶ᠎ᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠳᠤ ᠰᠢᠯᠢ ᠵᠢᠨ ᠭᠣᠣᠯ ᠠᠢ᠌ᠮᠠᠭ᠂ ᠣᠷᠳᠣᠰ ᠬᠤᠳᠠ᠂ ᠦᠬᠠᠢ ᠬᠤᠳᠠ᠎ᠳᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠡᠷᠭᠡ ᠠᠵᠢᠯ᠎ᠢ ᠪᠠᠢ᠌ᠴᠠᠭ᠋ᠠᠨ ᠰᠤᠳᠤᠯᠪᠠ
ᠵᠡᠮᠳᠡᠭᠴᠦᠳ᠎ᠤᠨ ᠬᠣᠶᠠᠷ ᠨᠥᠬᠥᠪᠦᠷᠢ ᠵᠢᠨ ᠭᠤᠶᠤᠴᠢᠯᠠᠯ᠎ᠢ ᠨᠢᠬᠡ ᠯᠨ ᠤᠳᠠᠭ᠎ᠠ᠎ᠳᠤ ᠬᠦᠢ᠍ᠴᠡᠳᠬᠡᠬᠦ ᠪᠤᠯᠤᠯ᠎ᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠤᠳᠤᠷᠢᠳᠤᠯᠭ᠎ᠠ ᠳᠤᠭᠤᠢ᠌ᠯᠠᠩ ᠳᠠᠭ᠋ᠠᠭᠤᠯᠤᠨ ᠵᠡᠭᠦᠨᠭ᠋ᠠᠷ ᠬᠣᠰᠢᠭᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠢ ᠪᠠᠢ᠌ᠴᠠᠭ᠋ᠠᠨ ᠰᠤᠳᠤᠯᠪᠠ
 
            