ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠮᠣᠩᠭᠣᠯ ᠬᠡᠯᠡᠨ᠎ᠤ ᠰᠦᠯᠵᠢᠶ᠎ᠡ 2022 ᠣᠨ᠎ᠤ ᠰᠢᠯᠭ᠋ᠠᠨ ᠦᠨᠡᠯᠡᠯᠳᠡ᠎ᠳᠤ ᠳᠠᠬᠢᠨᠲᠠ ᠰᠢᠯᠢᠳᠡᠭ ᠪᠦᠲᠦᠮᠵᠢ ᠣᠯᠪᠠ
ᠨᠡᠶᠢᠲᠡᠯᠡᠭᠰᠡᠨ ᠴᠠᠭ᠄ 2023-05-25

     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠮᠣᠩᠭᠣᠯ ᠬᠡᠯᠡᠨ᠎ᠤ ᠰᠦᠯᠵᠢᠶ᠎ᠡ ᠵᠢᠨ᠎ᠬᠢᠨ 2022 ᠣᠨ᠎ᠳᠤ ᠰᠢ ᠵᠢᠨ ᠫᠢᠩ ᠵᠢᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ   ᠲᠤᠭᠤᠰᠢᠯᠠᠭᠤᠯᠤᠨ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠥᠭᠭᠦᠭᠰᠡᠨ ᠴᠢᠬᠤᠯᠠ  ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠣᠯᠣᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ  ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ  ᠪᠠᠲᠤᠳᠬᠠᠬᠤ᠎ᠪᠠᠷ ᠭᠣᠣᠯ ᠰᠢᠵᠢᠮ ᠪᠤᠯᠭ᠋ᠠᠨ᠂ ᠨᠡᠢ᠌ᠭᠡᠮ᠎ᠤᠨ ᠦᠷ᠎ᠡ ᠠᠰᠢᠭ᠎ᠢ ᠲᠡᠷᠢᠭᠦᠨ᠎ᠳᠤ ᠲᠠᠯᠪᠢᠵᠤ᠂  ᠰᠦᠯᠵᠢᠶ᠎ᠡ᠎ᠪᠠᠷ ᠵᠶ᠋ᠠᠨ ᠵᠢᠭᠰᠠᠭ᠋ᠠᠯ᠎ᠤᠨ ᠭᠠᠵᠠᠷ ᠪᠣᠯᠭ᠋ᠠᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠵᠢ ᠶᠡᠬᠡ᠎ᠪᠠᠷ ᠤᠬᠠᠭᠤᠯᠵᠤ᠂ ᠵᠢᠱ᠌ᠢᠶ᠎ᠡ ᠦᠵᠡᠭᠦᠯᠵᠦ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠮᠠᠨ᠎ᠤ ᠣᠷᠣᠨ᠎ᠤ ᠠᠷᠠᠳ᠎ᠤᠨ ᠠᠮᠢᠳᠤᠷᠠᠯ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ  ᠠᠬᠢᠭᠤᠯᠬᠤ᠎ᠳᠤ ᠬᠦᠴᠤᠨ ᠵᠢᠳᠬᠦᠯ ᠦᠵᠡᠬᠦᠯᠪᠡ ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠎ᠤᠨ᠎ᠬᠢᠨ᠎ᠤ ᠬᠠᠯᠠᠮᠵᠢᠯᠠᠯ ᠵᠢᠯᠣᠭᠣᠳᠤᠯᠭ᠎ᠠ᠎ᠪᠠᠷ ᠰᠦᠯᠵᠢᠶᠡᠨ᠎ᠤ ᠥᠷᠲᠡᠭᠡ ᠵᠢᠨ ᠣᠨᠴᠠᠯᠢᠭ ᠪᠠ ᠲᠤᠰᠬᠠᠢ ᠮᠡᠷᠭᠡᠵᠢᠯ᠎ᠤᠨ ᠨᠥᠯᠥᠭᠡᠯᠡᠬᠦ ᠬᠦᠴᠦᠨ᠎ᠢ ᠲᠣᠪᠤᠢ᠌ᠯᠭ᠋ᠠᠨ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠮᠣᠩᠭᠣᠯ  ᠰᠦᠯᠵᠢᠶ᠎ᠡ᠎ᠪᠠᠨ ᠰᠠᠢ᠌ᠲᠤᠷ ᠪᠠᠢ᠌ᠭᠤᠯᠵᠤ ᠬᠠᠮᠠᠭ᠋ᠠᠯᠠᠬᠰᠠᠨ ᠪᠠᠢ᠌ᠨ᠎ᠠ᠃
     2022 ᠣᠨ᠎ᠤ ᠵᠠᠰᠠᠭ᠎ᠤᠨ ᠣᠷᠳᠣᠨ᠎ᠤ ᠰᠢᠰᠲ᠋ᠧᠮ᠎ᠤᠨ ᠮᠣᠩᠭᠣᠯ ᠬᠡᠯᠡᠨ᠎ᠤ ᠵᠠᠰᠠᠭ᠎ᠤᠨ ᠶᠠᠪᠤᠳᠠᠯ᠎ᠤᠨ ᠰᠦᠯᠵᠢᠶ᠎ᠡ ᠵᠢᠨ ᠰᠢᠯᠭ᠋ᠠᠨ ᠦᠨᠡᠯᠡᠯᠳᠡ ᠵᠢᠨ ᠠᠵᠢᠯ᠎ᠢ ᠤᠷᠤᠭᠰᠢᠲᠠᠢ ᠤᠭᠲᠤᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠮᠣᠩᠭᠣᠯ ᠬᠡᠯᠡᠨ᠎ᠤ ᠰᠦᠯᠵᠢᠶᠡᠨ᠎ᠤ  ᠲᠤᠳᠠᠭᠤᠳᠠᠯ ᠵᠶ᠋ᠠᠨ ᠨᠥᠬᠥᠪᠦᠷᠢᠯᠡᠬᠦ ᠠᠵᠢᠯ᠎ᠢ ᠱᠠᠯᠠᠪᠳᠠᠨ ᠬᠢᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠮᠣᠩᠭᠣᠯ ᠬᠡᠯᠡᠨ᠎ᠤ ᠰᠦᠯᠵᠢᠶ᠎ᠡ ᠵᠢᠨ ᠪᠦᠲᠦᠭᠡᠨ ᠪᠠᠢ᠌ᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠵᠤ᠂ ᠱᠠᠭ᠋ᠠᠷᠳᠠᠯᠭ᠎ᠠ ᠶᠣᠰᠣᠭ᠋ᠠᠷ ᠰᠢᠨ᠎ᠡ ᠠᠭᠤᠯᠭ᠎ᠠ ᠵᠢ ᠴᠠᠭ ᠲᠤᠬᠠᠢ᠎ᠳᠤ᠎ᠨᠢ ᠰᠢᠨᠡᠳᠬᠡᠬᠦ ᠵᠢᠨ ᠬᠠᠮᠲᠤ 《ᠥᠪᠥᠷ ᠮᠣᠩᠭᠣᠯ᠎ᠤᠨ 〈ᠨᠡᠢ᠌ᠭᠡᠮ〉 ᠰᠡᠳᠬᠦᠯ᠎ᠤᠨ ᠬᠣᠷᠢᠶ᠎ᠠ ᠵᠢᠨ ᠰᠦᠯᠵᠢᠶᠡᠨ᠎ᠤ ᠬᠠᠮᠢᠶᠠᠷᠤᠯᠲᠠ ᠵᠢᠨ ᠳᠦᠷᠢᠮ》 《  ᠰᠦᠯᠵᠢᠶ᠎ᠡ᠎ᠪᠠᠨ  ᠤᠬᠠᠭᠤᠯᠤᠨ ᠳᠡᠯᠭᠡᠷᠡᠭᠦᠯᠬᠦ ᠲᠥᠰᠥᠯ》 《ᠰᠦᠯᠵᠢᠶ᠎ᠡ᠎ᠪᠠᠨ ᠠᠵᠢᠯᠯᠠᠭᠤᠯᠵᠤ ᠬᠠᠮᠠᠭ᠋ᠠᠯᠠᠬᠤ ᠠᠵᠢᠯᠲᠠᠨ᠂ ᠡᠷᠬᠡ ᠮᠡᠳᠡᠯ᠎ᠤᠨ ᠳᠠᠩᠰᠠᠯᠠᠯᠲᠠ》 《ᠰᠦᠯᠵᠢᠶᠡᠨ᠎ᠤ ᠨᠢᠭᠤᠴᠠ ᠵᠢ ᠬᠠᠮᠠᠭ᠋ᠠᠯᠠᠬᠤ ᠬᠡᠷ᠎ᠡ》  ᠵᠡᠷᠭᠡ ᠮᠠᠲ᠋ᠧᠷᠢᠶᠠᠯ᠎ᠢ ᠲᠡᠭᠦᠯᠳᠡᠷᠵᠢᠭᠦᠯᠵᠦ᠂ ᠡᠭᠦᠨ ᠵᠶ᠋ᠡᠷ ᠰᠦᠯᠵᠢᠶ᠎ᠡ ᠵᠢᠨ ᠡᠳᠦᠷ ᠲᠤᠲᠤᠮ᠎ᠤᠨ ᠬᠠᠮᠢᠶᠠᠷᠤᠯᠲᠠ ᠵᠢ ᠵᠢᠷᠤᠮᠵᠢᠭᠤᠯᠵᠤ᠂ ᠰᠦᠯᠵᠢᠶ᠎ᠡ ᠵᠢᠨ ᠠᠵᠢᠯ᠎ᠤᠨ ᠲᠡᠰ ᠲᠠᠷᠠᠭ᠎ᠠ ᠪᠠ ᠶᠠᠪᠤᠴᠨ ᠵᠢ ᠪᠥᠬᠥ ᠲᠠᠯ᠎ᠠ᠎ᠪᠠᠷ ᠵᠢᠷᠤᠮᠵᠢᠭᠤᠯᠤᠨ᠂ ᠳᠦᠷᠢᠮ᠎ᠢ ᠴᠢᠩᠭ᠎ᠠ ᠵᠢᠷᠤᠮᠯᠠᠨ ᠠᠵᠢᠯᠯᠠᠵᠤ᠂ ᠴᠢᠩᠭ᠎ᠠ ᠨᠠᠢ᠌ᠳᠠᠪᠤᠷᠢᠵᠢᠭᠤᠯᠤᠨ᠂ ᠰᠦᠯᠵᠢᠶ᠎ᠡ ᠵᠢᠨ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠢ ᠲᠠᠰᠤᠷᠠᠯᠲᠠ ᠦᠭᠡᠢ  ᠲᠡᠬᠦᠯᠳᠡᠷᠵᠢᠬᠦᠯᠪᠡ᠃  ᠰᠢᠯᠭ᠋ᠠᠨ ᠦᠨᠡᠯᠡᠬᠦ ᠲᠣᠭ᠎ᠠ ᠪᠠᠷᠢᠮᠲᠠ ᠵᠢᠨ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ ᠰᠦᠯᠵᠢᠶ᠎ᠡ᠎ᠪᠠᠨ ᠰᠢᠨᠡᠳᠭᠡᠵᠦ᠂ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠤᠶ᠎ᠠ》 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ  ᠪᠠᠲᠤᠳᠬᠠᠶ᠎ᠠ》 《ᠠᠷᠠᠳ᠎ᠤᠨ ᠶᠠᠪᠤᠳᠠᠯ᠎ᠤᠨ ᠨᠡᠷ᠎ᠡ ᠲᠣᠮᠢᠶ᠎ᠠ》 《ᠠᠷᠠᠳ᠎ᠤᠨ ᠠᠮᠢᠳᠤᠷᠠᠯ᠎ᠤᠨ ᠦᠢ᠍ᠯᠡᠴᠢᠯᠡᠭᠡ》 《  ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ》 《ᠠᠷᠠᠳ᠎ᠤᠨ ᠶᠠᠪᠤᠳᠠᠯ᠎ᠤᠨ ᠰᠣᠶᠣᠯ》 ᠵᠡᠷᠭᠡ ᠣᠨᠴᠠᠯᠢᠭᠲᠤ ᠪᠤᠯᠤᠩ᠎ᠤᠳ᠎ᠢ  ᠰᠡᠬᠦᠵᠤ᠂ ᠰᠢᠨ᠎ᠡ ᠠᠭᠤᠯᠭ᠎ᠠ ᠵᠢ ᠴᠠᠭ ᠲᠤᠬᠠᠢ᠎ᠳᠤ᠎ᠨᠢ  ᠳᠡᠪᠰᠢᠭᠦᠯᠦᠨ ᠳᠠᠮᠵᠢᠭᠤᠯᠵᠤ᠂ ᠰᠦᠯᠵᠢᠶ᠎ᠡ᠎ᠪᠠᠨ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠪᠠ ᠦᠢ᠍ᠯᠡᠴᠢᠯᠡᠭᠡᠨ᠎ᠤ  ᠲᠦᠪᠰᠢᠨ ᠵᠶ᠋ᠠᠨ ᠳᠡᠭᠡᠭᠰᠢᠯᠡᠭᠦᠯᠦᠨ᠂ ᠬᠠᠷᠢᠭᠤᠴᠠᠯᠭ᠎ᠠ ᠴᠢᠳᠠᠪᠬᠢ᠎ᠪᠠᠨ ᠭᠦᠢ᠍ᠴᠡᠳᠬᠡᠵᠦ᠂ ᠰᠦᠯᠵᠢᠶᠡᠨ᠎ᠤ ᠥᠷᠲᠡᠭᠡ ᠵᠢ ᠨᠢᠭᠡᠳᠦᠯᠲᠡᠢ ᠲᠥᠯᠥᠪᠵᠢᠭᠦᠯᠬᠦ ᠪᠠ ᠡᠳᠦᠷ ᠲᠤᠲᠤᠮ᠎ᠤᠨ ᠬᠢᠨᠠᠯᠳᠠ ᠵᠢ ᠨᠢᠮᠪᠠᠢ ᠬᠠᠷᠢᠭᠤᠴᠠᠨ᠂ ᠰᠢᠨᠡᠳᠬᠡᠬᠦ ᠠᠭᠤᠯᠭ᠎ᠠ ᠎ᠪᠠᠨ ᠨᠠᠷᠢᠨ ᠬᠢᠨᠠᠮᠠᠭ᠋ᠠᠢ  ᠬᠢᠨᠠᠵᠤ᠂ ᠰᠦᠯᠵᠢᠶ᠎ᠡ ᠵᠢᠨ ᠠᠭᠤᠯᠭ᠎ᠠ ᠎ᠪᠠᠨ ᠲᠥᠯᠥᠪᠵᠢᠭᠦᠯᠦᠨ ᠪᠦᠲᠦᠭᠡᠨ ᠪᠠᠢ᠌ᠭᠤᠯᠵᠤ᠂ ᠴᠢᠳᠠᠮᠵᠢ ᠎ᠪᠠᠨ ᠲᠡᠭᠦᠯᠳᠡᠷᠵᠢᠭᠦᠯᠦᠨ᠂ ᠠᠶᠤᠯ ᠦᠬᠡᠢ ᠵᠢᠨ ᠬᠠᠮᠢᠶᠠᠷᠤᠯᠲᠠ ᠵᠢ  ᠵᠢᠷᠤᠮᠵᠢᠭᠤᠯᠪᠠ᠃
     ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠪᠠᠶᠠᠷᠯᠠᠨ  ᠤᠬᠳᠤᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠮᠣᠩᠭᠣᠯ ᠬᠡᠯᠡᠨ᠎ᠤ ᠰᠦᠯᠵᠢᠶ᠎ᠡ ᠵᠢᠨ ᠨᠡᠷ᠎ᠡ ᠨᠦᠯᠦᠬᠡ᠂ ᠤᠡᠭᠰᠢᠬ᠍ᠴᠢ ᠵᠢᠨ ᠲᠤᠭ᠎ᠠ ᠵᠢ ᠨᠡᠮᠡᠭᠳᠡᠬᠦᠯᠬᠦ ᠵᠢᠨ ᠲᠦᠯᠤᠬᠡ᠂ 2022 ᠣᠨ᠎ᠤ ᠥᠪᠥᠷ ᠮᠣᠩᠭᠣᠯ᠎ᠤᠨ 《ᠨᠡᠢ᠌ᠭᠡᠮ》 ᠰᠡᠳᠬᠦᠯ᠎ᠤᠨ ᠬᠣᠷᠢᠶ᠎ᠠ ᠵᠢᠨ᠎ᠬᠢᠨ 《ᠮᠢᠨᠤ ᠬᠠᠷᠠᠭ᠋ᠠᠨ᠎ᠳᠤ ᠎ᠬᠢ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠮᠣᠩᠭᠣᠯ  ᠬᠡᠯᠡᠨ᠎ᠤ ᠰᠦᠯᠵᠢᠶ᠎ᠡ》 ᠭᠡᠬᠦ ᠭᠣᠣᠯ ᠰᠡᠳᠦᠪᠲᠦ ᠡᠬᠡ ᠪᠢᠴᠢᠭ ᠡᠯᠰᠡᠬᠦ ᠠᠵᠢᠯᠯᠠᠭ᠎ᠠ ᠵᠢ ᠡᠷᠬᠢᠯᠡᠵᠦ᠂ ᠪᠦᠬᠦ ᠤᠯᠤᠰ᠎ᠤᠨ ᠬᠡᠪᠴᠢᠶᠡᠨ᠎ᠠᠴᠠ ᠡᠬᠡ ᠪᠢᠴᠢᠭ ᠡᠯᠰᠡᠬᠡᠳ 《ᠨᠡᠢ᠌ᠬᠡᠮ》 ᠰᠡᠳᠬᠦᠯ᠎ᠤᠨ 2022 ᠤᠨ᠎ᠤ ᠶᠢᠰᠦᠳᠦᠭᠡᠷ ᠬᠤᠭᠤᠴᠠᠭ᠋ᠠᠨ᠎ᠳᠤ 《ᠮᠢᠨᠤ ᠬᠠᠷᠠᠭ᠋ᠠᠨ᠎ᠳᠤ᠎ᠬᠢ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠮᠣᠩᠭᠣᠯ ᠬᠡᠯᠡᠨ᠎ᠤ  ᠰᠦᠯᠵᠢᠶ᠎ᠡ》 ᠭᠡᠬᠦ ᠪᠤᠯᠤᠩ  ᠨᠡᠬᠡᠬᠡᠵᠦ᠂ ᠡᠯᠰᠡᠭᠰᠡᠨ ᠡᠬᠡ ᠪᠢᠴᠢᠭ ᠎ᠠᠴᠠ᠎ᠪᠠᠨ ᠰᠢᠯᠢᠳᠡᠭ᠎ᠢ᠎ᠨᠢ ᠰᠤᠡᠭᠭᠤᠵᠤ ᠨᠡᠢ᠌ᠲᠡᠯᠡᠪᠡ᠃
    2022 ᠣᠨ᠎ᠤ ᠰᠡᠬᠦᠯ᠎ᠳᠤ ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠠᠴᠠ ᠪᠣᠯᠤᠭᠰᠠᠨ ᠵᠦᠢ᠍ᠯ ᠵᠦᠢ᠍ᠯ᠎ᠤᠨ ᠬᠦᠴᠢᠷ ᠪᠡᠷᠬᠡ ᠵᠢ ᠢᠯᠠᠨ ᠲᠠᠪᠠᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠤᠷᠳᠤᠨ᠎ᠤ ᠠᠯᠪᠠᠨ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ᠎ᠤ ᠣᠷᠴᠢᠭᠤᠯᠭ᠎ᠠ ᠵᠢᠨ ᠲᠥᠪ᠎ᠤᠨ ᠬᠢᠨᠠᠨ ᠰᠢᠯᠭ᠋ᠠᠬᠤ ᠠᠵᠢᠯ᠎ᠤᠨ ᠪᠣᠳᠠᠲᠠᠢ ᠱᠠᠭ᠋ᠠᠷᠳᠠᠯᠭ᠎ᠠ᠂ ᠬᠢᠨᠠᠨ ᠰᠢᠯᠭ᠋ᠠᠬᠤ  ᠲᠣᠭ᠎ᠠ  ᠪᠠᠷᠢᠮᠲᠠ ᠲ᠋ᠠᠢ ᠴᠢᠩᠭ᠎ᠠ ᠬᠠᠷᠢᠴᠠᠭᠤᠯᠤᠨ᠂ ᠪᠠᠷᠢᠮᠵᠢᠶ᠎ᠠ ᠵᠢ ᠳᠦᠷᠢᠮᠵᠢᠭᠦᠯᠬᠦ ᠂ ᠪᠠᠢ᠌ᠩᠭᠤ ᠵᠢᠨ ᠬᠢᠨᠠᠨ ᠬᠡᠮᠵᠢᠯᠲᠡ᠂ ᠮᠡᠳᠡᠭᠡ ᠵᠠᠩᠭᠢ ᠵᠢ ᠢᠯᠡᠵᠢᠬᠦᠯᠬᠦ (ᠲᠠᠢ᠌ᠯᠤᠮᠵᠢ ᠬᠢᠵᠦ ᠬᠠᠷᠢᠭᠤ ᠥᠭᠬᠦ᠂ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠪᠠᠭᠲᠠᠭ᠋ᠠᠨ᠎ᠠ)᠂ ᠰᠦᠯᠵᠢᠶᠡᠨ᠎ᠤ ᠥᠷᠲᠡᠭᠡ ᠵᠢᠨ ᠡᠬᠢ ᠪᠠᠶᠠᠯᠢᠭ᠎ᠢ ᠳᠠᠩᠰᠠᠯᠠᠬᠤ  ᠪᠠ ᠲᠠᠩᠰᠠ ᠡᠪᠬᠡᠮᠡᠯ᠎ᠳᠤ ᠣᠷᠣᠭᠤᠯᠬᠤ᠂ ᠰᠦᠯᠵᠢᠶᠡᠨ᠎ᠤ ᠥᠷᠲᠡᠭᠡ ᠵᠢᠨ ᠵᠣᠬᠢᠶᠠᠨ ᠪᠠᠢ᠌ᠭᠤᠯᠬᠤ ᠪᠠᠢ᠌ᠭᠤᠯᠤᠮᠵᠢ ᠪᠠ  ᠠᠵᠢᠯᠯᠠᠭᠤᠯᠬᠤ ᠵᠢ  ᠪᠠᠲᠤᠯᠠᠬᠤ ᠡᠷᠬᠡ ᠮᠡᠳᠡᠯ᠂ ᠰᠣᠯᠢᠯᠴᠠᠬᠤ᠂ ᠤᠡᠭᠰᠢᠭ᠍ᠰᠠᠨ ᠲᠤᠭ᠎ᠠ᠂ ᠤᠬᠠᠭᠤᠯᠤᠨ ᠲᠦᠭᠡᠮᠡᠯᠵᠢᠭᠦᠯᠦᠭᠰᠡᠨ ᠪᠠᠢ᠌ᠳᠠᠯ᠂ ᠣᠨᠴᠠᠯᠢᠭᠲᠤ ᠪᠤᠯᠤᠩ᠎ᠤᠨ ᠪᠠᠢ᠌ᠭᠤᠯᠤᠯᠲᠠ᠂ ᠰᠢᠨ᠎ᠡ ᠵᠠᠭᠤᠴᠢᠯᠠᠭᠤᠷ ᠨᠡᠭᠡᠭᠡᠭᠰᠡᠨ ᠪᠠᠢ᠌ᠳᠠᠯ  ᠵᠡᠷᠭᠡ ᠲᠣᠭ᠎ᠠ ᠪᠠᠷᠢᠮᠲᠠ ᠵᠢ ᠡᠮᠬᠢᠳᠬᠡᠬᠦ ᠠᠵᠢᠯ ᠵᠶ᠋ᠠᠨ ᠨᠠᠷᠢᠨ ᠬᠢᠨᠠᠮᠠᠭ᠋ᠠᠢ ᠬᠢᠵᠦ᠂ ᠴᠠᠭ ᠲᠤᠬᠠᠢ ᠎ᠳᠤ᠎ᠨᠢ ᠲᠤᠰᠢᠶᠠᠬᠰᠠᠨ ᠶᠤᠮ᠃
    2023 ᠣᠨ᠎ᠤ 4 ᠳ᠋ᠤᠬᠡᠷ ᠰᠠᠷ᠎ᠠ᠎ᠳᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠮᠣᠩᠭᠣᠯ ᠬᠡᠯᠡᠨ᠎ᠤ ᠰᠦᠯᠵᠢᠶ᠎ᠡ 2022 ᠣᠨ᠎ᠤ  ᠰᠢᠯᠭ᠋ᠠᠨ ᠦᠨᠡᠯᠡᠯᠳᠡ᠎ᠳᠤ 93 ᠬᠤᠪᠢ ᠣᠯᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠲᠢᠩᠬᠢᠮ ᠲᠣᠪᠴᠢᠶ᠎ᠠ ᠵᠢᠨ ᠠᠳᠠᠯᠢ ᠲᠥᠷᠥᠯ᠎ᠤᠨ  ᠰᠦᠯᠵᠢᠶ᠎ᠡ ᠵᠢᠨ ᠳᠣᠲᠣᠷ᠎ᠠ ᠵᠢᠷᠭᠤᠳᠤᠭ᠋ᠠᠷ᠎ᠲᠤ ᠵᠢᠭᠰᠠᠭ᠋ᠠᠭᠳᠠᠵᠤ᠂ ᠳᠠᠬᠢᠨᠲᠠ ᠰᠢᠯᠢᠳᠡᠭ ᠬᠢᠷᠢ ᠪᠦᠲᠦᠮᠵᠢ ᠵᠢ ᠤᠯᠤᠬᠰᠠᠨ ᠪᠠᠢ᠌ᠨ᠎ᠠ᠃

 

 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠰᠢ ᠵᠢᠨ ᠫᠢᠡᠭ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠤᠪᠳᠤ ᠬᠦᠮᠤᠵᠢᠯ᠎ᠤᠨ ᠠᠵᠢᠯ᠎ᠤᠨ ᠬᠤᠷᠠᠯ ᠬᠤᠷᠠᠯᠳᠤᠭᠤᠯᠪᠠ
《ᠪᠡᠭᠡᠵᠢᠩ ᠦᠪᠦᠷ ᠮᠣᠩᠭᠣᠯ ᠬᠠᠮᠵᠢᠯᠴᠠᠵᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠳᠤ ᠭᠠᠷ ᠬᠣᠯᠪᠤᠶ᠎ᠠ》ᠭᠡᠬᠦ ᠪᠡᠭᠡᠵᠢᠩ ᠦᠪᠦᠷ ᠮᠣᠩᠭᠣᠯ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢᠴᠢ ᠨᠡᠭᠦᠳᠡᠯ ᠰᠠᠭᠤᠷᠢᠰᠢᠯ ᠡᠷᠡᠭᠦᠯ ᠰᠣᠪᠢᠯᠠᠯᠲᠠ ᠵᠢᠨ ᠠᠵᠤ ᠦᠢ᠍ᠯᠡᠰ᠎ᠤᠨ ᠬᠠᠮᠵᠢᠯᠴᠠᠭ᠋ᠠᠨ᠎ᠤ ᠲᠠᠨᠢᠯᠴᠠᠭᠤᠯᠭ᠎ᠠ ᠵᠢᠨ ᠬᠤᠷᠠᠯ ᠪᠡᠭᠡᠵᠢᠩ ᠬᠤᠲᠠ᠎ᠳᠤ ᠠᠮᠵᠢᠯᠲᠠ᠎ᠲᠠᠢ ᠶᠠᠪᠤᠭᠳᠠᠪᠠ
ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠳᠠ ᠵᠢᠨ᠎ᠬᠢᠨ᠎ᠢ ᠬᠦᠳᠤᠯᠤᠨ ᠲᠠᠭ᠋ᠠᠭᠤᠯᠵᠤ ᠪᠠᠢ᠌ᠭ᠋ᠠᠳ 《ᠯᠧᠢ ᠹᠧᠩ》 ᠲᠡᠷᠭᠡᠨ᠎ᠤ ᠠᠩᠭᠢ ᠵᠢᠨ ᠰᠠᠢ᠌ᠨ ᠲᠤᠷᠠᠴᠤᠤᠯ᠎ᠤᠨ ᠨᠡᠢ᠌ᠭᠡᠮᠯᠢᠭ᠎ᠠᠴᠠ ᠰᠤᠷᠤᠯᠴᠠᠬᠤ ᠠᠵᠢᠯᠯᠠᠭ᠎ᠠ ᠥᠷᠨᠢᠭᠦᠯᠪᠡ
ᠶᠡᠭᠡ ᠡᠭᠡᠴᠢ
ᠤᠳᠠᠴᠢ
 
            