ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
《ᠳᠥᠷᠪᠡ ᠵᠢ ᠳᠡᠭᠡᠭᠰᠢᠯᠡᠭᠦᠯᠬᠦ》 ᠵᠢ ᠦᠢ᠍ᠯᠡᠳᠦᠯᠭᠡᠵᠢᠭᠦᠯᠵᠦ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠦᠢ᠍ᠯᠡᠴᠢᠯᠡᠭᠡ ᠵᠢ ᠭᠦᠨᠵᠡᠭᠡᠢ᠌ᠷᠡᠭᠦᠯᠪᠡ
ᠨᠡᠶᠢᠲᠡᠯᠡᠭᠰᠡᠨ ᠴᠠᠭ᠄ 2023-05-25


          ᠤᠷᠢᠬᠠᠨ ᠮᠡᠳᠡᠭᠡᠯᠡᠪᠡ
     ᠤᠬᠠᠭᠤᠯᠭ᠎ᠠ ᠵᠢᠨ ᠡᠷᠴᠢᠮ ᠵᠶ᠋ᠡᠨ ᠴᠢᠩᠭ᠋ᠠᠷᠠᠭᠤᠯᠵᠤ ᠮᠡᠳᠡᠵᠦ ᠣᠢ᠌ᠯᠠᠭ᠋ᠠᠬᠤ ᠨᠣᠷᠮ᠎ᠠ ᠵᠢ ᠳᠡᠭᠡᠭᠰᠢᠯᠡᠭᠦᠯᠪᠡ《ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ》᠎ᠢ ᠬᠡᠷᠡᠭᠵᠢᠭᠦᠯᠦᠭᠰᠡᠨ᠎ᠠᠴᠠ  ᠨᠠᠭ᠋ᠠᠰᠢ᠂ ᠪᠠᠢ᠌ᠭᠤᠯᠭ᠎ᠠ ᠨᠢᠭᠡᠴᠢ᠂ ᠠᠭᠤᠳᠠᠮ ᠲᠠᠯᠠᠪᠠᠶ᠂ ᠨᠡᠢ᠌ᠭᠡᠮ ᠲᠣᠭᠣᠷᠢᠭ᠎ᠲᠤ ᠡᠯᠧᠺᠲᠷᠣᠨ ᠳᠡᠯᠭᠡᠴᠡ ᠲᠠᠯᠪᠢᠬᠤ᠂ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠬᠤ ᠵᠡᠷᠭᠡ ᠵᠢᠨ ᠠᠷᠭ᠎ᠠ ᠮᠠᠶᠢᠭ ᠵᠶ᠋ᠠᠷ ᠳᠠᠮᠵᠢᠭᠤᠯᠤᠨ ᠥᠷᠭᠡᠨ ᠬᠡᠪᠴᠢᠶᠡᠨ᠎ᠤ ᠤᠬᠠᠭᠤᠯᠭ᠎ᠠ ᠬᠢᠵᠦ᠂  ᠦᠨᠢᠷ ᠦᠳᠭᠡᠨ ᠠᠭᠤᠷ ᠠᠮᠢᠰᠬᠤᠯ᠎ᠢ ᠪᠣᠶ ᠪᠣᠯᠭ᠋ᠠᠪᠠ᠃ ᠬᠣᠲᠠ ᠬᠣᠰᠢᠭᠤ ᠬᠣᠶᠠᠷ ᠱᠠᠲᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠸᠢᠴᠠᠲ᠎ᠤᠨ ᠨᠡᠶ᠋ᠢᠲᠡ ᠵᠢᠨ ᠳ᠋ᠤᠭ᠋ᠠᠷ ᠪᠠ 《ᠬᠥᠯᠥᠨ ᠪᠣᠶ᠋ᠢᠷ᠎ᠤᠨ ᠨᠡᠢ᠌ᠲᠡᠯᠡᠯ》 ᠸᠢᠴᠠᠲ᠎ᠤᠨ ᠨᠡᠶ᠋ᠢᠲᠡ ᠵᠢᠨ ᠳ᠋ᠤᠭ᠋ᠠᠷ ᠵᠡᠷᠭᠡ ᠲᠠᠪᠴᠠᠩ ᠵᠶ᠋ᠠᠷ ᠳᠠᠮᠵᠢᠭᠤᠯᠤᠨ᠂ ᠬᠦᠳᠡᠭᠡ ᠲᠤᠰᠬᠤᠨ᠎ᠤ ᠲᠤᠷᠰᠢᠯᠲᠠ ᠵᠢᠨ ᠴᠡᠭ᠎ᠤᠨ ᠠᠵᠢᠯᠯᠠᠭ᠎ᠠ ᠵᠢ ᠥᠷᠨᠢᠭᠦᠯᠦᠭᠰᠡᠨ ᠪᠠᠢ᠌ᠳᠠᠯ ᠵᠶ᠋ᠠᠨ ᠤᠬᠠᠭᠤᠯᠵᠤ᠂ ᠮᠡᠳᠡᠵᠦ ᠣᠢ᠌ᠯᠠᠭ᠋ᠠᠬᠤ ᠨᠣᠷᠮ᠎ᠠ ᠵᠢ ᠳᠡᠭᠡᠭᠰᠢᠯᠡᠭᠦᠯᠪᠡ᠃
2 ᠳ᠋ᠤᠭ᠋ᠠᠷ ᠰᠠᠷ᠎ᠠ ᠵᠢᠨ 2᠎ᠤᠨ ᠡᠳᠦᠷ᠂  《ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠦᠢ᠍ᠯᠡᠴᠢᠯᠡᠭᠡ ᠵᠢ ᠭᠦᠨᠵᠡᠭᠡᠢ᠌ᠷᠡᠭᠦᠯᠵᠦ ᠰᠠᠢ᠌ᠨ ᠰᠠᠢ᠌ᠬᠠᠨ ᠭᠡᠷ ᠣᠷᠣᠨ ᠵᠶ᠋ᠠᠨ ᠭᠡᠢ᠌ᠭᠦᠯᠦᠶ᠎ᠡ》 ᠬᠡᠮᠡᠬᠦ ᠲᠤᠷᠰᠢᠯᠲᠠ ᠵᠢᠨ ᠴᠡᠭ᠎ᠤᠨ ᠸᠢᠳᠢᠣ᠋ ᠪᠣᠯᠪᠠᠰᠤᠷᠠᠯ᠎ᠤᠨ ᠬᠤᠷᠠᠯ ᠣᠷᠴᠣᠨ ᠬᠣᠰᠢᠭᠤᠨ᠎ᠤ ᠠᠯᠢ ᠭᠣᠣᠯ ᠪᠠᠯᠭ᠋ᠠᠰᠤᠨ᠎ᠳᠤ ᠬᠤᠷᠠᠯᠳᠤᠵᠤ᠂ ᠬᠣᠲᠠ ᠬᠣᠰᠢᠭᠤ ᠬᠣᠶᠠᠷ ᠱᠠᠲᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠂ 10 ᠰᠢᠶᠠᠩ ᠪᠠᠯᠭ᠋ᠠᠰᠤ᠂ 82 ᠵᠠᠰᠠᠭ ᠵᠠᠬᠢᠷᠭ᠋ᠠᠨ᠎ᠤ ᠲᠣᠰᠬᠣᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ᠂ ᠠᠵᠢᠯᠲᠠᠨ ᠨᠡᠶ᠋ᠢᠲᠡ 98 ᠬᠥᠮᠥᠨ ᠬᠤᠷᠠᠯ᠎ᠳᠤ ᠣᠷᠤᠯᠴᠠᠪᠠ᠃ ᠰᠢᠶᠠᠩ ᠪᠠᠯᠭ᠋ᠠᠰᠤ ᠪᠠ ᠲᠣᠰᠬᠣᠨ᠎ᠳᠤ ᠰᠠᠭᠤᠭ᠎ᠠ ᠨᠢᠭᠡᠳᠦᠭᠡᠷ ᠹᠷᠣᠨᠲ᠎ᠤᠨ ᠨᠥᠬᠥᠳ᠎ᠢ ᠵᠢᠯᠤᠭᠣᠳᠴᠤ ᠪᠠᠢ᠌ᠭ᠋ᠠᠳ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢ ᠴᠤᠭᠯᠠᠭᠤᠯᠬᠤ ᠪᠠᠭ᠋ᠠᠵᠢ ᠬᠡᠷᠡᠭᠰᠡᠯ᠎ᠢ ᠬᠡᠷᠡᠭᠯᠡᠬᠦ ᠠᠷᠭ᠎ᠠ ᠪᠠ ᠭᠣᠸ᠋ ᠳ᠋ᠧ ᠭᠠᠵᠠᠷ᠎ᠤᠨ ᠵᠢᠷᠤᠭ᠎ᠲᠤ ᠣᠷᠤᠭᠤᠯᠵᠤ ᠨᠠᠢ᠌ᠷᠠᠭᠤᠯᠬᠤ ᠱᠠᠭ᠋ᠠᠷᠳᠠᠯᠭ᠎ᠠ ᠵᠢ ᠡᠵᠡᠮᠰᠢᠭᠦᠯᠪᠡ᠃ ᠬᠥᠳᠡᠭᠡ ᠲᠣᠰᠬᠣᠨ᠎ᠤ ᠵᠠᠮ᠂ ᠰᠠᠭᠤᠭ᠋ᠠᠯᠢ ᠠᠷᠠᠳ᠎ᠤᠨ ᠴᠡᠭ᠂ ᠵᠢᠭᠤᠯᠴᠢᠯᠠᠯ᠎ᠤᠨ ᠦᠵᠡᠮᠵᠢ ᠵᠢᠨ ᠴᠡᠭ᠂ ᠬᠤᠲᠠ ᠪᠠᠯᠭ᠋ᠠᠰᠤᠨ᠎ᠤ ᠡᠭᠦᠳᠡᠨ ᠫᠠᠢ᠌ᠰᠠ ᠠᠰᠠᠷ ᠲᠠᠭᠲᠤ᠂ ᠡᠯᠧᠺᠲᠷᠣᠨ ᠬᠤᠳᠠᠯᠳᠤᠭ᠋ᠠᠨ᠎ᠤ ᠦᠢ᠍ᠯᠡᠴᠢᠯᠡᠭᠡᠨ᠎ᠤ ᠥᠷᠲᠡᠭᠡ ᠵᠡᠷᠭᠡ ᠵᠢ ᠰᠢᠨ᠎ᠡ᠎ᠪᠠᠷ ᠨᠡᠷᠡᠢ᠌ᠳᠬᠦ ᠭᠠᠵᠠᠷ᠎ᠤᠨ ᠨᠡᠷᠡᠰ᠎ᠤᠨ ᠲᠡᠮᠳᠡᠭ ᠪᠤᠰᠬᠠᠬᠣ ᠰᠦᠯᠵᠢᠶᠡᠨ ᠵᠢᠷᠤᠭ᠎ᠲᠤ ᠣᠷᠤᠭᠤᠯᠬᠤ ᠵᠡᠷᠭᠡ ᠠᠵᠢᠯ᠎ᠢ ᠡᠮᠬᠢ ᠵᠢᠷᠤᠮ᠎ᠲᠠᠢ ᠥᠷᠨᠢᠭᠦᠯᠵᠦ᠂ ᠰᠢᠨᠡᠳᠬᠡᠵᠦ ᠬᠠᠮᠠᠭ᠋ᠠᠯᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠤᠨ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢ ᠣᠷᠳᠣ ᠬᠤᠭᠤᠴᠠᠭ᠎ᠠ᠎ᠪᠠᠷ ᠦᠷᠭᠦᠯᠵᠢᠯᠡᠨ ᠰᠢᠨᠡᠳᠬᠡᠬᠦ ᠵᠢ ᠪᠡᠶᠡᠯᠡᠭᠦᠯᠪᠡ᠃ 《ᠳᠥᠷᠪᠡ ᠵᠢ ᠪᠡᠶᠡᠯᠡᠭᠦᠯᠵᠦ ᠭᠡᠢ᠌ᠭᠦᠯᠬᠦ》 ᠵᠢᠨ ᠲᠣᠭᠣᠷᠢᠨ᠎ᠳᠤ ᠭᠡᠷ ᠣᠷᠣᠨ᠎ᠤ ᠲᠡᠮᠳᠡᠭ᠎ᠢ ᠭᠡᠢ᠌ᠭᠦᠯᠬᠦ᠂ ᠠᠪᠠ ᠵᠢᠨ ᠲᠣᠭᠣᠷᠢᠭ᠎ᠤᠨ ᠦᠵᠡᠮᠵᠢ ᠵᠢᠨ ᠴᠡᠭ᠎ᠢ ᠭᠡᠢ᠌ᠭᠦᠯᠬᠦ᠂ ᠪᠠᠷᠠᠭ᠋ᠠᠨ᠎ᠤ ᠭᠦᠢ᠍ᠯᠭᠡᠭᠡᠨ᠎ᠤ ᠲᠣᠣᠷ ᠴᠡᠭ᠎ᠢ ᠪᠡᠶᠡᠯᠡᠭᠦᠯᠬᠦ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠪᠡᠶᠡᠯᠡᠭᠦᠯᠵᠦ᠂ ᠭᠠᠵᠠᠷ᠎ᠤᠨ ᠨᠡᠷᠡᠰ᠎ᠤᠨ ᠰᠦᠯᠵᠢᠶᠡᠨ᠎ᠳᠤ ᠭᠠᠷᠭ᠋ᠠᠬᠤ ᠵᠢ ᠲᠦᠯᠬᠢᠨ ᠠᠬᠢᠭᠤᠯᠵᠤ᠂ ᠬᠡᠭᠡᠷ᠎ᠡ ᠵᠢᠨ ᠭᠠᠷᠤᠯᠲᠠ ᠵᠢ ᠬᠣᠲᠠ᠎ᠳᠤ ᠣᠷᠣᠭᠤᠯᠬᠤ᠂ ᠲᠦᠷᠭᠡᠨ ᠬᠦᠷᠭᠡᠯᠲᠡ ᠵᠢ ᠲᠣᠰᠬᠣᠨ᠎ᠳᠤ ᠣᠷᠣᠭᠤᠯᠬᠤ ᠵᠢ ᠳᠠᠶ᠋ᠢᠴᠢᠯᠠᠨ᠂ ᠭᠠᠵᠠᠷ ᠣᠷᠣᠨ᠎ᠤ ᠠᠵᠤ ᠠᠬᠤᠢ ᠵᠢᠨ ᠬᠥᠭᠵᠢᠯᠲᠡ ᠵᠢ ᠲᠦᠯᠬᠢᠨ ᠠᠬᠢᠭᠤᠯᠵᠤ᠂ ᠭᠠᠵᠠᠷ ᠣᠷᠣᠨ᠎ᠤ ᠲᠡᠦᠬᠡ ᠰᠣᠶᠣᠯ ᠪᠠ ᠠᠪᠠ ᠵᠢᠨ ᠲᠣᠭᠣᠷᠢᠭ᠎ᠤᠨ ᠰᠣᠶᠣᠯ᠎ᠢ ᠪᠠᠳᠠᠷᠠᠭᠤᠯᠪᠠ᠃
     ᠨᠢᠭᠡᠳᠦᠯᠲᠡᠢ ᠲᠥᠯᠥᠪᠯᠡᠨ ᠠᠬᠢᠭᠤᠯᠬᠤ ᠵᠢ ᠴᠢᠩᠭ᠋ᠠᠳᠬᠠᠵᠤ ᠬᠡᠷᠡᠭᠵᠢᠭᠦᠯᠬᠦ ᠬᠦᠴᠦᠨ ᠵᠶ᠋ᠠᠨ ᠳᠡᠭᠡᠭᠰᠢᠯᠡᠭᠦᠯᠪᠡ
     ᠬᠦᠯᠦᠨ ᠪᠣᠢ᠌ᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠪᠣᠳᠠᠲᠠᠢ ᠵᠢᠯᠣᠭᠣᠳᠤᠯᠭ᠎ᠠ ᠳᠣᠣᠷ᠎ᠠ᠂ ᠬᠣᠰᠢᠭᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ 10 ᠰᠢᠶᠠᠩ ᠪᠠᠯᠭ᠋ᠠᠰᠤᠨ᠎ᠤ ᠬᠤᠪᠢᠳᠠᠨ ᠬᠠᠮᠢᠶᠠᠷᠴᠤ ᠪᠠᠢ᠌ᠭ᠎ᠠ ᠳᠡᠳ᠋ ᠪᠠᠯᠭ᠋ᠠᠰᠤᠨ᠎ᠤ ᠳᠠᠷᠤᠭ᠎ᠠ ᠪᠠ ᠨᠡᠢ᠌ᠭᠡᠮ᠎ᠤᠨ ᠬᠡᠷᠡᠭ ᠶᠠᠪᠤᠳᠠᠯ᠎ᠤᠨ ᠠᠯᠪᠠᠨ ᠭᠡᠷ᠎ᠤᠨ ᠡᠷᠬᠢᠯᠡᠭᠴᠢ᠂ 82 ᠵᠠᠰᠠᠭ ᠵᠠᠬᠢᠷᠭ᠋ᠠᠨ᠎ᠤ ᠲᠣᠰᠬᠣᠨ᠎ᠤ 98 ᠭᠠᠷᠮᠠᠭ᠋ᠠᠢ ᠬᠥᠮᠥᠰ ᠪᠠ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ 4 ᠠᠵᠢᠯᠲᠠᠨ᠎ᠢ ᠴᠤᠭᠯᠠᠭᠤᠯᠵᠤ᠂ ᠸᠢᠴᠠᠲ᠎ᠤᠨ ᠠᠵᠢᠯ᠎ᠤᠨ ᠬᠣᠯᠪᠤᠭ᠎ᠠ ᠪᠠᠢ᠌ᠭᠤᠯᠵᠤ᠂ ᠠᠵᠢᠯ᠎ᠤᠨ ᠲᠠᠯ᠎ᠠ᠎ᠪᠠᠷ ᠲᠤᠯᠭ᠋ᠠᠷᠠᠭᠰᠠᠨ ᠮᠡᠷᠭᠡᠵᠢᠯ᠎ᠤᠨ ᠬᠦᠴᠢᠷ ᠠᠰᠠᠭᠤᠳᠠᠯ ᠎ᠢ ᠬᠠᠮᠤᠭ᠎ᠤᠨ ᠲᠡᠷᠢᠭᠦᠨ᠎ᠳᠤ ᠬᠠᠪᠰᠤᠷᠤᠨ ᠵᠢᠯᠤᠭᠣᠳᠬᠤ ᠵᠢᠨ ᠬᠠᠮᠲᠤ ᠭᠣᠸ᠋ ᠳ᠋ᠧ ᠺᠣᠮᠫᠠᠨᠢ ᠵᠢᠨ ᠮᠡᠷᠭᠡᠵᠢᠯ᠎ᠤᠨ ᠠᠵᠢᠯᠲᠠᠨ᠎ᠲᠠᠢ ᠴᠠᠭ ᠲᠤᠬᠠᠢ ᠎ᠳᠤ᠎ᠨᠢ ᠵᠣᠬᠢᠴᠠᠭᠤᠯᠤᠨ ᠰᠢᠢ᠍ᠳᠪᠦᠷᠢᠯᠡᠪᠡ᠃
     ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠴᠤᠭᠯᠠᠭᠤᠯᠬᠤ ᠠᠵᠢᠯ᠎ᠢ ᠥᠷᠨᠢᠭᠦᠯᠦᠭᠰᠡᠨ ᠪᠠᠢ᠌ᠳᠠᠯ ᠪᠣᠯᠣᠨ ᠲᠣᠭ᠎ᠠ ᠬᠡᠮᠵᠢᠶ᠎ᠡ᠎ᠪᠠᠨ ᠡᠳᠦᠷ᠎ᠲᠤ ᠮᠡᠳᠡᠭᠦᠯᠬᠦ ᠳᠦᠷᠢᠮ᠎ᠢ ᠪᠠᠢ᠌ᠭᠤᠯᠬᠤ᠎ᠪᠠᠷ ᠳᠠᠮᠵᠢᠨ᠂ ᠡᠯ᠎ᠡ ᠱᠠᠲᠤᠨ᠎ᠤ᠎ᠬᠢᠨ᠎ᠳᠤ ᠴᠤᠭᠯᠠᠭᠤᠯᠬᠤ ᠠᠵᠢᠯ᠎ᠤᠨ ᠠᠬᠢᠴᠠ ᠬᠢᠭᠡᠳ ᠲᠤᠯᠭ᠋ᠠᠷᠠᠭᠰᠠᠨ ᠬᠦᠴᠢᠷᠳᠡᠯ᠎ᠲᠠᠢ ᠭᠠᠵᠠᠷ᠂ ᠬᠦᠴᠢᠷ ᠠᠰᠠᠭᠤᠳᠠᠯ᠎ᠢ ᠣᠨᠣᠪᠴᠢᠲᠠᠶ ᠡᠵᠡᠮᠰᠢᠭᠦᠯᠬᠦ ᠵᠢᠨ ᠬᠠᠮᠲᠤ ᠴᠠᠭ ᠲᠤᠬᠠᠢ᠎ᠳᠤ᠎ᠨᠢ ᠰᠢᠢ᠍ᠳᠪᠦᠷᠢᠯᠡᠵᠦ ᠲᠦᠯᠬᠢᠨ ᠠᠬᠢᠭᠤᠯᠪᠠ᠃ 2 ᠳ᠋ᠤᠭ᠋ᠠᠷ ᠰᠠᠷ᠎ᠠ ᠵᠢᠨ 6᠎ᠤ ᠡᠳᠦᠷ ᠪᠣᠯᠲᠠᠯ᠎ᠠ ᠡᠯ᠎ᠡ ᠰᠢᠶᠠᠩ ᠪᠠᠯᠭ᠋ᠠᠰᠤ᠂ ᠭᠠᠴᠠᠭ᠎ᠠ ᠲᠤᠰᠬᠤᠨ᠎ᠤ ᠬᠠᠷᠢᠭᠤᠴᠠᠨ ᠴᠤᠭᠯᠠᠭᠤᠯᠬᠤ ᠠᠵᠢᠯᠲᠠᠨ᠎ᠤ ᠳᠤᠷᠠᠳᠤᠭᠰᠠᠨ ᠮᠡᠷᠭᠡᠵᠢᠯ᠎ᠤᠨ ᠠᠰᠠᠭᠤᠳᠠᠯ᠎ᠢ ᠨᠡᠶ᠋ᠢᠲᠡ 21 ᠵᠤᠷᠪᠤᠰ ᠰᠢᠢ᠍ᠳᠪᠦᠷᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠬᠦᠯᠦᠨ ᠪᠤᠢ᠌ᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠣᠯᠣᠨ ᠭᠣᠸ᠋ ᠳ᠋ᠧ ᠺᠣᠮᠫᠠᠨᠢ ᠵᠢᠨ ᠬᠦᠴᠦᠲᠡᠢ ᠵᠣᠬᠢᠴᠠᠭᠤᠯᠭ᠎ᠠ ᠳᠣᠣᠷ᠎ᠠ᠂ ᠣᠷᠴᠣᠨ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠎ᠠᠴᠠ ᠨᠢᠭᠡᠳᠦᠯᠲᠡᠢ ᠲᠤᠰᠬᠠᠭᠰᠠᠨ ᠮᠡᠷᠭᠡᠵᠢᠯ᠎ᠤᠨ ᠲᠠᠯ᠎ᠠ᠎ᠪᠠᠷ᠎ᠬᠢ ᠠᠰᠠᠭᠤᠳᠠᠯ᠎ᠢ ᠭᠣᠸ᠋ ᠳ᠋ᠧ ᠺᠣᠮᠫᠠᠨᠢ ᠵᠢᠨ ᠮᠡᠷᠭᠡᠵᠢᠯ᠎ᠤᠨ ᠠᠵᠢᠯᠲᠠᠳ᠎ᠠᠴᠠ ᠬᠠᠪᠰᠤᠷᠤᠨ ᠰᠢᠢ᠍ᠳᠪᠦᠷᠢᠯᠡᠵᠦ ᠥᠭᠭᠦᠭᠰᠡᠨ ᠪᠠᠢ᠌ᠨ᠎ᠠ᠃ ᠣᠲᠣ ᠪᠣᠯᠲᠠᠯ᠎ᠠ᠂ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠠᠴᠠ 8 ᠤᠳᠠᠭ᠎ᠠ ᠲᠤᠬᠠᠢ᠌ᠯᠠᠭᠰᠠᠨ ᠠᠵᠢᠯ᠎ᠢ ᠵᠢᠯᠤᠭᠣᠳᠴᠤ᠂ 18 ᠤᠳᠠᠭ᠎ᠠ ᠮᠡᠷᠭᠡᠵᠢᠯ᠎ᠤᠨ ᠠᠰᠠᠭᠤᠳᠠᠯ᠎ᠢ ᠰᠢᠢ᠍ᠳᠪᠦᠷᠢᠯᠡᠵᠦ᠂ ᠬᠠᠯᠠᠮᠰᠢᠯ ᠤᠲᠠᠰᠤ᠎ᠪᠠᠷ 20 ᠭᠠᠷᠤᠢ ᠵᠦᠢ᠍ᠯ᠎ᠤᠨ ᠬᠦᠴᠢᠷ ᠠᠰᠠᠭᠤᠳᠠᠯ᠎ᠢ ᠰᠢᠢ᠍ᠳᠪᠦᠷᠯᠡᠪᠡ᠃
     ᠭᠠᠵᠠᠷ᠎ᠤᠨ ᠨᠡᠷᠡᠰ᠎ᠢ ᠢᠯᠭ᠋ᠠᠷᠠᠭᠤᠯᠤᠨ ᠴᠡᠭᠴᠡᠯᠡᠵᠦ ᠰᠢᠨ᠎ᠡ ᠠᠭᠤᠯᠤᠭᠳᠠᠬᠤᠨ᠎ᠢ ᠪᠣᠯᠪᠠᠰᠤᠷᠠᠭᠤᠯᠪᠠ
ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠣ᠂ ᠨᠤᠲᠤᠭ᠎ᠤᠨ ᠮᠥᠷᠥᠭᠡᠳᠦᠯ ᠵᠶ᠋ᠡᠨ  ᠦᠪᠯᠡᠭᠦᠯᠬᠦ ᠵᠢᠨ ᠲᠦᠯᠦᠭᠡ᠂ ᠠᠷᠠᠳ᠎ᠤᠨ ᠶᠠᠪᠤᠳᠠᠯ᠎ᠤᠨ ᠶᠠᠮᠤᠨ᠎ᠤ 《  ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠦᠢ᠍ᠯᠡᠴᠢᠯᠡᠭᠡ ᠵᠢ ᠭᠦᠨᠵᠡᠭᠡᠢ᠌ᠷᠡᠭᠦᠯᠵᠦ ᠰᠠᠢ᠌ᠨ ᠰᠠᠢ᠌ᠬᠠᠨ ᠭᠡᠷ ᠣᠷᠣᠨ ᠵᠶ᠋ᠠᠨ ᠭᠡᠢ᠌ᠭᠦᠯᠦᠶ᠎ᠡ》 ᠬᠡᠮᠡᠬᠦ ᠲᠤᠷᠰᠢᠯᠲᠠ ᠵᠢᠨ ᠠᠵᠢᠯᠯᠠᠭ᠎ᠠ᠎ᠪᠠᠷ ᠵᠠᠪᠰᠢᠶᠠᠨ ᠪᠣᠯᠭ᠋ᠠᠵᠤ᠂ ᠣᠷᠴᠣᠨ ᠬᠣᠰᠢᠭᠤ᠎ᠨᠢ ᠰᠢᠶᠠᠩ ᠪᠠᠯᠭ᠋ᠠᠰᠤ᠂ ᠣᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ᠂ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠴᠡᠭ ᠵᠡᠷᠭᠡ᠎ᠪᠠᠷ ᠰᠠᠭᠤᠷᠢ ᠪᠣᠯᠭ᠋ᠠᠵᠤ᠂ ᠮᠡᠳᠡᠭᠡ ᠵᠠᠩᠭᠢ ᠵᠢᠨ ᠬᠥᠮᠥᠷᠭᠡ ᠎ᠳᠤ᠎ᠬᠢ ᠭᠠᠵᠠᠷ᠎ᠤᠨ ᠨᠡᠷᠡᠰ᠎ᠤᠨ ᠢᠷᠡᠯᠲᠡ᠂ ᠠᠭᠤᠯᠭ᠎ᠠ᠂ ᠲᠡᠦᠬᠡ ᠵᠢᠨ ᠤᠯᠠᠷᠢᠯ ᠬᠤᠪᠢᠰᠤᠯ ᠵᠡᠷᠭᠡ ᠮᠡᠳᠡᠭᠡ ᠵᠠᠩᠭᠢ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠶ᠋ᠢᠲᠡ 18 ᠳᠦᠷᠢᠮᠵᠢᠭᠦᠨ ᠪᠤᠰᠤ ᠭᠠᠵᠠᠷ᠎ᠤᠨ ᠨᠡᠷᠡᠰ᠎ᠢ ᠴᠡᠭᠴᠡᠯᠡᠨ ᠴᠡᠪᠡᠷᠯᠡᠵᠦ᠂ ᠠᠯᠢ ᠭᠣᠣᠯ ᠪᠠᠯᠭ᠋ᠠᠰᠤᠨ᠎ᠤ ᠰᠢᠶᠡᠨᠪᠢ ᠵᠠᠮ᠎ᠤᠨ ᠨᠡᠷ᠎ᠡ ᠵᠢ ᠬᠠᠯᠠᠵᠤ᠂ 5 ᠠᠵᠤ ᠠᠬᠤᠢ᠌ᠯᠠᠯ᠎ᠤᠨ ᠭᠠᠵᠠᠷ᠎ᠤᠨ ᠨᠡᠷ᠎ᠡ ᠵᠢ ᠨᠡᠷᠡᠢ᠌ᠳᠴᠦ᠂ ᠠᠰᠠᠷ᠂ ᠡᠷᠦᠬᠡ᠂ ᠬᠦᠷᠢᠶᠡᠨ᠎ᠤ ᠫᠠᠢ᠌ᠰᠠ ᠵᠢ 42071 ᠰᠢᠨᠡᠳᠬᠡᠨ ᠲᠠᠭ᠋ᠠᠷᠠᠭᠤᠯᠵᠤ᠂ ᠪᠥᠬᠥ ᠬᠤᠰᠢᠭᠤᠨ᠎ᠤ ᠰᠢᠶᠠᠩ ᠳᠡᠰ᠎ᠤᠨ ᠵᠠᠮ᠎ᠤᠨ ᠪᠠᠷᠢᠮᠵᠢᠶ᠎ᠠ ᠨᠡᠷᠡᠢ᠌ᠳᠦᠯ᠎ᠢ ᠪᠥᠬᠥ ᠲᠠᠯ᠎ᠠ᠎ᠪᠠᠷ ᠬᠠᠷᠭᠤᠭᠤᠯᠵᠤ᠂ ᠭᠠᠵᠠᠷ᠎ᠤᠨ ᠨᠡᠷᠡᠰ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠷᠢ ᠲᠦᠪᠰᠢᠨ ᠪᠠ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠦᠳᠡᠭᠡ ᠲᠤᠰᠬᠤᠨ᠎ᠤ 《ᠦᠵᠡᠰᠭᠦᠯᠡᠩᠲᠦ ᠰᠠᠢ᠌ᠬᠠᠨ ᠠᠭᠤᠯᠠ ᠤᠰᠤ᠎ᠨᠢ ᠨᠤᠲᠤᠭ᠎ᠤᠨ ᠮᠥᠷᠥᠭᠡᠳᠦᠯ᠎ᠢ  ᠦᠪᠯᠡᠭᠦᠯᠦᠭᠰᠡᠨ ᠪᠠᠢ᠌ᠨ᠎ᠠ》᠃
ᠬᠤᠪᠢᠰᠬᠠᠯ᠎ᠤᠨ ᠭᠧᠨ᠎ᠢ ᠤᠯᠠᠮᠵᠢᠯᠠᠨ ᠵᠠᠯᠭ᠋ᠠᠮᠵᠢᠯᠠᠵᠤ ᠴᠣᠭ ᠰᠦᠯᠳᠡ᠎ᠪᠠᠨ ᠪᠠᠳᠠᠷᠠᠭᠤᠯᠪᠠ
     ᠤᠯᠤᠰ᠎ᠤᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ ᠵᠢᠨ ᠲᠠᠪᠴᠠᠩ᠎ᠢ ᠭᠦᠢ᠍ᠴᠡᠳ ᠠᠰᠢᠭᠯᠠᠨ᠂ ᠬᠣᠪᠢᠰᠬᠠᠯ᠎ᠤᠨ ᠪᠣᠷᠣ ᠮᠠᠲ᠋ᠧᠷᠢᠶᠠᠯ ᠪᠦᠬᠦᠢ ᠭᠠᠵᠠᠷ᠎ᠤᠨ ᠨᠡᠷᠡᠰ᠎ᠢ ᠬᠠᠢ᠌ᠨ ᠴᠤᠭᠯᠠᠭᠤᠯᠵᠤ᠂ ᠲᠡᠭᠦᠨ᠎ᠤ ᠳᠣᠲᠣᠷ᠎ᠠ ᠠᠭᠤᠯᠤᠭᠳᠠᠵᠤ ᠪᠠᠢ᠌ᠭ᠎ᠠ ᠪᠠᠢ᠌ᠭ᠋ᠠᠯᠢ ᠵᠢᠨ ᠭᠠᠵᠠᠷ ᠵᠦᠢ ᠵᠢᠨ ᠮᠡᠳᠡᠯᠭᠡ ᠪᠠ ᠡᠯᠪᠡᠭ ᠪᠠᠶᠠᠯᠢᠭ ᠬᠥᠮᠥᠨ ᠰᠣᠶᠣᠯ᠎ᠤᠨ ᠠᠭᠤᠯᠤᠭᠳᠠᠬᠤᠨ᠎ᠢ ᠭᠦᠨᠵᠡᠭᠡᠢ ᠠᠭᠤᠳᠠᠯᠬᠤ᠎ᠪᠠᠷ ᠳᠠᠮᠵᠢᠭᠤᠯᠤᠨ᠂ ᠨᠠᠮ᠎ᠤᠨ ᠬᠡᠷᠡᠯ ᠰᠠᠴᠤᠷᠠᠩᠭᠤᠢ ᠲᠡᠦᠬᠡ᠂ ᠲᠡᠮᠡᠴᠡᠯ᠎ᠤᠨ ᠥᠩᠭᠡᠷᠡᠯᠲᠡ᠂ ᠬᠤᠪᠢᠰᠬᠠᠯ᠎ᠤᠨ ᠵᠣᠷᠢᠭ ᠰᠠᠨᠠᠭ᠎ᠠ ᠵᠡᠷᠭᠡ ᠡᠯᠧᠮᠧᠨ᠋ᠲ᠎ᠢ ᠬᠦᠴᠦᠯᠡᠨ ᠠᠭᠤᠳᠠᠯᠵᠤ᠂ ᠬᠣᠪᠢᠰᠬᠠᠯᠲᠤ ᠭᠠᠵᠠᠷ᠎ᠤᠨ ᠨᠡᠷᠡᠰ᠎ᠤᠨ ᠥᠯᠢᠭᠡᠷ᠎ᠢ ᠴᠤᠭᠯᠠᠭᠤᠯᠬᠤ ᠪᠠ ᠤᠬᠠᠭᠤᠯᠬᠤ ᠠᠵᠢᠯᠯᠠᠭ᠎ᠠ ᠦᠷᠨᠢᠭᠦᠯᠪᠡ᠃ ᠣᠲᠣ ᠪᠣᠯᠲᠠᠯ᠎ᠠ᠂ 10 ᠰᠢᠶᠠᠩ ᠪᠠᠯᠭ᠋ᠠᠰᠤᠨ᠎ᠤ ᠭᠠᠵᠠᠷ᠎ᠤᠨ ᠨᠡᠷᠡᠰ᠎ᠤᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠪᠡᠶᠡᠯᠡᠭᠦᠯᠦᠭᠰᠡᠨ ᠪᠥᠭᠡᠳ ᠬᠣᠪᠢᠰᠬᠠᠯᠲᠤ ᠭᠠᠵᠠᠷ᠎ᠤᠨ ᠨᠡᠷᠡᠰ᠎ᠤᠨ ᠵᠢᠭᠰᠠᠭ᠋ᠠᠯᠲᠠ ᠵᠢ ᠨᠢᠭᠡ ᠢᠵᠢ ᠨᠠᠢ᠌ᠷᠠᠭᠤᠯᠤᠨ ᠵᠣᠬᠢᠶᠠᠵᠤ᠂  ᠬᠣᠪᠢᠰᠬᠠᠯᠲᠤ ᠭᠠᠵᠠᠷ᠎ᠤᠨ ᠨᠡᠷᠡᠰ᠎ᠤᠨ ᠦᠵᠡᠭᠦᠯᠦᠯᠭᠡ ᠡᠷᠭᠢᠯᠡᠵᠦ᠂ ᠬᠤᠪᠢᠰᠬᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠵᠠᠯᠭ᠋ᠠᠮᠵᠢᠯᠠᠪᠠ᠃ ᠰᠢᠶᠠᠩ ᠪᠠᠯᠭ᠋ᠠᠰᠤ᠂ ᠬᠦᠳᠡᠭᠡ ᠲᠣᠰᠬᠣᠨ᠎ᠤ ᠣᠷᠣᠨ ᠰᠠᠭᠤᠴᠠ ᠵᠡᠷᠭᠡ ᠭᠠᠵᠠᠷ ᠵᠶ᠋ᠠᠷ ᠭᠦᠨᠵᠡᠭᠡᠢ᠌ᠷᠡᠨ 2000 ᠭᠠᠷᠤᠢ ᠬᠦᠮᠦᠨ᠎ᠳᠤ ᠬᠣᠪᠢᠰᠬᠠᠯᠲᠤ ᠭᠠᠵᠠᠷ᠎ᠤᠨ ᠨᠡᠷᠡᠰ᠎ᠤᠨ ᠰᠣᠶᠣᠯ᠎ᠢ ᠤᠬᠠᠭᠤᠯᠤᠨ ᠲᠠᠢ᠌ᠯᠪᠤᠷᠢᠯᠠᠵᠤ᠂ 1500 ᠭᠠᠷᠤᠢ ᠬᠤᠪᠢ ᠤᠬᠠᠭᠤᠯᠭ᠎ᠠ ᠵᠢᠨ ᠥᠩᠭᠡᠲᠦ ᠬᠠᠭᠤᠳᠠᠰᠤ ᠲᠠᠷᠬᠠᠭ᠋ᠠᠪᠠ᠃ 11 ᠲᠥᠷᠥᠯ᠎ᠤᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢ 2837 ᠬᠤᠪᠢ᠂ ᠭᠠᠵᠠᠷ᠎ᠤᠨ ᠨᠡᠷᠡᠰ᠎ᠤᠨ ᠬᠡᠷᠡᠯ ᠵᠢᠷᠤᠭ᠂ ᠸᠢᠳᠢᠣ᠋᠂ ᠲᠠᠭᠤ ᠰᠢᠩᠭᠡᠭᠡᠯᠲᠡ ᠵᠡᠷᠭᠡ ᠣᠯᠠᠨ ᠵᠠᠭᠤᠴᠢᠲᠤ ᠮᠡᠳᠡᠭᠡ ᠵᠠᠩᠭᠢ ᠵᠢ 5761 ᠴᠤᠭᠯᠠᠭᠤᠯᠵᠤ᠂ ᠴᠠᠭ ᠲᠤᠬᠠᠢ ᠎ᠳᠤ᠎ᠨᠢ  ᠬᠣᠰᠢᠭᠤᠨ᠎ᠤ ᠲᠠᠩᠰᠠ ᠡᠪᠬᠡᠮᠡᠯ᠎ᠤᠨ ᠣᠷᠳᠣᠨ᠎ᠳᠤ ᠰᠢᠯᠵᠢᠭᠦᠯᠦᠨ ᠲᠤᠰᠢᠶᠠᠪᠠ᠃
     ᠭᠠᠵᠠᠷ᠎ᠤᠨ ᠨᠡᠷ᠎ᠡ᠎ᠨᠢ ᠨᠤᠲᠤᠭ ᠣᠷᠤᠨ᠎ᠤ ᠤᠰᠤ ᠰᠢᠷᠣᠢ᠎ᠲᠠᠢ ᠬᠣᠯᠪᠣᠭᠳᠠᠵᠤ᠂ ᠠᠵᠤ ᠲᠦᠷᠦᠭᠰᠡᠨ ᠣᠯᠠᠨ ᠲᠦᠮᠡᠨ᠎ᠤ ᠵᠢᠷᠦᠬᠡ ᠰᠡᠳᠭᠢᠯ ᠎ᠳᠤ  ᠤᠶᠠᠭ᠋ᠠᠳᠠᠢ ᠶᠤᠮ᠃ ᠨᠡᠢ᠌ᠭᠡᠮ᠎ᠤᠨ ᠠᠮᠢᠳᠤᠷᠠᠯ᠎ᠤᠨ ᠮᠡᠳᠡᠭᠡ ᠵᠠᠩᠭᠢᠵᠢᠯᠲᠠ᠂ ᠰᠦᠯᠵᠢᠶᠡᠵᠢᠯᠲᠡ ᠵᠢᠨ ᠳᠡᠭᠡᠳᠦ ᠬᠤᠷᠳᠤᠴᠠ᠎ᠪᠠᠷ ᠬᠥᠭᠵᠢᠵᠦ ᠪᠠᠢ᠌ᠭ᠎ᠠ ᠴᠠᠭ ᠦᠶ᠎ᠡ ᠵᠢᠨ ᠠᠬᠤᠢ ᠪᠠᠢ᠌ᠳᠠᠯ ᠳᠣᠣᠷ᠎ᠠ᠂ ᠪᠠᠷᠢᠮᠵᠢᠶᠠᠲᠤ ᠭᠠᠵᠠᠷ᠎ᠤᠨ ᠨᠡᠷᠡᠰ᠎ᠤᠨ ᠮᠡᠳᠡᠭᠡ ᠵᠠᠩᠭᠢᠵᠢᠯᠲᠠ᠎ᠨᠢ ᠣᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠳᠤ ᠶᠡᠬᠡᠬᠡᠨ ᠲᠥᠬᠥᠮ ᠦᠵᠡᠭᠦᠯᠦᠭᠰᠡᠨ ᠪᠠᠢ᠌ᠨ᠎ᠠ᠃ ᠲᠣᠰ ᠤᠳᠠᠭ᠋ᠠᠨ᠎ᠤ ᠲᠤᠷᠰᠢᠯᠲᠠ ᠵᠢᠨ ᠠᠵᠢᠯᠯᠠᠭ᠎ᠠ᠎ᠨᠢ ᠬᠥᠳᠡᠭᠡ ᠲᠣᠰᠬᠣᠨ᠂ ᠢᠯᠠᠩᠭᠤᠶ᠎ᠠ ᠪᠣᠶ᠋ᠢᠳᠠ ᠪᠥᠭᠯᠡᠭᠦᠦ ᠠᠭᠤᠯᠠᠷᠬᠠᠭ ᠣᠷᠣᠨ᠎ᠤ ᠣᠯᠠᠨ ᠲᠦᠮᠡᠨ᠎ᠤ ᠶᠠᠪᠤᠵᠤ ᠰᠠᠭᠤᠬᠤ ᠪᠣᠳᠠᠲᠠᠢ ᠬᠦᠴᠢᠷᠳᠡᠯ᠎ᠢ ᠰᠢᠢ᠍ᠳᠪᠦᠷᠢᠯᠡᠬᠦ ᠵᠢ ᠪᠣᠳᠣᠯᠬᠢᠯᠠᠨ᠂ ᠬᠥᠳᠡᠭᠡ ᠲᠣᠰᠬᠣᠨ᠎ᠤ ᠭᠠᠵᠠᠷ᠎ᠤᠨ ᠨᠡᠷ᠎ᠡ ᠵᠢ 《  ᠰᠦᠯᠵᠢᠶᠡᠨ ᠵᠢᠷᠤᠭ᠎ᠲᠤ ᠤᠷᠤᠭᠤᠯᠬᠤ》᠎ᠪᠠᠷ ᠳᠠᠮᠵᠢᠭᠤᠯᠤᠨ᠂ ᠬᠥᠳᠡᠭᠡ ᠲᠣᠰᠬᠣᠨ᠎ᠤ ᠠᠷᠠᠳ ᠢᠷᠭᠡᠳ᠎ᠤᠨ ᠭᠠᠳᠠᠭ᠋ᠠᠳᠤ ᠣᠷᠴᠢᠨ᠎ᠤ ᠰᠣᠯᠢᠯᠴᠠᠭ᠎ᠠ ᠶᠠᠪᠤᠯᠴᠠᠭ᠎ᠠ᠎ᠳᠤ ᠲᠥᠬᠥᠮ ᠦᠵᠡᠭᠦᠯᠵᠦ᠂ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠬᠠᠨᠤᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠎ᠢ ᠨᠡᠮᠡᠭᠳᠡᠭᠦᠯᠦᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠢ ᠪᠦᠲᠦᠭᠡᠨ ᠪᠠᠶ᠋ᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠭᠰᠡᠨ ᠪᠠᠢ᠌ᠨ᠎ᠠ᠃

  ᠮᠡᠳᠡᠭᠡᠯᠡᠭᠴᠢ ᠵᠢᠨ ᠬᠠᠶᠢᠭ᠄  ᠦᠪᠡᠷᠲᠡᠭᠡᠨ ᠵᠠᠰᠠᠬᠤ ᠣᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠣᠷᠣᠨ ᠬᠣᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠭᠠᠵᠠᠷ

 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ
          
ᠬᠠᠮᠢᠶ᠎ᠡ ᠪᠦᠬᠦᠢ ᠰᠣᠨᠢᠨ
ᠦᠪᠡᠷᠲᠡᠭᠡᠨ ᠵᠠᠰᠠᠬᠤ ᠣᠷᠤᠨ᠎ᠤ ᠡᠷᠡᠭᠦᠯᠵᠢᠯ ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠎ᠬᠢᠨ ᠤᠯᠠᠭ᠋ᠠᠨᠴᠠᠪ ᠬᠣᠲᠠ ᠎ᠳᠤ 《ᠡᠷᠡᠭᠦᠯᠵᠢᠬᠦ᠎ᠳᠤ ᠲᠤᠰᠠᠯᠠᠬᠤ ᠢᠨᠵᠸᠨ᠋ᠸᠷᠢᠩ》᠎ᠤᠨ ᠰᠢᠭᠰᠢᠨ ᠪᠠᠢ᠌ᠴᠠᠭ᠋ᠠᠬᠤ ᠠᠵᠢᠯ ᠦᠷᠨᠢᠭᠦᠯᠪᠡ
ᠱᠠᠨ ᠰᠢ ᠮᠤᠵᠢ ᠪᠤᠯᠤᠨ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠵᠠᠭ᠋ᠠᠭ ᠱᠤᠭᠤᠮ᠎ᠤᠨ ᠲᠠᠪᠤᠳᠤᠭ᠋ᠠᠷ ᠡᠭᠡᠯᠵᠢ ᠵᠢᠨ ᠬᠠᠮᠲᠤᠷᠠᠨ ᠪᠠᠢ᠌ᠴᠠᠭ᠋ᠠᠬᠤ ᠠᠵᠢᠯ ᠎ᠢ ᠪᠠᠢ᠌ᠷᠢᠯᠠᠭᠤᠯᠬᠤ ᠬᠤᠷᠠᠯ ᠬᠦᠬᠡᠬᠤᠲᠠ᠎ᠳᠤ ᠬᠤᠷᠠᠯᠳᠤᠪᠠ
ᠢᠨᠢᠶᠡᠮᠰᠦᠭᠯᠡᠵᠤ ᠶᠠᠪᠤᠶ᠎ᠠ᠂ ᠶᠢᠷᠳᠢᠨᠴᠦ ᠪᠠᠶᠠᠰᠤᠭ
ᠡᠴᠢᠭᠡ᠄ ᠤᠯᠠᠮᠵᠢᠯᠠᠯ᠂ ᠲᠦᠪᠡᠭᠳᠡᠯ᠂ ᠪᠠᠷᠢᠮᠵᠢᠶ᠎ᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠳᠤ ᠰᠢᠯᠢ ᠵᠢᠨ ᠭᠣᠣᠯ ᠠᠢ᠌ᠮᠠᠭ᠂ ᠣᠷᠳᠣᠰ ᠬᠤᠳᠠ᠂ ᠦᠬᠠᠢ ᠬᠤᠳᠠ᠎ᠳᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠡᠷᠭᠡ ᠠᠵᠢᠯ᠎ᠢ ᠪᠠᠢ᠌ᠴᠠᠭ᠋ᠠᠨ ᠰᠤᠳᠤᠯᠪᠠ
 
            