ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠳᠤ ᠰᠢᠯᠢ ᠵᠢᠨ ᠭᠣᠣᠯ ᠠᠢ᠌ᠮᠠᠭ᠂ ᠣᠷᠳᠣᠰ ᠬᠤᠳᠠ᠂ ᠦᠬᠠᠢ ᠬᠤᠳᠠ᠎ᠳᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠡᠷᠭᠡ ᠠᠵᠢᠯ᠎ᠢ ᠪᠠᠢ᠌ᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2023-05-25


                                                ᠸᠠᠩ ᠲᠢᠶᠠᠨ ᠵᠢᠶᠦ᠋ᠨ ᠮᠡᠳᠡᠬᠡᠯᠡᠪᠡ
                                                ᠰᠡᠴᠡᠨ ᠤᠷᠴᠢᠭᠤᠯᠪᠠ
     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠳᠤ 4 ᠳ᠋ᠤᠬᠡᠷ ᠰᠠᠷ᠎ᠠ ᠵᠢᠨ 20᠎ᠠᠴᠠ 25᠎ᠤ ᠡᠳᠦᠷ ᠪᠣᠯᠲᠠᠯ᠎ᠠ ᠰᠢᠯᠢ ᠵᠢᠨ ᠭᠣᠣᠯ ᠠᠢ᠌ᠮᠠᠭ᠂ ᠣᠷᠳᠣᠰ ᠬᠣᠲᠠ᠂ ᠦᠬᠠᠢ ᠬᠣᠲᠠ ᠵᠢᠨ 10 ᠬᠣᠰᠢᠭᠤ ᠬᠣᠲᠠ ᠲᠣᠭᠣᠷᠢᠭ᠎ᠲᠤ ᠭᠦᠨᠵᠡᠭᠡᠢ᠌ᠷᠡᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠡᠷᠭᠡ ᠠᠵᠢᠯ᠎ᠢ ᠪᠠᠢ᠌ᠴᠠᠭ᠋ᠠᠨ  ᠰᠤᠳᠤᠯᠪᠠ᠃
     ᠰᠢᠯᠢ ᠵᠢᠨ ᠭᠣᠣᠯ ᠠᠢ᠌ᠮᠠᠭ᠎ᠤᠨ ᠰᠥᠨᠢᠳ ᠪᠠᠷᠠᠭᠤᠨ ᠬᠣᠰᠢᠭᠤᠨ᠎ᠤ ᠵᠢᠷᠭ᠋ᠠᠯ ᠶᠡᠷᠦᠩᠬᠡᠢ᠌ᠯᠡᠭᠰᠡᠨ ᠨᠠᠰᠤᠵᠢᠯ᠎ᠤᠨ ᠠᠰᠠᠷᠠᠮᠵᠢ ᠵᠢᠨ ᠬᠦᠷᠢᠶᠡᠯᠡᠩ᠂ ᠰᠥᠨᠢᠳ ᠵᠡᠭᠦᠨ ᠬᠣᠰᠢᠭᠤᠨ᠎ᠤ ᠰᠢᠨ᠎ᠡ᠎ᠪᠠᠷ ᠪᠠᠢ᠌ᠭᠤᠯᠤᠭᠰᠠᠨ ᠮᠠᠯᠵᠢᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠂ ᠠᠪᠠᠭ᠎ᠠ ᠬᠣᠰᠢᠭᠤᠨ᠎ᠤ ᠬᠠᠯᠠᠮᠵᠢ ᠨᠠᠰᠤᠵᠢᠯ᠎ᠤᠨ ᠠᠰᠠᠷᠠᠮᠵᠢ ᠵᠢᠨ ᠬᠦᠷᠢᠶᠡᠯᠡᠩ᠂ ᠰᠢᠯᠢᠩᠬᠣᠲᠠ ᠵᠢᠨ ᠰᠢᠨ᠎ᠡ ᠲᠣᠭᠣᠷᠢᠭ᠎ᠤᠨ ᠰᠤᠪᠢᠯᠠᠯᠲᠠ ᠵᠢᠨ ᠬᠦᠷᠢᠶᠡᠯᠡᠩ᠂ ᠢ ᠾᠧ ᠶᠤᠸᠠᠨ ᠤᠯᠠᠨ ᠤᠯᠤᠰ᠎ᠤᠨ ᠨᠠᠰᠤᠵᠢᠯ᠎ᠤᠨ ᠠᠰᠠᠷᠠᠮᠵᠢ ᠵᠢᠨ ᠲᠥᠪ ᠵᠡᠷᠭᠡ ᠭᠠᠵᠠᠷ᠎ᠲᠤ ᠳᠡᠳ᠋ ᠲᠡᠷᠢᠭᠦᠯᠡᠭᠴᠢ ᠴᠢ ᠪᠠᠲᠤ ᠮᠠᠯᠵᠢᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠵᠠᠭᠪᠤᠷ᠂ ᠨᠠᠰᠤᠵᠢᠯ᠎ᠤᠨ ᠠᠰᠠᠷᠠᠮᠵᠢ ᠵᠢᠨ ᠬᠦᠷᠢᠶᠡᠯᠡᠩ᠎ᠤᠨ ᠡᠵᠡᠩᠨᠡᠯᠲᠡ ᠵᠢᠨ ᠪᠠᠢ᠌ᠳᠠᠯ᠂ ᠡᠳᠦᠷ ᠲᠤᠳᠤᠮ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠪᠠ ᠬᠣᠯᠪᠣᠭᠳᠠᠯ ᠪᠦᠬᠦᠢ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠨᠢᠮᠪᠠᠢ ᠠᠰᠠᠭᠤᠨ ᠣᠢ᠌ᠯᠠᠭ᠋ᠠᠵᠤ᠂  ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠮᠢᠶᠠᠷᠤᠯᠲᠠ᠂ ᠨᠠᠰᠤᠵᠢᠯᠲᠠ ᠵᠢᠨ ᠥᠭᠡᠷᠡᠴᠢᠯᠡᠯᠲᠡ ᠵᠢᠨ ᠬᠡᠷᠡᠭᠯᠡᠯᠲᠡ ᠵᠡᠷᠭᠡ ᠠᠵᠢᠯ᠎ᠢ ᠲᠣᠭᠣᠷᠢᠨ ᠦᠵᠡᠪᠡ᠃
     ᠣᠷᠳᠣᠰ ᠬᠣᠲᠠ ᠵᠢᠨ ᠵᠡᠭᠦᠨᠭ᠋ᠠᠷ ᠬᠣᠰᠢᠭᠤᠨ᠎ᠤ ᠨᠥᠬᠥᠷᠯᠡᠯ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠂ ᠯᠠᠨ ᠲᠢᠶᠠᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠲᠢᠶᠧ ᠪᠧᠢ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠦᠷᠳᠡᠬᠡ᠂ ᠳ᠋ᠦᠩᠱ᠌ᠧᠩ ᠲᠣᠭᠣᠷᠢᠭ᠎ᠤᠨ ᠵᠦᠡᠭ ᠬᠤᠸᠨ ᠴᠢᠡᠭ ᠡᠮᠴᠢᠯᠡᠭᠡ ᠰᠤᠪᠢᠯᠠᠯᠲᠠ ᠵᠢᠨ ᠬᠦᠷᠢᠶᠡᠯᠡᠩ᠂ ᠣᠲᠣᠭ ᠬᠣᠰᠢᠭᠤᠨ᠎ᠤ ᠦᠮᠡᠬᠡᠢ᠌ᠨᠠᠭᠤᠷ  ᠪᠠᠯᠭ᠋ᠠᠰᠤ ᠵᠢᠨ ᠯᠦᠩ ᠴᠧᠩ ᠨᠡᠢ᠌ᠭᠡᠮ ᠲᠣᠭᠣᠷᠢᠭ᠂ ᠤᠯᠠᠭ᠋ᠠᠨ ᠪᠠᠯᠭ᠋ᠠᠰᠤ ᠵᠢᠨ ᠵᠧᠩ ᠾᠧ ᠶᠤᠸᠠᠨ ᠨᠡᠢ᠌ᠭᠡᠮ ᠲᠣᠭᠣᠷᠢᠭ᠎ᠤᠨ ᠭᠡᠷ᠎ᠲᠤ᠎ᠨᠢ ᠬᠦᠷᠴᠤ ᠠᠰᠠᠷᠠᠬᠤ ᠨᠡᠢ᠌ᠬᠡᠮ ᠲᠤᠭᠤᠷᠢᠭ᠎ᠤᠨ ᠦᠢ᠍ᠯᠡᠴᠢᠯᠡᠭᠡᠨ᠎ᠤ ᠥᠷᠲᠡᠭᠡ ᠵᠡᠷᠭᠡ ᠭᠠᠵᠠᠷ᠎ᠲᠤ ᠳᠡᠳ᠋ ᠲᠡᠷᠢᠭᠦᠯᠡᠭᠴᠢ ᠴᠢ ᠪᠠᠳᠤ ᠨᠠᠰᠤᠲᠠᠢ᠌ᠴᠤᠳ᠎ᠤᠨ ᠬᠣᠭᠣᠯᠠᠨ ᠭᠡᠷ᠎ᠤᠨ ᠡᠵᠡᠩᠨᠡᠯᠲᠡ᠂ 《ᠨᠢᠭᠡ ᠮᠥᠴᠡ ᠲᠤᠳᠤᠷᠠᠬᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠭᠣᠷᠢᠭ》᠎ᠢ ᠪᠠᠢ᠌ᠭᠤᠯᠵᠤ ᠪᠠᠢ᠌ᠭ᠎ᠠ ᠪᠠᠢ᠌ᠳᠠᠯ᠎ᠢ ᠨᠠᠷᠢᠨ ᠣᠢ᠌ᠯᠠᠭ᠋ᠠᠵᠤ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠡᠵᠡᠩᠨᠡᠯᠲᠡ ᠬᠠᠮᠢᠶᠠᠷᠤᠯᠲᠠ᠂ ᠡᠮᠴᠢᠯᠡᠭᠡ ᠰᠤᠪᠢᠯᠠᠯᠲᠠ ᠵᠢ ᠠᠭᠤᠰᠤᠯᠴᠠᠭᠤᠯᠤᠨ ᠬᠥᠭᠵᠢᠭᠦᠯᠬᠦ᠂ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠥᠷᠨᠢᠭᠦᠯᠵᠦ ᠪᠠᠢ᠌ᠭ᠎ᠠ ᠵᠡᠷᠭᠡ ᠪᠠᠢ᠌ᠳᠠᠯ᠎ᠢ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠨ ᠰᠤᠳᠤᠯᠪᠠ᠃
     ᠦᠬᠠᠢ ᠬᠣᠲᠠ ᠵᠢᠨ ᠬᠠᠢ᠌ᠨᠠᠨ ᠲᠣᠭᠣᠷᠢᠭ᠎ᠤᠨ ᠰᠢᠨ ᠴᠢᠶᠣᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ᠂ ᠷᠠᠰᠠᠡᠭ ᠵᠦᠡᠭ  ᠵᠡᠭᠡᠯᠢ ᠵᠢᠨ ᠬᠡᠷᠡᠭ ᠡᠷᠬᠢᠯᠡᠬᠦ ᠭᠠᠵᠠᠷ᠎ᠤᠨ ᠨᠠᠰᠤᠵᠢᠯ᠎ᠤᠨ ᠠᠰᠠᠷᠠᠮᠵᠢ ᠵᠢᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠪ᠂ ᠦᠬᠠᠢ ᠬᠣᠲᠠ ᠵᠢᠨ ᠣᠶᠤᠨᠲᠤ ᠨᠠᠰᠤᠵᠢᠯ᠎ᠤᠨ ᠠᠰᠠᠷᠠᠮᠵᠢ ᠵᠢᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠥᠪ᠂ ᠬᠠᠢ᠌ᠷᠤᠪ᠎ᠤᠨ ᠲᠣᠬᠣᠢ ᠲᠣᠭᠣᠷᠢᠭ᠎ᠤᠨ ᠬᠠᠢ᠍ᠢ᠍ᠪᠸᠢ ᠵᠡᠭᠡᠯᠢ ᠵᠢᠨ ᠬᠡᠷᠡᠭ ᠡᠷᠬᠢᠯᠡᠬᠦ ᠭᠠᠵᠠᠷ᠎ᠤᠨ ᠱ᠌ᠢ ᠴᠧᠩ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ᠂ ᠢ ᠾᠧ ᠬᠡᠷ᠎ᠲᠤ᠎ᠨᠢ ᠬᠦᠷᠴᠤ ᠠᠰᠠᠷᠠᠬᠤ ᠨᠠᠰᠤᠵᠢᠯ᠎ᠤᠨ ᠠᠰᠠᠷᠠᠮᠵᠢ ᠵᠢᠨ ᠲᠦᠪ᠎ᠲᠤ ᠳᠡᠳ᠋ ᠲᠡᠷᠢᠭᠦᠯᠡᠭᠴᠢ ᠴᠢ ᠪᠠᠳᠤ ᠬᠡᠷ᠎ᠲᠤ᠎ᠨᠢ ᠬᠦᠷᠴᠤ ᠠᠰᠠᠷᠠᠬᠤ ᠨᠡᠢ᠌ᠬᠡᠮ ᠲᠤᠭᠤᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ ᠵᠢᠨ ᠡᠵᠡᠩᠨᠡᠯᠲᠡ ᠪᠠ ᠨᠠᠰᠤᠲᠠᠢ᠌ᠴᠤᠳ᠎ᠤᠨ ᠬᠣᠭᠣᠯᠠᠨ ᠭᠡᠷ᠎ᠤᠨ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡ ᠵᠢ ᠥᠷᠨᠢᠭᠦᠯᠵᠦ ᠪᠠᠢ᠌ᠭ᠎ᠠ ᠪᠠᠢ᠌ᠳᠠᠯ᠎ᠢ ᠨᠠᠷᠢᠨ ᠣᠢ᠌ᠯᠠᠭ᠋ᠠᠵᠤ᠂ ᠣᠶᠤᠨᠲᠤ ᠨᠠᠰᠤᠵᠢᠯ᠎ᠤᠨ ᠠᠰᠠᠷᠠᠮᠵᠢ ᠵᠢᠨ ᠲᠠᠪᠴᠠᠩ᠎ᠤᠨ ᠠᠵᠢᠯᠯᠠᠭ᠋ᠠᠨ ᠪᠠ ᠵᠢᠯᠣᠭᠣᠳᠤᠨ ᠲᠣᠬᠢᠷᠠᠭᠤᠯᠬᠤ ᠠᠵᠢᠯ᠎ᠤᠨ ᠪᠠᠢ᠌ᠳᠠᠯ᠎ᠢ  ᠲᠤᠭᠤᠷᠢᠨ ᠦᠵᠡᠵᠦ᠂ ᠣᠨᠴᠠᠭ᠋ᠠᠶ ᠬᠦᠴᠢᠷᠳᠡᠯᠲᠡᠢ ᠨᠠᠰᠤᠲᠠᠢ᠌ᠴᠤᠳ᠎ᠤᠨ ᠭᠡᠷ᠎ᠲᠤ ᠭᠦᠨᠵᠡᠭᠡᠢ᠌ᠷᠡᠨ ᠨᠠᠰᠤᠲᠠᠢ᠌ᠴᠤᠳ᠎ᠲᠤ ᠲᠣᠬᠢᠷᠠᠬᠤ ᠥᠭᠡᠷᠡᠴᠢᠯᠡᠯᠲᠡ ᠵᠢᠨ ᠪᠠᠢ᠌ᠳᠠᠯ᠎ᠢ ᠪᠠᠢ᠌ᠴᠠᠭ᠋ᠠᠨ ᠦᠵᠡᠪᠡ᠃
     ᠪᠠᠢ᠌ᠴᠠᠭ᠋ᠠᠨ ᠰᠤᠳᠤᠯᠤᠯᠲᠠ ᠵᠢᠨ ᠬᠤᠭᠤᠴᠠᠭ᠋ᠠᠨ᠎ᠳᠤ ᠲᠡᠳ᠋ ᠲᠡᠷᠢᠬᠦᠯᠡᠭᠴᠢ ᠴᠢ ᠪᠠᠲᠤ ᠶᠠᠷᠢᠯᠴᠠᠬᠤ ᠬᠤᠷᠠᠯ ᠬᠤᠷᠠᠯᠳᠤᠭᠤᠯᠬᠤ ᠪᠠ ᠲᠤᠬᠠᠢ ᠵᠢᠨ ᠲᠠᠯᠠᠪᠤᠷ᠎ᠲᠤ ᠶᠠᠷᠢᠯᠴᠠᠨ ᠰᠣᠯᠢᠯᠴᠠᠬᠤ ᠵᠡᠷᠭᠡ ᠠᠷᠭ᠍᠎ᠪᠠᠷ ᠲᠤᠬᠠᠢ ᠵᠢᠨ ᠭᠠᠵᠠᠷ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠪᠠ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠂ ᠨᠡᠢ᠌ᠭᠡᠮ ᠲᠣᠭᠣᠷᠢᠭ᠎ᠤᠨ ᠬᠠᠷᠢᠭᠤᠴᠠᠯᠭ᠋ᠠᠲᠠᠨ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠦᠨᠳᠦᠰᠦᠨ ᠱᠠᠲᠤᠨ᠎ᠤ ᠰᠠᠨᠠᠯ ᠰᠠᠨᠠᠭᠤᠯᠭ᠎ᠠ ᠵᠢ ᠥᠷᠭᠡᠨ ᠵᠶ᠋ᠡᠷ ᠰᠣᠨᠣᠰᠴᠤ᠂ ᠬᠣᠯᠪᠣᠭᠳᠠᠯ ᠪᠦᠬᠦᠢ ᠠᠵᠢᠯ᠎ᠢ ᠵᠢᠭ᠋ᠠᠨ ᠵᠢᠯᠤᠭᠤᠳᠤᠬᠰᠠᠨ ᠪᠠᠢ᠌ᠨ᠎ᠠ᠃ ᠴᠢ ᠪᠠᠳᠤ ᠶᠠᠷᠢᠭᠰᠠᠨ᠎ᠨᠢ᠂ ᠡᠯ᠎ᠡ ᠭᠠᠵᠠᠷ᠎ᠤᠨ᠎ᠬᠢᠨ ᠭᠠᠵᠠᠷ ᠣᠷᠣᠨ᠎ᠤ ᠪᠤᠳᠠᠳᠠᠢ᠎ᠳᠤ ᠰᠠᠭᠤᠷᠢᠯᠠᠵᠤ᠂ ᠦᠢ᠍ᠯᠡᠴᠢᠯᠡᠭᠡᠨ᠎ᠤ ᠲᠠᠪᠴᠠᠩ ᠪᠣᠯᠣᠨ ᠬᠥᠭᠥᠷᠭᠡ ᠵᠢ ᠴᠢᠷᠮᠠᠢ᠌ᠨ ᠪᠠᠢ᠌ᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠨᠡᠢ᠌ᠭᠡᠮ᠎ᠤᠨ ᠬᠦᠴᠦᠨ᠎ᠢ ᠢᠳᠡᠪᠬᠢᠲᠡᠢ᠎ᠪᠠᠷ ᠬᠥᠲᠥᠯᠥᠨ ᠵᠢᠯᠤᠭᠣᠳᠴᠤ ᠪᠠᠢ᠌ᠭ᠋ᠠᠳ ᠨᠠᠰᠤᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠲᠤ ᠣᠷᠣᠯᠴᠠᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠬᠢ ᠵᠢ ᠳᠠᠰᠤᠷᠠᠯᠳᠠ ᠦᠭᠡᠢ ᠥᠷᠭᠡᠳᠬᠡᠨ᠂ ᠨᠠᠰᠤᠵᠢᠯ᠎ᠤᠨ ᠦᠢ᠍ᠯᠡᠴᠢᠯᠡᠭᠡᠨ᠎ᠤ ᠪᠦᠷᠬᠦᠴᠡ ᠵᠢ ᠳᠡᠭᠡᠭᠰᠢᠯᠡᠭᠦᠯᠬᠦ ᠬᠡᠷᠡᠭᠲᠡᠢ᠃ ᠰᠠᠭᠤᠷᠢ ᠵᠢ ᠪᠠᠲᠤᠳᠬᠠᠬᠤ᠂ ᠶᠠᠰᠤ ᠴᠢᠨᠠᠷ᠎ᠢ ᠳᠡᠭᠡᠭᠰᠢᠯᠡᠭᠦᠯᠬᠦ ᠵᠢ ᠠᠵᠤ ᠦᠢ᠍ᠯᠡᠰ᠎ᠢ ᠪᠣᠢ᠌ᠵᠢᠭᠤᠯᠬᠤ᠎ᠯᠤᠭ᠎ᠠ ᠤᠶᠠᠯᠳᠤᠭᠤᠯᠵᠤ᠂ ᠨᠠᠰᠤᠵᠢᠯ᠎ᠤᠨ ᠦᠢ᠍ᠯᠡᠰ᠎ᠤᠨ ᠬᠠᠮᠵᠢᠯᠴᠠᠨ ᠬᠥᠭᠵᠢᠬᠦ ᠵᠢ ᠠᠬᠢᠭᠤᠯᠵᠤ᠂ ᠪᠦᠷᠢᠨ ᠲᠡᠭᠦᠯᠳᠡᠷ᠂ ᠲᠠᠭ᠋ᠠᠭ᠋ᠠᠮᠠᠭ᠋ᠠᠢ ᠬᠥᠭᠵᠢᠯᠲᠡ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠰᠢᠰᠲᠸᠮ᠎ᠢ ᠪᠦᠷᠢᠯᠳᠦᠭᠦᠯᠬᠦ ᠬᠡᠷᠡᠭᠲᠡᠢ᠃
     ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠰᠢᠯᠢ ᠵᠢᠨ ᠭᠣᠣᠯ ᠠᠢ᠌ᠮᠠᠭ᠂ ᠣᠷᠳᠣᠰ ᠬᠣᠲᠠ᠂ ᠦᠬᠠᠢ ᠬᠣᠲᠠ ᠵᠢᠨ ᠬᠣᠯᠪᠣᠭᠳᠠᠯ ᠪᠦᠬᠦᠢ ᠨᠥᠬᠥᠳ ᠬᠠᠮᠳᠤ ᠪᠠᠢ᠌ᠴᠠᠭ᠋ᠠᠨ ᠰᠤᠳᠤᠯᠪᠠ᠃

     ᠮᠡᠳᠡᠬᠡᠯᠡᠭᠴᠢ ᠵᠢᠨ ᠬᠠᠶᠢᠭ᠄  ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠭᠠᠵᠠᠷ
            
 
 

 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠵᠡᠮᠳᠡᠭᠴᠦᠳ᠎ᠤᠨ ᠬᠣᠶᠠᠷ ᠨᠥᠬᠥᠪᠦᠷᠢ ᠵᠢᠨ ᠭᠤᠶᠤᠴᠢᠯᠠᠯ᠎ᠢ ᠨᠢᠬᠡ ᠯᠨ ᠤᠳᠠᠭ᠎ᠠ᠎ᠳᠤ ᠬᠦᠢ᠍ᠴᠡᠳᠬᠡᠬᠦ ᠪᠤᠯᠤᠯ᠎ᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠤᠳᠤᠷᠢᠳᠤᠯᠭ᠎ᠠ ᠳᠤᠭᠤᠢ᠌ᠯᠠᠩ ᠳᠠᠭ᠋ᠠᠭᠤᠯᠤᠨ ᠵᠡᠭᠦᠨᠭ᠋ᠠᠷ ᠬᠣᠰᠢᠭᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠢ ᠪᠠᠢ᠌ᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠮᠣᠩᠭᠣᠯ ᠬᠡᠯᠡᠨ᠎ᠤ ᠰᠦᠯᠵᠢᠶ᠎ᠡ 2022 ᠣᠨ᠎ᠤ ᠰᠢᠯᠭ᠋ᠠᠨ ᠦᠨᠡᠯᠡᠯᠳᠡ᠎ᠳᠤ ᠳᠠᠬᠢᠨᠲᠠ ᠰᠢᠯᠢᠳᠡᠭ ᠪᠦᠲᠦᠮᠵᠢ ᠣᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠰᠢ ᠵᠢᠨ ᠫᠢᠡᠭ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠤᠪᠳᠤ ᠬᠦᠮᠤᠵᠢᠯ᠎ᠤᠨ ᠠᠵᠢᠯ᠎ᠤᠨ ᠬᠤᠷᠠᠯ ᠬᠤᠷᠠᠯᠳᠤᠭᠤᠯᠪᠠ
《ᠪᠡᠭᠡᠵᠢᠩ ᠦᠪᠦᠷ ᠮᠣᠩᠭᠣᠯ ᠬᠠᠮᠵᠢᠯᠴᠠᠵᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠳᠤ ᠭᠠᠷ ᠬᠣᠯᠪᠤᠶ᠎ᠠ》ᠭᠡᠬᠦ ᠪᠡᠭᠡᠵᠢᠩ ᠦᠪᠦᠷ ᠮᠣᠩᠭᠣᠯ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢᠴᠢ ᠨᠡᠭᠦᠳᠡᠯ ᠰᠠᠭᠤᠷᠢᠰᠢᠯ ᠡᠷᠡᠭᠦᠯ ᠰᠣᠪᠢᠯᠠᠯᠲᠠ ᠵᠢᠨ ᠠᠵᠤ ᠦᠢ᠍ᠯᠡᠰ᠎ᠤᠨ ᠬᠠᠮᠵᠢᠯᠴᠠᠭ᠋ᠠᠨ᠎ᠤ ᠲᠠᠨᠢᠯᠴᠠᠭᠤᠯᠭ᠎ᠠ ᠵᠢᠨ ᠬᠤᠷᠠᠯ ᠪᠡᠭᠡᠵᠢᠩ ᠬᠤᠲᠠ᠎ᠳᠤ ᠠᠮᠵᠢᠯᠲᠠ᠎ᠲᠠᠢ ᠶᠠᠪᠤᠭᠳᠠᠪᠠ
 
            