ᠸᠠᠩ ᠵᠢᠩ ᠵᠢᠩ ᠮᠡᠳᠡᠭᠡᠯᠡᠪᠡ
ᠬᠡᠬᠡᠨᠳᠤᠶᠠᠭ᠎ᠠ ᠤᠷᠴᠢᠭᠤᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 4 ᠳ᠋ᠤᠬᠡᠷ ᠰᠠᠷ᠎ᠠ ᠵᠢᠨ 17᠎ᠤ ᠡᠳᠦᠷ ᠰᠢ ᠵᠢᠨ ᠫᠢᠡᠭ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠠᠵᠢᠯ᠎ᠤᠨ ᠬᠤᠷᠠᠯ ᠬᠤᠷᠠᠯᠳᠤᠭᠤᠯᠪᠠ᠃ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠶᠢᠰᠦᠳᠦᠭᠡᠷ ᠲᠣᠭᠣᠷᠢᠨ ᠵᠢᠯᠤᠭᠣᠳᠬᠤ ᠳᠤᠭᠤᠢ᠌ᠯᠠᠩ᠎ᠤᠨ ᠳᠠᠷᠤᠭ᠎ᠠ ᠱ᠌ᠢ ᠯᠢᠶᠠᠩ ᠬᠤᠷᠠᠯ᠎ᠳᠤ ᠣᠷᠣᠯᠴᠠᠭᠰᠠᠨ ᠪᠥᠭᠡᠳ ᠵᠢᠯᠤᠭᠣᠳᠬᠤ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠤᠳᠤᠷᠢᠳᠤᠯᠭ᠎ᠠ ᠳᠠᠢ᠌ᠴᠢᠯᠠᠯᠲᠠ ᠪᠠᠢ᠌ᠷᠢᠯᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠴᠤᠭ ᠬᠤᠷᠠᠯ᠎ᠢ ᠡᠷᠭᠢᠯᠡᠪᠡ᠃
ᠲᠢᠡᠭᠭᠢᠮ᠎ᠤᠨ ᠤᠳᠤᠷᠢᠳᠤᠯᠭ᠎ᠠ ᠵᠢᠭ᠋ᠠᠬᠰᠠᠨ᠎ᠨᠢ᠂ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠬᠦ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠪᠠᠢ᠌ᠭᠤᠯᠤᠯᠲᠠ ᠵᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢ ᠠᠬᠢᠭᠤᠯᠵᠤ᠂ ᠪᠦᠬᠦ ᠨᠠᠮ᠎ᠢ ᠳᠠᠢ᠍ᠢ᠍ᠴᠢᠯᠠᠨ ᠨᠠᠮ᠎ᠤᠨ ᠭᠣᠣᠯ ᠡᠭᠦᠷᠭᠡ ᠵᠢ ᠪᠡᠶᠡᠯᠡᠭᠦᠯᠬᠦ ᠵᠢᠨ ᠲᠥᠯᠥᠭᠡ ᠪᠦᠯᠬᠦᠮᠳᠡᠨ ᠲᠡᠮᠡᠴᠡᠬᠦ ᠴᠢᠬᠤᠯᠠ ᠶᠡᠬᠡ ᠠᠷᠭ᠎ᠠ ᠪᠣᠯᠣᠨ᠎ᠠ᠃ ᠲᠢᠩᠬᠢᠮ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ ᠭᠣᠣᠯ ᠰᠡᠳᠦᠪᠲᠦ ᠬᠥᠮᠦᠵᠢᠯ ᠥᠷᠨᠢᠭᠦᠯᠬᠦ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠦᠵᠡᠯ ᠰᠠᠨᠠᠭ᠎ᠠ᠂ ᠦᠢ᠍ᠯᠡ ᠠᠵᠢᠯᠯᠠᠭ᠎ᠠ᠎ᠪᠠᠨ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠳᠡᠭᠡᠷ᠎ᠡ ᠤᠬᠠᠮᠰᠠᠷ᠎ᠠᠴᠠ᠎ᠪᠠᠨ ᠨᠢᠭᠡᠳᠬᠡᠵᠦ᠂ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠭᠡᠬᠦ ᠡᠨᠡ ᠬᠦ᠌ 《ᠵᠠᠪᠠᠯ ᠰᠤᠷᠬᠤ ᠬᠢᠴᠢᠶᠡᠯ》 ᠢ ᠭᠦᠨᠵᠡᠭᠡᠢ ᠰᠤᠷᠤᠯᠴᠠᠬᠤ ᠵᠢᠨ ᠲᠥᠯᠥᠭᠡ ᠦᠵᠡᠯ ᠰᠠᠨᠠᠭ᠋ᠠᠨ᠎ᠤ ᠰᠠᠭᠤᠷᠢ ᠵᠢ ᠪᠠᠲᠤᠳᠬᠠᠵᠤ᠂ ᠠᠵᠢᠯᠯᠠᠭ᠎ᠠ ᠵᠢᠨ ᠴᠢᠭᠯᠡᠯ᠎ᠢ ᠵᠥᠪ ᠣᠨᠣᠪᠴᠢᠲᠠᠢ ᠰᠤᠷᠤᠯᠴᠠᠵᠤ᠂ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ᠂ ᠦᠨᠡᠨᠴᠢ ᠰᠢᠳᠤᠷᠭᠤ ᠪᠠᠢ᠌ᠬᠤ ᠤᠯᠤᠰ ᠲᠦᠷᠦ ᠵᠢᠨ ᠤᠬᠠᠮᠰᠠᠷ᠎ᠢ ᠪᠠᠲᠤᠳᠬᠠᠬᠤ᠂ ᠲᠠᠷᠢᠬᠢ ᠲᠣᠯᠣᠭ᠋ᠠᠢ᠎ᠪᠠᠨ ᠵᠡᠪᠰᠡᠭᠯᠡᠬᠦ᠂ ᠰᠡᠳᠬᠢᠯ᠎ᠢ ᠨᠢᠭᠲᠠᠷᠠᠭᠤᠯᠤᠨ ᠰᠦᠭ ᠰᠦᠨᠡᠰᠦ ᠵᠢ ᠱᠤᠭᠤᠬᠤ ᠦᠵᠡᠯ ᠰᠠᠨᠠᠭ᠋ᠠᠨ᠎ᠤ ᠤᠬᠠᠮᠰᠠᠷ᠂ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠂ ᠬᠥᠭᠵᠢᠯᠲᠡ ᠵᠢ ᠠᠬᠢᠭᠤᠯᠬᠤ ᠠᠵᠢᠯᠯᠠᠭ᠎ᠠ ᠵᠢᠨ ᠤᠬᠠᠮᠰᠠᠷ᠂ ᠥᠪᠡᠷ᠎ᠤᠨ ᠪᠡᠶ᠎ᠡ᠎ᠳᠤ᠎ᠪᠠᠨ ᠬᠤᠪᠢᠰᠬᠠᠯ ᠬᠢᠬᠦ᠂ ᠨᠠᠮ᠎ᠢ ᠴᠢᠩᠭ᠎ᠠ ᠵᠠᠰᠠᠬᠤ ᠴᠠᠭ ᠦᠶ᠎ᠡ ᠵᠢᠨ ᠤᠬᠠᠮᠰᠠᠷ᠎ᠢ ᠴᠢᠩᠭ᠋ᠠᠳᠬᠠᠬᠤ ᠬᠡᠷᠡᠭᠲᠡᠢ᠃
ᠲᠢᠡᠭᠭᠢᠮ᠎ᠤᠨ ᠤᠳᠤᠷᠢᠳᠤᠯᠭ᠎ᠠ ᠱᠠᠭ᠋ᠠᠷᠳᠠᠭᠰᠠᠨ᠎ᠨᠢ᠂ ᠨᠠᠮ᠎ᠤᠨ ᠲᠥᠪ ᠬᠣᠷᠢᠶ᠎ᠠ ᠵᠢᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠪᠠᠷᠢᠮᠵᠢᠶᠠᠯᠠᠨ ᠢᠯᠡᠳᠬᠡᠵᠦ᠂ ᠭᠣᠣᠯ ᠰᠡᠳᠦᠪᠲᠦ ᠬᠥᠮᠦᠵᠢᠯ᠎ᠤᠨ ᠶᠡᠷᠦᠩᠬᠡᠢ ᠱᠠᠭ᠋ᠠᠷᠳᠠᠯᠭ᠎ᠠ᠂ ᠦᠨᠳᠦᠰᠦᠨ ᠡᠭᠦᠷᠭᠡ᠂ ᠪᠣᠳᠠᠲᠠᠢ ᠬᠠᠷᠠᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠲᠠᠰᠤᠷᠠᠯᠲᠠ ᠦᠭᠡᠢ ᠭᠦᠨᠵᠡᠭᠡᠢ᠌ᠷᠡᠭᠦᠯᠬᠦ ᠬᠡᠷᠡᠭᠲᠡᠢ᠃ ᠭᠦᠨ ᠰᠤᠷᠤᠯᠴᠠᠬᠤ ᠤᠨᠤᠯ᠎ᠤᠨ ᠲᠠᠯ᠎ᠠ᠎ᠪᠠᠷ ᠦᠨᠡᠨ ᠬᠦ᠌ ᠬᠦᠴᠦ ᠣᠷᠣᠭᠤᠯᠬᠤ ᠬᠡᠷᠡᠭᠲᠡᠢ᠃ ᠰᠤᠷᠤᠯᠴᠠᠬᠤ ᠠᠭᠤᠯᠭ᠎ᠠ ᠵᠢ ᠣᠨᠣᠪᠴᠢᠲᠠᠢ ᠡᠵᠡᠮᠳᠡᠵᠦ᠂ ᠰᠤᠷᠤᠯᠴᠠᠬᠤ ᠬᠡᠯᠪᠡᠷᠢ ᠠᠷᠭ᠎ᠠ ᠵᠢᠨ ᠰᠢᠨ᠎ᠡ ᠵᠢ ᠡᠭᠦᠳᠴᠦ᠂ ᠰᠤᠷᠤᠯᠴᠠᠯᠭ᠎ᠠ ᠵᠢ ᠤᠷᠲᠤᠳᠬᠠᠬᠤ ᠵᠢ ᠠᠬᠢᠭᠤᠯᠵᠤ᠂ ᠰᠤᠷᠤᠯᠴᠠᠬᠤ᠎ᠪᠠᠷ ᠰᠦᠭ ᠰᠦᠨᠡᠰᠦ ᠵᠢ ᠱᠤᠭᠤᠬᠤ ᠵᠢ ᠢᠮᠠᠭᠲᠠ ᠲᠤᠭᠤᠰᠢᠯᠠᠭᠤᠯᠵᠤ᠂ 《ᠬᠣᠶᠠᠷ᠎ᠢ ᠲᠤᠬᠳᠠᠭ᠋ᠠᠬᠰᠠᠨ》᠎ᠢ ᠡᠷᠡᠰ ᠬᠦᠷᠢᠶᠡᠯᠡᠬᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠦᠵᠡᠯ ᠰᠠᠨᠠᠭ᠋ᠠᠨ᠎ᠤ ᠰᠠᠭᠤᠷᠢ ᠵᠢ ᠦᠷᠭᠦᠯᠵᠢᠯᠡᠨ ᠪᠠᠲᠤᠳᠬᠠᠬᠤ ᠬᠡᠷᠡᠭᠲᠡᠢ᠃ ᠪᠠᠢ᠌ᠴᠠᠭ᠋ᠠᠨ ᠰᠤᠳᠤᠯᠤᠯᠲᠠ ᠬᠢᠬᠦ᠎ᠳᠤ ᠦᠨᠡᠨ ᠬᠦ᠌ ᠬᠦᠴᠦ ᠣᠷᠣᠭᠤᠯᠬᠤ ᠬᠡᠷᠡᠭᠲᠡᠢ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ᠂ ᠦᠷ᠎ᠡ ᠪᠦᠲᠦᠮᠵᠢ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ 《ᠭᠦᠨᠵᠡᠭᠡᠢ᠂ ᠪᠣᠳᠠᠲᠠᠢ᠂ ᠨᠠᠷᠢᠯᠢᠭ᠂ ᠣᠨᠣᠪᠴᠢᠲᠠᠢ᠂ ᠪᠦᠲᠦᠮᠵᠢᠲᠡᠢ》 ᠭᠡᠬᠦ ᠲᠠᠪᠤᠨ ᠦᠰᠦᠭ᠎ᠤᠨ ᠤᠩᠰᠢᠯᠭ᠎ᠠ ᠵᠢ ᠰᠠᠢ᠌ᠲᠤᠷ ᠤᠩᠰᠢᠵᠤ᠂ ᠪᠠᠢ᠌ᠴᠠᠭ᠋ᠠᠨ ᠰᠤᠳᠤᠯᠬᠤ ᠶᠠᠪᠤᠴᠠ ᠵᠢ ᠤᠨᠤᠯ᠎ᠤᠨ ᠰᠤᠷᠤᠯᠴᠠᠯᠭ᠎ᠠ ᠵᠢ ᠦᠢ᠍ᠯᠡᠳᠦᠯᠭᠡ ᠲᠡᠰᠢ ᠤᠯᠠᠷᠢᠭᠤᠯᠤᠨ ᠬᠡᠷᠡᠭᠯᠡᠬᠦ ᠶᠠᠪᠤᠴᠠ ᠪᠣᠯᠭ᠋ᠠᠬᠤ ᠬᠡᠷᠡᠭᠲᠡᠢ᠃ ᠬᠥᠭᠵᠢᠯᠲᠡ ᠵᠢ ᠠᠬᠢᠭᠤᠯᠬᠤ᠎ᠳᠤ ᠦᠨᠡᠨ ᠬᠦ᠌ ᠬᠦᠴᠦ ᠣᠷᠣᠭᠤᠯᠬᠤ ᠬᠡᠷᠡᠭᠲᠡᠢ᠃ ᠭᠣᠣᠯ ᠰᠡᠳᠦᠪᠲᠦ ᠬᠥᠮᠦᠵᠢᠯ ᠪᠣᠯᠣᠨ ᠭᠣᠣᠯ ᠠᠵᠢᠯ᠎ᠢ ᠬᠣᠶᠠᠷ ᠲᠠᠯ᠎ᠠ᠎ᠪᠠᠷ ᠠᠳᠬᠤᠬᠤ᠂ ᠬᠣᠶᠠᠷ᠎ᠢ ᠠᠬᠢᠭᠤᠯᠬᠤ ᠵᠢ ᠪᠠᠷᠢᠮᠲᠠᠯᠠᠵᠤ᠂ ᠬᠦᠴᠢᠷ ᠠᠰᠠᠭᠤᠳᠠᠯ᠎ᠢ ᠰᠢᠢ᠍ᠳᠪᠦᠷᠢᠯᠡᠵᠦ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠠᠩᠬᠠᠷᠤᠯ ᠪᠠ ᠬᠦᠴᠦᠨ ᠵᠶ᠋ᠡᠨ ᠲᠥᠪᠯᠡᠷᠡᠭᠦᠯᠵᠦ᠂ ᠪᠣᠳᠠᠲᠤ ᠶᠠᠪᠤᠳᠠᠯ ᠬᠢᠵᠦ ᠠᠷᠠᠳ᠎ᠤᠨ ᠵᠣᠪᠠᠨᠢᠯ᠎ᠢ ᠰᠢᠢ᠍ᠳᠪᠦᠷᠢᠯᠡᠬᠦ ᠲᠠᠯ᠎ᠠ᠎ᠪᠠᠷ ᠰᠡᠳᠬᠢᠯ ᠲᠠᠯᠪᠢᠨ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠵᠢᠨ ᠶᠠᠰᠤ ᠴᠢᠨᠠᠷ᠂ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠴᠢᠨᠠᠷᠯᠢᠭ ᠬᠥᠭᠵᠢᠯᠲᠡ ᠵᠢ ᠪᠣᠳᠠᠲᠤ ᠠᠵᠢᠯᠯᠠᠭ᠎ᠠ᠎ᠪᠠᠷ ᠵᠶ᠋ᠠᠨ ᠠᠬᠢᠭᠤᠯᠬᠤ ᠬᠡᠷᠡᠭᠲᠡᠢ᠃ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ᠎ᠳᠤ ᠦᠨᠡᠨ ᠬᠦ᠌ ᠬᠦᠴᠦ ᠣᠷᠣᠭᠤᠯᠬᠤ ᠬᠡᠷᠡᠭᠲᠡᠢ᠃ ᠨᠠᠮᠴᠢ ᠴᠢᠨᠠᠷ᠎ᠤᠨ ᠵᠠᠳᠠᠯᠤᠯᠲᠠ ᠵᠢ ᠭᠦᠨᠵᠡᠭᠡᠢ ᠥᠷᠨᠢᠭᠦᠯᠵᠦ᠂ ᠴᠡᠭᠴᠡᠯᠡᠵᠤ ᠵᠠᠰᠠᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠦᠨ᠂ 6 ᠲᠠᠯ᠎ᠠ ᠵᠢᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠠᠷᠠᠳ ᠤᠯᠠᠨ᠎ᠳᠤ ᠰᠢᠨ᠎ᠡ ᠬᠤᠪᠢᠷᠠᠯᠲᠠ ᠪᠠ ᠰᠢᠨ᠎ᠡ ᠦᠷ᠎ᠡ ᠪᠦᠲᠦᠮᠵᠢ ᠵᠢ ᠮᠡᠳᠡᠷᠡᠬᠦᠯᠬᠦ ᠬᠡᠷᠡᠭᠳᠡᠢ᠃ ᠳᠦᠷᠢᠮ ᠲᠣᠭᠲᠠᠭ᠋ᠠᠯ ᠲᠣᠭᠲᠠᠭ᠋ᠠᠬᠤ᠎ᠳᠤ ᠦᠨᠡᠨ ᠬᠦ᠌ ᠬᠦᠴᠦ ᠣᠷᠣᠭᠤᠯᠬᠤ ᠬᠡᠷᠡᠭᠲᠡᠢ᠃ ᠰᠠᠢ᠌ᠨ ᠲᠤᠷᠰᠢᠯᠭ᠎ᠠ ᠰᠠᠢ᠌ᠨ ᠠᠷᠭ᠎ᠠ ᠵᠢ ᠳ᠋ᠦᠩᠨᠡᠬᠦ ᠵᠢ ᠴᠢᠬᠤᠯᠠᠴᠢᠯᠠᠵᠤ᠂ ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠳᠦᠷᠢᠮ᠎ᠤᠨ ᠬᠠᠰᠢᠶ᠎ᠠ ᠵᠢ ᠪᠠᠲᠤ ᠪᠡᠬᠢᠯᠡᠵᠦ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠲᠤᠯᠭ᠋ᠠᠭᠤᠷᠯᠠᠯ ᠪᠠᠲᠤᠯᠠᠭ᠎ᠠ ᠵᠢ ᠴᠢᠡᠭᠭ᠋ᠠᠳᠬᠠᠬᠤ ᠬᠡᠷᠡᠭᠳᠡᠢ᠃
ᠲᠢᠡᠭᠭᠢᠮ᠎ᠤᠨ ᠤᠳᠤᠷᠢᠳᠤᠯᠭ᠎ᠠ ᠴᠢᠬᠤᠯᠠᠴᠢᠯᠠᠭᠰᠠᠨ᠎ᠨᠢ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠠᠷᠢᠭᠤᠴᠠᠯᠭ᠎ᠠ ᠵᠢ ᠴᠢᠩᠭ᠎ᠠ ᠪᠣᠳᠠᠲᠠᠢ᠌ᠵᠢᠭᠤᠯᠬᠤ ᠬᠡᠷᠡᠭᠲᠡᠢ᠃ ᠭᠣᠣᠯ ᠰᠡᠳᠦᠪᠲᠦ ᠬᠥᠮᠦᠵᠢᠯ᠎ᠢ ᠰᠠᠢ᠌ᠲᠤᠷ ᠥᠷᠨᠢᠭᠦᠯᠬᠦ ᠵᠢ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠵᠢᠨ ᠨᠢᠬᠡ ᠪᠣᠯᠭ᠋ᠠᠵᠤ᠂ ᠨᠢᠮᠪᠠᠢ ᠵᠣᠬᠢᠶᠠᠨ ᠪᠠᠢ᠌ᠭᠤᠯᠵᠤ᠂ ᠪᠠᠳᠤᠳᠠᠢ ᠠᠬᠢᠭᠤᠯᠵᠤ᠂ ᠴᠢᠩᠭ᠎ᠠ ᠬᠠᠷᠢᠭᠤᠴᠠᠯᠭ᠎ᠠ᠎ᠪᠠᠷ ᠭᠣᠣᠯ ᠰᠡᠳᠦᠪᠲᠦ ᠬᠥᠮᠦᠵᠢᠯ᠎ᠤᠨ ᠪᠣᠳᠠᠲᠠᠢ ᠵᠢ ᠡᠷᠬᠢᠮᠯᠡᠭᠰᠡᠨ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ᠃ ᠰᠢᠰᠲ᠋ᠧᠮᠲᠦ ᠰᠡᠳᠬᠢᠬᠦᠢ ᠵᠢ ᠪᠤᠢ ᠪᠣᠯᠭ᠋ᠠᠵᠤ᠂ ᠠᠵᠢᠯ ᠵᠶ᠋ᠠᠨ ᠨᠢᠭᠡᠳᠦᠯᠲᠡᠢ ᠲᠥᠯᠥᠪᠵᠢᠭᠦᠯᠬᠦ ᠵᠢ ᠴᠢᠬᠤᠯᠠᠴᠢᠯᠠᠬᠤ ᠬᠡᠷᠡᠭᠲᠡᠢ᠃ ᠭᠣᠣᠯ ᠰᠡᠳᠦᠪᠲᠦ ᠬᠥᠮᠦᠵᠢᠯ᠎ᠢ ᠥᠷᠨᠢᠭᠦᠯᠬᠦ ᠵᠢ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ ᠪᠣᠯᠣᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠬᠤ ᠵᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠡᠯ᠎ᠡ ᠵᠦᠢ᠍ᠯ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠂ 《ᠬᠣᠶᠠᠷ ᠲᠣᠮᠤ ᠶᠠᠪᠤᠳᠠᠯ》᠎ᠢ ᠪᠥᠬᠥ ᠲᠠᠯ᠎ᠠ᠎ᠪᠠᠷ ᠪᠡᠶᠡᠯᠡᠭᠦᠯᠬᠦ᠂ ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠭᠦᠨᠵᠡᠭᠡᠢ᠌ᠷᠡᠭᠦᠯᠬᠦ ᠪᠠ ᠲᠠᠰ ᠳᠡᠪᠰᠢᠭᠦᠯᠬᠦ ᠬᠠᠷᠠᠯᠲᠠ ᠵᠢ ᠪᠥᠬᠥ ᠬᠦᠴᠦᠨ ᠵᠶ᠋ᠡᠷ ᠵᠶ᠋ᠡᠨ ᠪᠡᠶᠡᠯᠡᠭᠦᠯᠬᠦᠯᠦᠭᠡ ᠤᠶᠠᠯᠳᠤᠭᠤᠯᠵᠤ᠂ ᠭᠣᠣᠯ ᠰᠡᠳᠦᠪᠲᠦ ᠬᠥᠮᠦᠵᠢᠯ᠎ᠢ ᠠᠵᠢᠯ᠎ᠤᠨ ᠡᠷᠴᠢ ᠵᠣᠷᠢᠭ ᠪᠠ ᠲᠡᠮᠡᠴᠡᠯ᠎ᠤᠨ ᠵᠣᠷᠢᠭ ᠰᠠᠨᠠᠭ᠎ᠠ ᠵᠢ ᠤᠷᠮᠠᠰᠢᠭᠤᠯᠬᠤ᠂ ᠪᠡᠷᠬᠡ ᠵᠢ ᠰᠢᠪᠲᠤᠯᠤᠨ ᠬᠦᠴᠢᠷ᠎ᠢ ᠳᠠᠪᠠᠬᠤ᠂ ᠠᠵᠢᠯ ᠬᠢᠵᠦ ᠠᠳᠠᠯ ᠦᠢ᠍ᠯᠡᠰ ᠴᠣᠭᠴᠠᠯᠠᠬᠤ ᠪᠣᠳᠠᠲᠤ ᠠᠵᠢᠯᠯᠠᠭ᠎ᠠ ᠪᠣᠯᠭ᠋ᠠᠨ ᠬᠤᠪᠢᠷᠠᠭᠤᠯᠬᠤ ᠬᠡᠷᠡᠭᠲᠡᠢ᠃ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠴᠦ᠂ ᠱᠠᠯᠠᠪᠳᠠᠭᠤᠯᠤᠨ ᠵᠢᠯᠤᠭᠣᠳᠬᠤ᠎ᠪᠠᠨ ᠴᠢᠩᠭ᠋ᠠᠳᠬᠠᠬᠤ ᠬᠡᠷᠡᠭᠲᠡᠢ᠃ ᠲᠥᠪᠯᠡᠷᠡᠭᠦᠯᠦᠨ ᠰᠤᠷᠤᠯᠴᠠᠬᠤ ᠪᠠ ᠪᠡᠶ᠎ᠡ᠎ᠪᠠᠨ ᠳᠠᠭ᠋ᠠᠭ᠋ᠠᠵᠤ ᠰᠤᠷᠤᠯᠴᠠᠬᠤ ᠵᠢ ᠤᠶᠠᠯᠳᠤᠭᠤᠯᠬᠤ᠂ ᠲᠣᠭᠲᠠᠭ᠋ᠠᠭᠰᠠᠨ ᠬᠥᠳᠡᠯᠭᠡᠭᠡᠨ ᠪᠠ ᠥᠪᠡᠰᠦᠪᠡᠨ ᠰᠣᠩᠭᠣᠬᠤ ᠬᠥᠳᠡᠯᠭᠡᠭᠡᠨ᠎ᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠵᠤ᠂ ᠠᠷᠠᠳ᠎ᠤᠨ ᠶᠠᠪᠤᠳᠠᠯ᠎ᠤᠨ ᠠᠵᠢᠯ᠎ᠤᠨ ᠪᠣᠳᠠᠲᠤ᠎ᠲᠠᠢ ᠨᠢᠭᠲᠠ ᠤᠶᠠᠯᠳᠤᠭᠤᠯᠤᠨ ᠢᠯᠡ ᠲᠣᠳᠣ ᠤᠨᠴᠠᠯᠢᠭ᠎ᠲᠠᠢ᠂ ᠬᠡᠯᠪᠡᠷᠢ ᠤᠯᠠᠨ ᠶᠠᠩᠵᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠵᠢ ᠦᠷᠨᠢᠬᠦᠯᠬᠦ ᠬᠡᠷᠡᠭᠳᠡᠢ᠃ ᠠᠵᠢᠯ᠎ᠢ ᠠᠬᠢᠭᠤᠯᠤᠨ ᠨᠠᠢ᠌ᠳᠠᠪᠤᠷᠢᠵᠢᠭᠤᠯᠬᠤ ᠪᠠ ᠱᠠᠯᠠᠪᠳᠠᠭᠤᠯᠤᠨ ᠪᠠᠢ᠌ᠴᠠᠭ᠋ᠠᠵᠤ ᠱᠠᠯᠠᠪᠳᠠᠭᠤᠯᠤᠨ ᠭᠦᠢ᠍ᠴᠡᠳᠬᠡᠬᠦ ᠲᠣᠭᠲᠠᠴᠠ ᠵᠢ ᠪᠠᠢ᠌ᠭᠤᠯᠵᠤ᠂ ᠲᠥᠷᠥᠯ ᠬᠤᠪᠢᠶᠠᠨ ᠵᠢᠯᠤᠭᠣᠳᠬᠤ ᠠᠵᠢᠯ᠎ᠢ ᠬᠠᠨᠳᠤᠯᠭ᠎ᠠ᠎ᠲᠠᠢ ᠥᠷᠨᠢᠭᠦᠯᠵᠦ᠂ ᠡᠯ᠎ᠡ ᠵᠦᠢ᠍ᠯ᠎ᠤᠨ ᠠᠵᠢᠯ᠎ᠢ ᠶᠤᠰᠤᠴᠢᠯᠠᠨ ᠰᠠᠢ᠌ᠲᠤᠷ ᠪᠡᠶᠡᠯᠡᠭᠦᠯᠬᠦ ᠬᠡᠷᠡᠭᠲᠡᠢ᠃ ᠰᠠᠨᠠᠭ᠋ᠠᠴᠢᠯᠠᠭ᠎ᠠ᠎ᠠᠴᠠ᠎ᠪᠠᠨ ᠤᠬᠠᠭᠤᠯᠤᠨ ᠵᠢᠯᠤᠭᠤᠳᠴᠤ᠂ ᠥᠳᠭᠡᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠢ᠃ ᠲᠢᠩᠬᠢᠮ᠎ᠤᠨ ᠰᠢᠰᠲ᠋ᠧᠮ᠎ᠤᠨ᠎ᠬᠢᠨ᠎ᠤ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠮᠵᠢ ᠪᠠ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠪᠦᠬᠦ ᠲᠠᠯ᠎ᠠ᠎ᠪᠠᠷ ᠤᠯᠠᠨ ᠲᠠᠯ᠎ᠠ᠎ᠠᠴᠠ ᠳᠡᠯᠭᠡᠨ ᠦᠵᠡᠭᠦᠯᠵᠦ᠂ ᠥᠳᠭᠡᠨ ᠵᠤᠵᠠᠭ᠋ᠠᠨ ᠠᠭᠤᠷ ᠠᠮᠢᠰᠬᠤᠯ᠎ᠢ ᠪᠤᠢ ᠪᠤᠯᠭ᠋ᠠᠨ᠂ ᠭᠣᠣᠯ ᠰᠡᠳᠦᠪᠲᠦ ᠬᠥᠮᠦᠵᠢᠯ᠎ᠤᠨ ᠯᠠᠪᠳᠠᠭᠤᠨ ᠵᠶ᠋ᠠᠷ ᠥᠷᠨᠢᠬᠦ ᠵᠢ ᠠᠬᠢᠭᠤᠯᠬᠤ ᠬᠡᠷᠡᠭᠳᠡᠢ᠃
ᠱ᠌ᠢ ᠯᠢᠶᠠᠩ ᠱᠠᠭ᠋ᠠᠷᠳᠠᠭᠰᠠᠨ᠎ᠨᠢ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠲᠥᠪ ᠬᠣᠷᠢᠶᠠᠨ᠎ᠤ ᠱᠠᠭ᠋ᠠᠷᠳᠠᠯᠭ᠎ᠠ ᠵᠢ ᠰᠠᠯᠤᠯ ᠦᠭᠡᠢ ᠳᠠᠭ᠋ᠠᠵᠤ ᠨᠠᠢ᠌ᠳᠠᠪᠤᠷᠢᠵᠢᠭᠤᠯᠤᠯᠲᠠ ᠵᠢ ᠠᠬᠢᠭᠤᠯᠬᠤ ᠬᠡᠷᠡᠭᠲᠡᠢ᠃ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠵᠤ᠂ ᠭᠦᠨᠵᠡᠭᠡᠢ ᠣᠢ᠌ᠯᠠᠭ᠋ᠠᠨ᠂ ᠣᠨᠣᠪᠴᠢᠲᠠᠢ ᠡᠵᠡᠮᠰᠢᠵᠦ᠂ ᠭᠣᠣᠯ ᠰᠡᠳᠦᠪᠲᠦ ᠬᠥᠮᠦᠵᠢᠯ᠎ᠢ ᠥᠷᠨᠢᠭᠦᠯᠬᠦ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ 《ᠬᠣᠶᠠᠷ᠎ᠢ ᠲᠤᠬᠳᠠᠭ᠋ᠠᠬᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠢ᠃ ᠶᠡᠷᠦᠩᠬᠡᠢ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠵᠦ᠂ 《ᠬᠣᠶᠠᠷ ᠲᠣᠮᠤ ᠶᠠᠪᠤᠳᠠᠯ》᠎ᠲᠠᠢ ᠨᠢᠭᠲᠠ ᠤᠶᠠᠯᠳᠤᠭᠤᠯᠤᠨ ᠨᠠᠢ᠌ᠳᠠᠪᠤᠷᠢᠵᠢᠭᠤᠯᠤᠯᠲᠠ ᠵᠢ ᠠᠬᠢᠭᠤᠯᠬᠤ ᠬᠡᠷᠡᠭᠲᠡᠢ᠃ ᠭᠣᠣᠯ ᠰᠡᠳᠦᠪᠲᠦ ᠬᠥᠮᠦᠵᠢᠯ᠎ᠢ ᠠᠷᠠᠳ᠎ᠤᠨ ᠶᠠᠪᠤᠳᠠᠯ᠎ᠤᠨ ᠭᠣᠣᠯᠳᠠᠯᠭ᠎ᠠ᠎ᠲᠠᠢ ᠠᠵᠢᠯ᠂ ᠬᠠᠷᠢᠭᠤᠴᠠᠯᠭ᠎ᠠ ᠴᠢᠳᠠᠪᠬᠢᠯᠤᠭᠠ ᠤᠶᠠᠯᠳᠤᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》ᠵᠢ ᠪᠡᠶᠡᠯᠡᠭᠦᠯᠬᠦ᠎ᠪᠠᠷ ᠭᠣᠣᠯᠳᠠᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ ᠪᠦᠬᠦ ᠲᠠᠯ᠎ᠠ᠎ᠪᠠᠷ ᠪᠠᠢ᠌ᠭᠤᠯᠬᠤ ᠬᠠᠷᠠᠯᠲᠠ ᠵᠢ ᠪᠦᠬᠦ ᠲᠠᠯ᠎ᠠ᠎ᠪᠠᠷ ᠪᠡᠶᠡᠯᠡᠬᠦᠯᠵᠤ᠂ ᠵᠥᠷᠢᠶ᠎ᠡ᠎ᠪᠠᠨ ᠡᠷᠢᠵᠦ ᠨᠠᠢ᠌ᠳᠠᠪᠤᠷᠢᠵᠢᠭᠤᠯᠤᠯᠲᠠ ᠵᠢ ᠠᠳᠬᠤᠵᠤ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠲᠠᠰᠤᠷᠠᠯᠳᠡ ᠦᠭᠡᠢ ᠠᠬᠢᠭᠤᠯᠬᠤ ᠬᠡᠷᠡᠭᠲᠡᠢ᠃ ᠦᠨᠳᠦᠰᠦᠨ ᠡᠭᠦᠷᠭᠡ᠎ᠳᠤ ᠢᠮᠠᠭᠲᠠ ᠠᠩᠬᠠᠷᠤᠯ ᠵᠶ᠋ᠠᠨ ᠲᠥᠪᠯᠡᠷᠡᠭᠦᠯᠵᠦ᠂ ᠪᠣᠳᠠᠲᠤ ᠪᠠᠢ᠌ᠳᠠᠯ᠎ᠲᠠᠢ᠎ᠪᠠᠨ ᠨᠢᠭᠲᠠ ᠤᠶᠠᠯᠳᠤᠭᠤᠯᠤᠨ ᠨᠠᠢ᠌ᠳᠠᠪᠤᠷᠢᠵᠢᠭᠤᠯᠤᠯᠲᠠ ᠵᠢ ᠠᠬᠢᠭᠤᠯᠬᠤ ᠬᠡᠷᠡᠭᠲᠡᠢ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠡᠨᠡ ᠬᠦ᠌ ᠦᠨᠳᠦᠰᠦᠨ ᠡᠭᠦᠷᠭᠡ᠎ᠪᠠᠷ ᠭᠣᠣᠯ ᠰᠢᠵᠢᠮ ᠪᠣᠯᠭ᠋ᠠᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢ ᠶᠡᠬᠡ᠎ᠪᠠᠷ ᠠᠳᠬᠤᠵᠤ ᠬᠥᠭᠵᠢᠯᠲᠡ ᠵᠢ ᠲᠦᠷᠭᠡᠳᠬᠡᠬᠦ᠂ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠪᠦᠬᠦ ᠤᠯᠤᠰ᠎ᠤᠨ ᠳᠤᠮᠳᠠ ᠲᠦᠪᠰᠢᠨ᠎ᠳᠤ ᠬᠦᠷᠭᠡᠬᠦ ᠲᠤᠬᠠᠢ ᠪᠠᠢ᠌ᠷᠢᠯᠠᠭᠤᠯᠤᠯᠲᠠ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠵᠤ᠂ ᠭᠣᠣᠯ ᠰᠡᠳᠦᠪᠲᠦ ᠬᠥᠮᠦᠵᠢᠯ᠎ᠤᠨ ᠭᠦᠨᠵᠡᠭᠡᠢ᠌ᠷᠡᠨ ᠪᠣᠳᠠᠲᠠᠢ᠌ᠵᠢᠬᠤ ᠵᠢ ᠴᠢᠷᠮᠠᠢ᠌ᠨ ᠠᠬᠢᠭᠤᠯᠬᠤ ᠬᠡᠷᠡᠭᠲᠡᠢ᠃ ᠪᠣᠳᠠᠲᠠᠢ ᠬᠠᠷᠠᠯᠲᠠ ᠵᠢᠨ ᠲᠣᠭᠣᠷᠢᠨ᠎ᠳᠤ ᠠᠰᠠᠭᠤᠳᠠᠯ᠎ᠤᠨ ᠤᠳᠤᠷᠢᠳᠤᠮᠵᠢ ᠵᠢ ᠳᠤᠪᠤᠢ᠍ᠢ᠍ᠯᠭ᠋ᠠᠵᠤ᠂ ᠨᠠᠢ᠌ᠳᠠᠪᠤᠷᠢᠵᠢᠭᠤᠯᠤᠯᠲᠠ ᠵᠢ ᠠᠬᠢᠭᠤᠯᠬᠤ ᠬᠡᠷᠡᠭᠲᠡᠢ᠃ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠪᠠ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠵᠤ᠂ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠮᠵᠢ ᠵᠢ ᠪᠤᠭᠤᠮᠳᠠ ᠰᠢᠪᠳᠤᠯᠤᠯᠳᠠ᠂ ᠬᠥᠭᠵᠢᠯᠲᠡ ᠵᠢ ᠠᠬᠢᠭᠤᠯᠬᠤ ᠳᠡᠭᠡᠷ᠎ᠡ ᠦᠨᠡᠨ ᠬᠦ᠌ ᠢᠯᠡᠷᠡᠭᠦᠯᠬᠦ ᠬᠡᠷᠡᠭᠲᠡᠢ᠃ ᠭᠣᠣᠯᠳᠠᠯᠭ᠎ᠠ᠎ᠲᠠᠢ ᠠᠷᠭ᠎ᠠ ᠬᠡᠮᠵᠢᠶ᠎ᠡ ᠵᠢ ᠨᠠᠪᠲᠠᠷᠡᠭᠦᠯᠵᠦ᠂ ᠨᠢᠭᠡ ᠴᠣᠭᠴᠠᠵᠢᠭᠤᠯᠤᠨ ᠪᠠᠢ᠌ᠷᠢᠯᠠᠭᠤᠯᠬᠤ ᠵᠢ ᠪᠠᠷᠢᠮᠲᠠᠯᠠᠵᠤ ᠨᠠᠢ᠌ᠳᠠᠪᠤᠷᠢᠵᠢᠭᠤᠯᠤᠯᠲᠠ ᠵᠢ ᠠᠬᠢᠭᠤᠯᠬᠤ ᠬᠡᠷᠡᠭᠲᠡᠢ᠃ ᠰᠤᠷᠤᠯᠴᠠᠯᠭ᠎ᠠ᠎ᠪᠠᠷ ᠡᠬᠢᠯᠡᠯᠲᠡ ᠪᠣᠯᠭ᠋ᠠᠬᠤ᠂ ᠪᠠᠢ᠌ᠴᠠᠭ᠋ᠠᠨ ᠰᠤᠳᠤᠯᠤᠯᠲᠠ᠎ᠪᠠᠷ ᠵᠠᠮ ᠨᠡᠭᠡᠭᠡᠬᠦ᠂ ᠪᠣᠳᠠᠲᠠᠢ ᠠᠵᠢᠯᠯᠠᠬᠤ᠎ᠪᠠᠷ ᠡᠬᠢᠯᠡᠯᠲᠡ ᠪᠣᠯᠭ᠋ᠠᠬᠤ᠂ ᠰᠢᠰᠲ᠋ᠧᠮ᠎ᠲᠠᠢ ᠠᠷᠭ᠎ᠠ ᠰᠦᠪᠡᠭᠴᠢᠯᠡᠬᠦ᠂ ᠨᠢᠭᠡ ᠴᠣᠭᠴᠠᠵᠢᠭᠤᠯᠤᠨ ᠠᠬᠢᠭᠤᠯᠬᠤ ᠵᠢ ᠪᠠᠷᠢᠮᠲᠠᠯᠠᠵᠤ᠂ ᠭᠣᠣᠯ ᠰᠡᠳᠦᠪᠲᠦ ᠬᠥᠮᠦᠵᠢᠯ᠎ᠤᠨ ᠡᠯ᠎ᠡ ᠵᠦᠢ᠍ᠯ᠎ᠤᠨ ᠡᠭᠦᠷᠭᠡ ᠵᠢ ᠴᠢᠨᠠᠷᠵᠢᠭᠤᠨ ᠪᠡᠶᠡᠯᠡᠬᠦᠯᠬᠦ ᠬᠡᠷᠡᠭᠳᠡᠢ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠭᠣᠣᠯ ᠰᠡᠳᠦᠪᠲᠦ ᠬᠥᠮᠦᠵᠢᠯ᠎ᠤᠨ ᠶᠢᠰᠦᠳᠦᠭᠡᠷ ᠲᠣᠭᠣᠷᠢᠨ ᠵᠢᠯᠤᠭᠣᠳᠬᠤ ᠳᠤᠭᠤᠢ᠌ᠯᠠᠩ᠎ᠤᠨ ᠭᠦᠸᠧ ᠶᠤᠸᠠᠨ ᠶᠤᠸᠠᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠪᠠᠢ᠌ᠭᠤᠯᠭ᠎ᠠ᠂ ᠰᠢᠭᠤᠳ ᠬᠠᠷᠢᠶ᠎ᠠ ᠨᠢᠬᠡᠴᠢ ᠵᠢᠨ ᠪᠥᠬᠥ ᠺᠠᠳ᠋ᠷ ᠠᠵᠢᠯᠲᠠᠨ ᠠᠵᠢᠯᠴᠢᠨ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠬᠤᠷᠢᠶ᠎ᠠ ᠵᠢᠨ ᠠᠷᠠᠳ᠎ᠤᠨ ᠶᠠᠪᠤᠳᠠᠯ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠪᠥᠬᠥ ᠠᠵᠢᠯᠲᠠᠨ ᠪᠠ ᠳᠡᠳᠭᠦᠪᠦᠷᠢ᠎ᠳᠤ ᠭᠠᠷᠤᠬᠰᠠᠨ ᠨᠢᠬᠡ ᠪᠦᠯᠦᠭ ᠠᠬᠠᠮᠠᠳ ᠺᠠᠳ᠋ᠷᠴᠤᠳ ᠬᠤᠷᠠᠯ᠎ᠳᠤ ᠤᠷᠤᠯᠴᠠᠬᠰᠠᠨ ᠪᠠᠢ᠌ᠨ᠎ᠠ᠃
ᠮᠡᠳᠡᠭᠡᠯᠡᠭᠴᠢ ᠵᠢᠨ ᠬᠠᠶᠢᠭ᠄ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ
ᠤᠷᠴᠢᠭᠤᠯᠤᠬ᠍ᠴᠢ ᠵᠢᠨ ᠬᠠᠶᠢᠭ᠄ ᠦᠪᠤᠷ ᠮᠤᠡᠭᠭᠤᠯ᠎ᠤᠨ ᠰᠤᠷᠭ᠋ᠠᠨ ᠬᠦᠮᠤᠵᠢᠯ᠎ᠤᠨ ᠬᠡᠪᠯᠡᠯ᠎ᠤᠨ ᠬᠤᠷᠢᠶ᠎ᠠ