ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠦᠵᠡᠯ ᠰᠠᠨᠠᠭ᠎ᠠ ᠵᠢ ᠰᠤᠷᠤᠯᠴᠠᠬᠤ᠂ ᠨᠠᠮᠴᠢ ᠴᠢᠨᠠᠷ᠎ᠢ ᠴᠢᠩᠭ᠋ᠠᠳᠬᠠᠬᠤ᠂ ᠦᠢ᠍ᠯᠡᠳᠦᠯᠭᠡ ᠵᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠢ᠌ᠭᠤᠯᠬᠤ 》 ᠲᠢᠩᠬᠢᠮ᠎ᠤᠨ ᠰᠢᠰᠲ᠋ᠧᠮ᠎ᠤᠨ 《〈7 · 1〉᠎ᠢ ᠤᠬᠳᠤᠬᠤ》 ᠲᠡᠷᠢᠭᠦᠨ᠎ᠤ ᠬᠠᠮᠲᠤ ᠨᠡᠢ᠌ᠲᠡ᠂ ᠰᠢᠯᠢᠳᠡᠭ ᠬᠤᠪᠢ ᠬᠥᠮᠥᠨ᠂ 《ᠬᠣᠶᠠᠷ ᠰᠢᠯᠢᠳᠡᠭ ᠨᠢᠭᠡ ᠲᠡᠷᠢᠭᠦᠨ 》᠎ᠢ ᠬᠥᠬᠢᠭᠦᠯᠦᠨ ᠰᠠᠢ᠌ᠰᠢᠶᠠᠬᠤ ᠪᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠨᠠᠮ᠎ᠤᠨ ᠬᠢᠴᠢᠶᠡᠯ ᠵᠢᠭ᠋ᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄ 2023-08-21

     ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 6 ᠳ᠋ᠤᠭ᠋ᠠᠷ ᠰᠠᠷ᠎ᠠ ᠵᠢᠨ 29᠎ᠤ ᠡᠳᠦᠷ 《ᠦᠵᠡᠯ ᠰᠠᠨᠠᠭ᠎ᠠ ᠵᠢ ᠰᠤᠷᠤᠯᠴᠠᠬᠤ᠂ ᠨᠠᠮᠴᠢ ᠴᠢᠨᠠᠷ᠎ᠢ ᠴᠢᠩᠭ᠋ᠠᠳᠬᠠᠬᠤ᠂ ᠦᠢ᠍ᠯᠡᠳᠦᠯᠭᠡ ᠵᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠢ᠌ᠭᠤᠯᠬᠤ 》 ᠲᠢᠩᠬᠢᠮ᠎ᠤᠨ ᠰᠢᠰᠲ᠋ᠧᠮ᠎ᠤᠨ 《〈7 · 1〉᠎ᠢ ᠤᠬᠳᠤᠬᠤ》 ᠲᠡᠷᠢᠭᠦᠨ᠎ᠤ ᠬᠠᠮᠲᠤ ᠨᠡᠢ᠌ᠲᠡ᠂ ᠰᠢᠯᠢᠳᠡᠭ ᠬᠤᠪᠢ ᠬᠥᠮᠥᠨ᠂ 《ᠬᠣᠶᠠᠷ ᠰᠢᠯᠢᠳᠡᠭ ᠨᠢᠭᠡ ᠲᠡᠷᠢᠭᠦᠨ 》᠎ᠢ ᠬᠥᠬᠢᠭᠦᠯᠦᠨ ᠰᠠᠢ᠌ᠰᠢᠶᠠᠬᠤ ᠪᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠨᠠᠮ᠎ᠤᠨ ᠬᠢᠴᠢᠶᠡᠯ ᠵᠢᠭ᠋ᠠᠬᠤ ᠠᠵᠢᠯᠯᠠᠭ᠎ᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠭᠣᠣᠯ ᠰᠡᠳᠦᠪᠲᠦ ᠬᠥᠮᠦᠵᠢᠯ᠎ᠤᠨ ᠶᠢᠰᠦᠳᠦᠭᠡᠷ ᠲᠣᠭᠣᠷᠢᠨ ᠵᠢᠯᠤᠭᠣᠳᠬᠤ ᠳᠤᠭᠤᠢ᠌ᠯᠠᠩ᠎ᠤᠨ ᠳᠡᠳ᠋ ᠳᠠᠷᠤᠭ᠎ᠠ ᠰᠦᠨ ᠭᠦᠸᠧ ᠴᠢᠤᠸᠠᠨ ᠬᠤᠷᠠᠯ᠎ᠳᠤ ᠣᠷᠣᠯᠴᠠᠨ ᠵᠢᠭ᠋ᠠᠨ ᠵᠢᠯᠣᠭᠣᠳᠪᠠ᠃
   ᠲᠤᠰ ᠠᠵᠢᠯᠯᠠᠭ᠎ᠠ᠎ᠨᠢ ᠬᠠᠩᠭᠢᠨᠠᠮ᠎ᠠ ᠢᠷᠠᠭᠤ ᠤᠯᠤᠰ᠎ᠤᠨ ᠳᠠᠭᠤᠤ ᠵᠢᠨ ᠠᠶᠠᠰ ᠳᠤᠮᠳᠠ ᠬᠥᠰᠢᠭᠡ᠎ᠪᠠᠨ ᠢᠷᠡᠵᠤ᠂ ᠬᠤᠷᠠᠯ᠎ᠳᠤ ᠣᠷᠣᠯᠴᠠᠭᠰᠠᠳ ᠪᠣᠰᠴᠤ ᠵᠤᠬᠰᠤᠵᠠᠭ᠋ᠠᠨ ᠤᠯᠤᠰ᠎ᠤᠨ ᠳᠠᠭᠤᠤ ᠵᠢ ᠬᠠᠮᠲᠤ᠎ᠪᠠᠷ ᠳᠠᠭᠤᠯᠠᠪᠠ᠃   ᠲᠢᠡᠭᠭᠢᠮ᠎ᠤᠨ ᠤᠳᠤᠷᠢᠳᠤᠯᠭ᠎ᠠ   ᠭᠠᠯ ᠤᠯᠠᠭ᠋ᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠤᠭ᠎ᠤᠨ ᠡᠮᠦᠨ᠎ᠡ ᠪᠠᠷᠠᠭᠤᠨ ᠨᠢᠳᠤᠷᠭ᠎ᠠ᠎ᠪᠠᠨ ᠡᠷᠭᠦᠨ ᠲᠠᠩᠭ᠋ᠠᠷᠢᠭᠯᠠᠵᠤ᠂ ᠬᠣᠶᠠᠷ ᠪᠡᠯᠡᠳᠬᠡᠯ ᠨᠠᠮ᠎ᠤᠨ ᠭᠡᠰᠢᠭᠦᠨ ᠨᠠᠮ᠎ᠳᠤ ᠣᠷᠣᠬᠤ᠎ᠪᠠᠷ ᠲᠠᠩᠭ᠋ᠠᠷᠢᠭᠯᠠᠵᠤ᠂ ᠬᠤᠷᠠᠯ᠎ᠳᠤ ᠣᠷᠣᠯᠴᠠᠭᠰᠠᠨ ᠪᠤᠰᠤᠳ ᠨᠠᠮ᠎ᠤᠨ ᠬᠡᠰᠢᠬᠦᠳ ᠨᠠᠮ᠎ᠳᠤ ᠤᠷᠤᠬᠤ ᠲᠠᠡᠭᠭ᠋ᠠᠷᠢᠭ᠎ᠢ ᠲᠠᠬᠢᠨᠳᠠ ᠤᠡᠭᠰᠢᠪᠠ᠃
   ᠠᠵᠢᠯᠯᠠᠭ᠎ᠠ ᠲᠡᠬᠡᠷ᠎ᠡ ᠠᠯᠪᠠᠨ ᠭᠡᠷ (ᠲᠥᠷᠥ ᠵᠢᠨ ᠪᠣᠳᠣᠯᠭ᠎ᠠ ᠬᠠᠤᠯᠢ  ᠳᠦᠷᠢᠮ᠎ᠤᠨ ᠭᠠᠵᠠᠷ) ᠵᠡᠷᠭᠡ 2022 ᠤᠨ᠎ᠤ ᠬᠢᠨᠠᠨ ᠰᠢᠯᠭ᠋ᠠᠯᠳᠠ ᠵᠢᠨ 6 ᠲᠡᠷᠢᠭᠦᠨ᠎ᠤ ᠬᠠᠮᠲᠤ᠂ ᠵᠠᠩ ᠲᠢᠶᠠᠨ ᠶᠠᠨ ᠵᠡᠷᠭᠡ 2022 ᠣᠨ᠎ᠤ ᠬᠢᠨᠠᠨ ᠰᠢᠯᠭ᠋ᠠᠯᠲᠠ ᠵᠢᠨ ᠰᠢᠯᠢᠳᠡᠭ ᠬᠤᠪᠢ ᠬᠥᠮᠥᠨ ᠪᠠ 2022 ᠣᠨ᠎ᠤ ᠬᠥᠬᠢᠭᠦᠯᠦᠯ ᠭᠥᠷᠳᠡᠭᠰᠡᠨ 15 ᠬᠥᠮᠥᠨ᠂ ᠭᠤᠷᠪᠠᠳᠤᠭ᠋ᠠᠷ ᠳᠡᠰ᠎ᠤᠨ ᠭᠠᠪᠢᠶ᠎ᠠ  ᠲᠡᠮᠳᠡᠭᠯᠡᠬᠦᠯᠤᠨ ᠱᠠᠩᠨᠠᠭᠳᠠᠭᠰᠠᠨ ᠵᠠᠩ ᠰᠢᠶᠣᠣ ᠰᠢᠶᠠ ᠨᠥᠬᠥᠷ᠎ᠢ ᠬᠥᠬᠢᠭᠦᠯᠦᠨ ᠰᠠᠢ᠌ᠰᠢᠶᠠᠵᠤ᠂ ᠮᠠ ᠵᠢᠶᠦ᠋ᠨ ᠵᠡᠷᠭᠡ 2023 ᠣᠨ᠎ᠤ ᠲᠢᠩᠬᠢᠮ᠎ᠤᠨ ᠰᠢᠰᠲ᠋ᠧᠮ᠎ᠤᠨ 6 ᠰᠢᠯᠢᠳᠡᠭ ᠡᠪ ᠬᠠᠮᠲᠤ ᠨᠠᠮ᠎ᠤᠨ ᠭᠡᠰᠢᠭᠦᠨ᠂ ᠮᠦ᠍ ᠸᠧᠢ ᠴᠢᠩ ᠵᠡᠷᠭᠡ 2023 ᠣᠨ᠎ᠤ ᠲᠢᠩᠬᠢᠮ᠎ᠤᠨ ᠰᠢᠰᠲ᠋ᠧᠮ᠎ᠤᠨ 6 ᠰᠢᠯᠢᠳᠡᠭ ᠨᠠᠮ᠎ᠤᠨ ᠠᠵᠢᠯ᠎ᠤᠨ ᠠᠵᠢᠯᠲᠠᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠳᠤᠭᠤᠢ᠌ᠯᠠᠩ᠎ᠤᠨ ᠨᠠᠮ᠎ᠤᠨ ᠡᠭᠦᠷ ᠵᠡᠷᠭᠡ 2023 ᠣᠨ᠎ᠤ ᠲᠢᠩᠬᠢᠮ᠎ᠤᠨ ᠰᠢᠰᠲ᠋ᠧᠮ᠎ᠤᠨ 5 ᠲᠡᠷᠢᠭᠦᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢ ᠬᠥᠬᠢᠭᠦᠯᠦᠨ ᠰᠠᠢ᠌ᠰᠢᠶᠠᠪᠠ᠃
  ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ᠂ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠬᠥᠩ ᠸᠧᠢ ᠴᠦᠨ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠯᠢᠦ ᠴᠧᠩ ᠮᠢᠨ᠂ ᠨᠡᠢ᠌ᠭᠡᠮ᠎ᠤᠨ ᠶᠠᠪᠤᠳᠠᠯ᠎ᠤᠨ ᠭᠠᠵᠠᠷ᠎ᠤᠨ ᠳᠠᠷᠤᠭ᠎ᠠ ᠯᠢ ᠭᠦᠸᠧ ᠫᠢᠩ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠭᠠᠵᠠᠷ᠎ᠤᠨ ᠳᠠᠷᠤᠭ᠎ᠠ ᠰᠢᠦᠢ ᠵᠢᠶᠠᠩ ᠬᠤᠸᠠ ᠨᠠᠷ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠣᠨ 《ᠰᠤᠷᠤᠯᠴᠠᠯᠭ᠎ᠠ᠎ᠪᠠᠷ ᠰᠤᠷᠲᠠᠯ᠎ᠢ ᠲᠥᠪ ᠪᠣᠯᠭ᠋ᠠᠬᠤ》 ᠴᠢᠬᠤᠯᠠ ᠱᠠᠭ᠋ᠠᠷᠳᠠᠯᠭ᠎ᠠ ᠵᠢ ᠰᠤᠷᠤᠯᠴᠠᠬᠤ ᠵᠢᠨ ᠲᠣᠭᠣᠷᠢᠨ᠎ᠳᠤ ᠰᠠᠨᠠᠯ ᠵᠶ᠋ᠠᠨ ᠰᠣᠯᠢᠯᠴᠠᠬᠤ ᠶᠠᠷᠢᠶ᠎ᠠ ᠲᠠᠯᠪᠢᠪᠠ᠃
     ᠲᠢᠡᠭᠭᠢᠮ᠎ᠤᠨ ᠤᠳᠤᠷᠢᠳᠤᠯᠭ᠎ᠠ  《ᠰᠢ ᠵᠢᠨ ᠫᠢᠡᠭ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ   ᠦᠶ᠎ᠡ ᠵᠢᠨ ᠴᠢᠬᠤᠯᠠ ᠵᠢᠭ᠋ᠠᠪᠤᠷᠢ ᠴᠢᠬᠤᠯᠠ ᠶᠠᠷᠢᠶ᠎ᠠ ᠪᠣᠯᠣᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠲᠤᠮᠤ ᠶᠠᠪᠤᠳᠠᠯ᠎ᠢ ᠬᠦᠴᠦᠯᠡᠨ ᠠᠬᠢᠭᠤᠯᠬᠤ ᠳᠤᠮᠳᠠ ᠠᠷᠠᠳ᠎ᠤᠨ ᠶᠠᠪᠤᠳᠠᠯ᠎ᠤᠨ᠎ᠬᠢᠨ᠎ᠤ ᠬᠠᠷᠢᠭᠤᠴᠠᠯᠭ᠎ᠠ ᠪᠠ ᠠᠷᠠᠳ᠎ᠤᠨ ᠶᠠᠪᠤᠳᠠᠯ᠎ᠤᠨ᠎ᠬᠢᠨ᠎ᠤ ᠵᠢᠳᠬᠦᠯ ᠴᠢᠷᠮᠠᠢ᠌ᠯᠭ᠎ᠠ ᠵᠢ ᠢᠯᠡᠷᠡᠬᠦᠯᠰᠤᠬᠡᠢ》 ᠭᠡᠬᠦ ᠰᠡᠳᠦᠪ ᠵᠶ᠋ᠡᠷ ᠲᠢᠩᠬᠢᠮ᠎ᠤᠨ ᠰᠢᠰᠲ᠋ᠧᠮ᠎ᠤᠨ ᠪᠦᠬᠦ ᠨᠠᠮ᠎ᠤᠨ ᠭᠡᠰᠢᠭᠦᠨ᠎ᠳᠤ ᠲᠤᠰᠬᠠᠢ ᠰᠡᠳᠦᠪᠲᠦ ᠨᠠᠮ᠎ᠤᠨ ᠬᠢᠴᠢᠶᠡᠯ ᠤᠷᠤᠬᠰᠠᠨ ᠪᠠᠢ᠌ᠨ᠎ᠠ᠃
    ᠲᠢᠡᠭᠭᠢᠮ᠎ᠤᠨ ᠤᠳᠤᠷᠢᠳᠤᠯᠭ᠎ᠠ ᠵᠢᠭ᠋ᠠᠬᠰᠠᠨ᠎ᠨᠢ᠂ ᠨᠠᠮ᠎ᠤᠨ ᠬᠢᠴᠢᠶᠡᠯ ᠵᠢᠭ᠋ᠠᠬᠤ ᠵᠢᠨ ᠵᠣᠷᠢᠯᠭ᠎ᠠ᠎ᠨᠢ ᠲᠡᠷᠢᠭᠦᠨ᠎ᠤ᠎ᠬᠢ ᠵᠢ ᠬᠥᠬᠢᠭᠦᠯᠦᠨ ᠰᠠᠢ᠌ᠰᠢᠶᠠᠵᠤ᠂ ᠲᠡᠮᠡᠴᠡᠯ᠎ᠤᠨ ᠵᠣᠷᠢᠭ᠎ᠢ ᠬᠥᠪᠴᠢᠯᠡᠬᠦ ᠵᠢᠨ ᠲᠥᠯᠥᠭᠡ ᠶᠤᠮ᠂ ᠦᠯᠢᠭᠡᠷ ᠳᠠᠭᠤᠷᠢᠶᠠᠯ᠎ᠤᠨ ᠵᠢᠱ᠌ᠢᠶ᠎ᠡ ᠦᠵᠡᠭᠦᠯᠬᠦ ᠦᠢ᠍ᠯᠡᠳᠦᠯ ᠵᠶ᠋ᠡᠷ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠂ ᠰᠤᠷᠤᠯᠴᠠᠯᠭ᠎ᠠ ᠵᠢᠨ ᠦᠷ᠎ᠡ ᠪᠦᠲᠦᠭᠡᠯ᠎ᠢ ᠡᠷᠡᠰ ᠪᠠᠲᠤ ᠬᠦᠰᠡᠯᠡᠩ᠂ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ ᠪᠠ ᠦᠢ᠍ᠯᠡᠳᠦᠯᠭᠡ ᠵᠢ ᠵᠢᠯᠤᠭᠣᠳᠬᠤ᠂ ᠠᠵᠢᠯ᠎ᠢ ᠠᠬᠢᠭᠤᠯᠬᠤ ᠬᠦᠴᠦᠷᠬᠡᠭ ᠶᠡᠬᠡ ᠬᠦᠴᠦᠨ ᠪᠣᠯᠭ᠋ᠠᠨ ᠬᠤᠪᠢᠷᠠᠭᠤᠯᠬᠤ᠎ᠪᠠᠷ ᠴᠢᠷᠮᠠᠢ᠌ᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠬᠣᠶᠠᠷ  ᠲᠤᠮᠤ ᠶᠠᠪᠤᠳᠠᠯ᠎ᠳᠤ᠎ᠬᠢ ᠠᠷᠠᠳ᠎ᠤᠨ ᠶᠠᠪᠤᠳᠠᠯ᠎ᠤᠨ᠎ᠬᠢᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ᠎ᠳᠤ ᠬᠣᠯᠪᠣᠭᠳᠠᠬᠤ ᠨᠠᠢ᠌ᠳᠠᠪᠤᠷᠢᠵᠢᠭᠤᠯᠤᠯᠲᠠ ᠵᠢ ᠨᠡᠩ ᠰᠠᠢ᠌ᠲᠤᠷ ᠠᠬᠢᠭᠤᠯᠵᠤ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ  ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠪᠠᠢ᠌ᠳᠠᠯ᠎ᠢ ᠴᠢᠷᠮᠠᠢ᠌ᠨ ᠡᠭᠦᠳᠬᠦ ᠬᠡᠷᠡᠭᠲᠡᠢ᠃
    ᠲᠢᠡᠭᠭᠢᠮ᠎ᠤᠨ ᠤᠳᠤᠷᠢᠳᠤᠯᠭ᠎ᠠ ᠴᠢᠬᠤᠯᠠᠴᠢᠯᠠᠭᠰᠠᠨ᠎ᠨᠢ᠂ ᠲᠢᠩᠬᠢᠮ᠎ᠤᠨ ᠰᠢᠰᠲ᠋ᠧᠮ᠎ᠤᠨ ᠨᠠᠮ᠎ᠤᠨ ᠬᠡᠰᠢᠬᠦᠳ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠤᠨ ᠠᠵᠢᠯ ᠪᠣᠯᠣᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠢᠬᠤᠯᠠ  ᠶᠠᠷᠢᠶ᠎ᠠ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠲᠤᠮᠤ ᠶᠠᠪᠤᠳᠠᠯ᠎ᠢ ᠪᠡᠶᠡᠯᠡᠭᠦᠯᠬᠦ ᠵᠢ ᠠᠬᠢᠭᠤᠯᠬᠤ ᠶᠠᠪᠤᠴᠠ᠎ᠳᠤ᠎ᠬᠢ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ᠎ᠤ ᠡᠭᠦᠷᠭᠡ ᠬᠠᠷᠢᠭᠤᠴᠠᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠭᠦᠨᠵᠡᠭᠡᠢ ᠲᠣᠳᠣᠷᠬᠠᠢ᠌ᠯᠠᠵᠤ᠂ ᠭᠣᠣᠯᠳᠠᠯᠭ᠎ᠠ᠂ ᠠᠬᠢᠭᠤᠯᠬᠤ ᠠᠷᠭ᠎ᠠ ᠬᠡᠯᠪᠡᠷᠢ᠂ ᠠᠵᠢᠯ᠎ᠤᠨ ᠵᠠᠷᠴᠢᠮ ᠲᠡᠬᠡᠷ᠎ᠡ ᠬᠦᠴᠦ ᠲᠠᠯᠪᠢᠵᠤ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠬᠦᠭᠵᠢᠯᠳᠡ ᠵᠢᠨ ᠶᠡᠬᠡ ᠲᠠᠯ᠎ᠠ᠎ᠳᠤ ᠨᠡᠩ ᠰᠠᠢ᠌ᠲᠤᠷ ᠦᠢ᠍ᠯᠡᠴᠢᠯᠡᠵᠦ ᠠᠭᠤᠰᠤᠯᠴᠠᠭᠤᠯᠬᠤ ᠬᠡᠷᠡᠭᠲᠡᠢ᠃ ᠰᠤᠷᠤᠯᠴᠠᠬᠤ ᠰᠡᠳᠬᠢᠬᠦ ᠬᠡᠷᠡᠭᠯᠡᠬᠦ ᠵᠢ  ᠤᠶᠠᠯᠳᠣᠭᠤᠯᠬᠤ᠂ ᠮᠡᠳᠡᠬᠦ ᠢᠲᠡᠭᠡᠬᠦ ᠬᠢᠬᠦ ᠵᠢ ᠨᠢᠬᠡᠳᠬᠡᠬᠦ ᠵᠢ ᠪᠠᠷᠢᠮᠲᠠᠯᠠᠵᠤ᠂ 《ᠲᠠᠪᠤᠨ ᠶᠡᠬᠡ ᠡᠭᠦᠷᠭᠡ》ᠵᠢ ᠪᠡᠶᠡᠯᠡᠭᠦᠯᠬᠦ᠎ᠪᠠᠷ ᠠᠵᠠ ᠲᠣᠬᠢᠶᠠᠯ ᠪᠣᠯᠭ᠋ᠠᠵᠤ᠂ ᠠᠷᠠᠳ᠎ᠤᠨ ᠶᠠᠪᠤᠳᠠᠯ᠎ᠤᠨ ᠠᠵᠢᠯ᠎ᠤᠨ ᠤᠶᠠᠯᠳᠤᠯ᠎ᠤᠨ ᠴᠡᠭ ᠪᠠ ᠪᠠᠷᠢᠴᠨ ᠵᠢ ᠰᠠᠨᠠᠭ᠋ᠠᠴᠢᠯᠠᠭ᠎ᠠ᠎ᠠᠴᠠ᠎ᠪᠠᠨ ᠣᠨᠣᠪᠴᠢᠲᠠᠢ ᠡᠷᠢᠵᠦ᠂ ᠢᠳᠡᠪᠬᠢᠳᠡᠢ ᠬᠦᠳᠡᠯᠤᠡᠭᠭᠦᠢ ᠦᠢ᠍ᠯᠡᠴᠢᠯᠡᠬᠡ᠎ᠪᠠᠷ ᠥᠪᠡᠷᠲᠡᠭᠡᠨ ᠵᠠᠰᠠᠬᠤ ᠣᠷᠣᠨ᠎ᠤ ᠬᠣᠶᠠᠷ ᠲᠤᠮᠤ ᠶᠠᠪᠤᠳᠠᠯ᠎ᠳᠤ  ᠠᠭᠤᠰᠤᠯᠴᠠᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ ᠪᠦᠲᠦᠭᠡᠨ ᠪᠠᠢ᠌ᠭᠤᠯᠤᠯᠲᠠ ᠵᠢ ᠠᠷᠠᠳ᠎ᠤᠨ ᠶᠠᠪᠤᠳᠠᠯ᠎ᠤᠨ ᠠᠵᠢᠯ᠎ᠤᠨ ᠡᠯ᠎ᠡ ᠬᠦᠷᠢᠶ᠎ᠡ ᠡᠯ᠎ᠡ ᠲᠠᠯ᠎ᠠ᠎ᠳᠤ ᠬᠦᠷᠲᠡᠯ᠎ᠡ ᠤᠬᠠᠮᠰᠠᠷ᠎ᠠᠴᠠ᠎ᠪᠠᠨ ᠥᠷᠭᠡᠳᠬᠡᠬᠦ ᠬᠡᠷᠡᠭᠲᠡᠢ᠃
     ᠲᠢᠡᠭᠭᠢᠮ᠎ᠤᠨ ᠤᠳᠤᠷᠢᠳᠤᠯᠭ᠎ᠠ ᠱᠠᠭ᠋ᠠᠷᠳᠠᠭᠰᠠᠨ᠎ᠨᠢ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠣᠭᠲᠠᠭᠤᠨ᠎ᠤ ᠬᠠᠯᠬᠠᠪᠴᠢ ᠵᠢ ᠪᠦᠲᠦᠭᠡᠨ ᠪᠠᠶ᠋ᠢᠭᠤᠯᠬᠤ ᠵᠢᠨ ᠲᠣᠭᠣᠷᠢᠨ᠎ᠳᠤ ᠦᠢ᠍ᠯᠡᠳᠦᠯ ᠵᠶ᠋ᠡᠨ ᠪᠠᠳᠠᠷᠠᠭᠤᠯᠵᠤ᠂ ᠠᠷᠠᠳ᠎ᠤᠨ ᠠᠮᠢᠳᠤᠷᠠᠯ᠎ᠤᠨ ᠠᠮᠤᠷ ᠲᠦᠪᠰᠢᠨ᠎ᠤ ᠬᠤᠷᠢᠭ᠎ᠠ ᠱᠤᠭᠤᠮ᠎ᠤᠨ ᠲᠣᠣᠷ᠎ᠢ ᠤᠯᠠᠮ ᠨᠢᠭᠲᠠ ᠪᠠᠲᠤ ᠰᠦᠯᠵᠢᠵᠦ᠂ ᠬᠦᠴᠢᠷᠳᠡᠯᠲᠡᠢ ᠤᠯᠠᠨ ᠲᠦᠮᠡᠨ᠎ᠤ ᠲᠤᠰᠠᠯᠠᠮᠵᠢ ᠵᠢᠨ ᠪᠠᠳᠤᠯᠠᠭ᠎ᠠ ᠵᠢᠨ ᠪᠠᠷᠢᠮᠵᠢᠶ᠎ᠠ ᠵᠢᠨ ᠬᠥᠳᠡᠯᠦᠩᠭᠦᠢ ᠪᠠᠢ᠌ᠳᠠᠯ᠎ᠢ ᠲᠤᠬᠢᠷᠠᠭᠤᠯᠬᠤ ᠲᠣᠭᠲᠠᠴᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠦᠨᠳᠦᠰᠦᠨ ᠪᠠᠳᠤᠯᠠᠭ᠎ᠠ ᠵᠢᠨ ᠦᠷ᠎ᠡ ᠪᠦᠲᠦᠭᠡᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠎ᠯᠤᠭ᠎ᠠ ᠪᠦᠲᠦᠮᠵᠢᠲᠡᠢ ᠵᠣᠯᠭ᠋ᠠᠭᠤᠯᠬᠤ ᠵᠢ ᠪᠡᠬᠢᠵᠢᠭᠦᠯᠦᠨ ᠥᠷᠭᠡᠳᠬᠡᠵᠦ᠂ ᠨᠡᠢ᠌ᠭᠡᠮ᠎ᠤᠨ ᠠᠰᠠᠷᠠᠮᠵᠢ ᠵᠢᠨ ᠲᠦᠪᠰᠢᠨ᠎ᠢ ᠴᠢᠷᠮᠠᠢ᠌ᠨ ᠳᠡᠭᠡᠭᠰᠢᠯᠡᠭᠦᠯᠵᠦ᠂ ᠬᠦᠴᠢᠷᠳᠡᠯᠲᠡᠢ ᠤᠯᠠᠨ ᠲᠦᠮᠡᠨ᠎ᠢ ᠨᠡᠩ ᠬᠦᠷᠲᠡᠮᠵᠢ ᠵᠢᠨ ᠲᠥᠷᠥᠭᠳᠡᠯ᠎ᠲᠠᠢ᠂ ᠨᠡᠡᠭ ᠵᠣᠯ ᠵᠢᠷᠭ᠋ᠠᠯᠲᠤ ᠲᠥᠷᠥᠭᠳᠡᠯ᠂ ᠨᠡᠡᠭ ᠠᠮᠤᠷ ᠠᠮᠤᠭᠤᠯᠠᠡᠭ ᠲᠥᠷᠥᠭᠳᠡᠯ᠎ᠲᠠᠢ ᠪᠤᠯᠭ᠋ᠠᠬᠤ ᠬᠡᠷᠡᠭᠳᠡᠢ᠃ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠠᠮᠤᠷ ᠲᠦᠪᠰᠢᠨ᠎ᠤ ᠬᠠᠮᠢᠶᠠᠷᠤᠯᠲᠠ ᠵᠢ ᠤᠯᠠᠮ ᠪᠣᠳᠠᠲᠠᠢ ᠠᠳᠬᠤᠵᠤ᠂ ᠡᠨᠳᠡᠯ᠎ᠠᠴᠠ ᠭᠦᠨᠵᠡᠭᠡᠢ ᠰᠤᠷᠭ᠋ᠠᠮᠵᠢ ᠠᠪᠴᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠦᠷᠭᠦᠯᠵᠢᠯᠡᠨ ᠴᠢᠩᠭ᠎ᠠ ᠠᠳᠬᠤᠵᠤ᠂ ᠠᠮᠤᠷ ᠲᠦᠪᠰᠢᠨ᠎ᠤ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠵᠤ ᠵᠠᠰᠠᠬᠤ ᠠᠵᠢᠯ᠎ᠢ ᠪᠠᠢ᠌ᠩᠭᠤᠵᠢᠭᠤᠯᠤᠨ ᠥᠷᠨᠢᠭᠦᠯᠵᠦ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠤ ᠡᠨᠳᠡᠯ ᠭᠠᠷᠬᠤ᠎ᠠᠴᠠ ᠡᠷᠡᠰ ᠬᠣᠷᠢᠭᠯᠠᠬᠤ ᠬᠡᠷᠡᠭᠲᠡᠢ᠃ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ ᠵᠢᠨ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠦᠷᠢᠶ᠎ᠡ ᠴᠠᠷᠠᠭ᠋ᠠᠨ᠎ᠤ ᠤᠯᠤᠰ ᠲᠦᠷᠦ ᠵᠢᠨ ᠠᠮᠤᠷ ᠲᠦᠪᠰᠢᠨ᠎ᠤ ᠤᠬᠠᠮᠰᠠᠷ᠎ᠢ ᠤᠯᠠᠮ ᠳᠡᠭᠡᠭᠰᠢᠯᠡᠭᠦᠯᠵᠦ᠂ ᠤᠯᠠᠨ ᠲᠦᠮᠡᠨ᠎ᠤ ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠢ ᠨᠠᠷᠢᠨ ᠪᠣᠳᠠᠲᠠᠢ ᠠᠳᠬᠤᠵᠤ᠂ ᠡᠯ᠎ᠡ ᠲᠦᠷᠦᠯ᠎ᠤᠨ ᠠᠶᠤᠯ ᠲᠦᠭᠰᠢᠭᠦᠷᠢ ᠵᠢᠨ ᠭᠡᠮ ᠰᠣᠭᠣᠭ᠎ᠢ ᠴᠢᠷᠮᠠᠢ᠌ᠨ ᠰᠡᠷᠬᠡᠢ᠌ᠯᠡᠬᠦ ᠬᠡᠷᠡᠭᠳᠡᠢ᠃ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠶ᠋ᠢᠭᠤᠯᠬᠤ ᠵᠢᠨ ᠲᠣᠭᠣᠷᠢᠨ᠎ᠳᠤ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠣᠷᠣᠰᠢᠭᠤᠯᠭ᠎ᠠ ᠵᠢᠨ  ᠬᠦᠷᠢᠶ᠎ᠡ ᠴᠠᠷᠠᠭ᠋ᠠᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠵᠠᠰᠠᠯᠲᠠ ᠵᠢ ᠴᠢᠨᠠᠭᠰᠢᠳᠠ ᠴᠢᠩᠭ᠋ᠠᠳᠬᠠᠵᠤ᠂ ᠲᠣᠭᠲᠠᠭ᠋ᠠᠯ᠎ᠠᠴᠠ  ᠵᠦᠷᠢᠴᠡᠨ ᠪᠠᠢ᠌ᠭᠤᠯᠤᠬᠰᠠᠨ ᠤᠡᠭᠭᠤᠨ᠎ᠤ ᠭᠠᠵᠠᠷ᠎ᠢ  ᠴᠦᠬᠡᠳᠬᠡᠬᠦ᠂ ᠨᠡᠮᠡᠭᠳᠡᠯ᠎ᠢ ᠬᠢᠵᠠᠭ᠋ᠠᠷᠯᠠᠬᠤ ᠠᠵᠢᠯ᠎ᠢ ᠦᠷᠬᠦᠯᠵᠢᠯᠡᠨ ᠠᠬᠢᠭᠤᠯᠵᠤ᠂ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ᠂ ᠬᠣᠭᠣᠰᠤᠨ᠎ᠢ ᠨᠦᠬᠦᠪᠤᠷᠢᠯᠡᠬᠦ ᠵᠢ ᠦᠷᠭᠦᠯᠵᠢᠯᠡᠨ ᠲᠦᠷᠬᠡᠳᠬᠡᠵᠤ᠂ ᠭᠠᠵᠠᠷ ᠠᠷᠪᠢᠯᠠᠬᠤ ᠠᠮᠢ ᠠᠬᠤᠢ ᠵᠢᠨ ᠣᠷᠣᠰᠢᠭᠤᠯᠭ᠎ᠠ ᠵᠢᠨ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠶᠡᠬᠡ᠎ᠪᠠᠷ ᠠᠬᠢᠭᠤᠯᠬᠤ ᠬᠡᠷᠡᠭᠲᠡᠢ᠃ ᠣᠷᠴᠢᠨ ᠠᠬᠤᠢ ᠵᠢᠨ ᠬᠠᠮᠠᠭ᠋ᠠᠯᠠᠯᠲᠠ ᠵᠢᠨ ᠲᠥᠷᠥᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠪᠣᠢ᠌ᠵᠢᠭᠤᠯᠤᠨ ᠲᠡᠳᠬᠦᠬᠦ ᠪᠠ ᠶᠡᠷᠤᠡᠭᠭᠡᠢ᠌ᠯᠡᠭᠰᠡᠨ ᠬᠢᠨᠠᠯᠳᠠ ᠬᠠᠮᠢᠶᠠᠷᠤᠯᠳᠠ ᠵᠢ ᠤᠯᠠᠮ ᠴᠢᠩᠭ᠋ᠠᠳᠬᠠᠵᠤ᠂ ᠣᠷᠴᠢᠨ ᠠᠬᠤᠢ ᠵᠢᠨ ᠬᠠᠮᠠᠭ᠋ᠠᠯᠠᠯᠲᠠ ᠵᠢᠨ ᠲᠥᠷᠥᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠢᠭᠤᠳ ᠳᠠᠩᠰᠠᠯᠠᠬᠤ ᠳᠦᠷᠢᠮ᠎ᠢ ᠪᠠᠢ᠌ᠭᠤᠯᠵᠤ᠂ ᠨᠠᠷᠢᠯᠢᠭ ᠣᠨᠣᠴᠠᠲᠠᠢ᠎ᠪᠠᠷ ᠵᠣᠯᠭ᠋ᠠᠭᠤᠯᠬᠤ ᠦᠢ᠍ᠯᠡᠴᠢᠯᠡᠭᠡ ᠪᠠ ᠬᠡᠷᠡᠭᠴᠡᠭᠡ ᠱᠠᠭ᠋ᠠᠷᠳᠠᠯᠭ᠎ᠠ ᠵᠢ ᠭᠦᠨᠵᠡᠭᠡᠢ  ᠨᠠᠢ᠌ᠳᠠᠪᠤᠷᠢᠵᠢᠭᠤᠯᠬᠤ ᠬᠡᠷᠡᠭᠳᠡᠢ᠃ 《ᠬᠣᠶᠠᠷ ᠰᠠᠭᠤᠷᠢᠨ》 《ᠨᠢᠭᠡ ᠪᠡᠬᠢᠯᠡᠯᠲᠡ》 ᠵᠢ ᠪᠠᠶ᠋ᠢᠭᠤᠯᠬᠤ ᠵᠢᠨ ᠲᠣᠭᠣᠷᠢᠨ᠎ᠳᠤ ᠢᠳᠡᠪᠬᠢᠲᠡᠢ᠎ᠪᠠᠷ ᠦᠢ᠍ᠯᠡᠴᠢᠯᠡᠬᠦ ᠵᠢᠨ ᠲᠣᠭᠣᠷᠢᠨ᠎ᠳᠤ ᠠᠭᠤᠰᠤᠯᠴᠠᠵᠤ᠂ ᠡᠯ᠎ᠡ ᠱᠠᠲᠤᠨ᠎ᠤ ᠡᠯ᠎ᠡ ᠲᠥᠷᠥᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠰᠠᠢ᠌ᠨ ᠳᠤᠷ᠎ᠠ ᠵᠢᠨ ᠵᠣᠬᠢᠶᠠᠨ ᠪᠠᠢ᠌ᠭᠤᠯᠤᠯᠲᠠ᠂ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢ ᠥᠷᠭᠡᠨ ᠵᠶ᠋ᠡᠷ ᠳᠠᠶ᠋ᠢᠴᠢᠯᠠᠨ ᠵᠢᠯᠤᠭᠣᠳᠴᠤ ᠪᠠᠢ᠌ᠭ᠋ᠠᠳ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠥᠨᠳᠥᠷ ᠲᠦᠪᠰᠢᠨ ᠵᠶ᠋ᠡᠷ ᠭᠠᠳᠠᠭᠰᠢ ᠨᠡᠭᠡᠭᠡᠯᠲᠡ ᠬᠢᠬᠦ ᠵᠡᠷᠭᠡ ᠠᠵᠢᠯ᠎ᠳᠤ ᠢᠳᠡᠪᠬᠢᠲᠡᠢ ᠣᠷᠣᠯᠴᠠᠭᠤᠯᠵᠤ᠂ 《ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ》᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠂ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠡᠷᠭᠡ ᠵᠢ ᠭᠦᠢ᠍ᠴᠡᠳ ᠠᠰᠢᠭᠯᠠᠨ ᠦᠨᠳᠦᠰᠦᠨ ᠱᠠᠲᠤᠨ᠎ᠤ ᠰᠠᠭᠤᠷᠢ ᠵᠢ ᠪᠡᠬᠢᠵᠢᠭᠦᠯᠵᠦ᠂  ᠴᠢᠨᠠᠷᠯᠢᠭ ᠬᠥᠭᠵᠢᠯᠲᠡ ᠵᠢ ᠬᠢᠵᠠᠭ᠋ᠠᠷᠯᠠᠵᠤ ᠪᠠᠢ᠌ᠭ᠎ᠠ ᠲᠦᠭᠵᠢᠷᠡᠯ᠎ᠤᠨ ᠠᠰᠠᠭᠤᠳᠠᠯ᠎ᠢ ᠬᠠᠮᠳᠤ᠎ᠪᠠᠷ ᠰᠢᠢ᠍ᠳᠪᠤᠷᠢᠯᠡᠬᠦ ᠬᠡᠷᠡᠭᠳᠡᠢ᠃ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠪᠦᠲᠦᠭᠡᠨ ᠪᠠᠢ᠌ᠭᠤᠯᠤᠯᠲᠠ᠎ᠲᠠᠢ ᠤᠶᠠᠯᠳᠤᠭᠤᠯᠤᠨ ᠬᠥᠭᠵᠢᠯᠲᠡ ᠵᠢ ᠠᠬᠢᠭᠤᠯᠵᠤ᠂ 《ᠰᠢᠨ᠎ᠡ ᠴᠠᠭ ᠦᠶ᠎ᠡ᠂ ᠰᠢᠨ᠎ᠡ ᠨᠡᠢ᠌ᠭᠡᠮ ᠲᠣᠭᠣᠷᠢᠭ᠂ ᠰᠢᠨ᠎ᠡ ᠠᠮᠢᠳᠤᠷᠠᠯ》᠎ᠤᠨ ᠦᠢ᠍ᠯᠡᠴᠢᠯᠡᠭᠡᠨ᠎ᠤ ᠵᠠᠰᠠᠯᠲᠠ ᠵᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠵᠢ ᠥᠷᠨᠢᠭᠦᠯᠬᠦ ᠪᠠ 《2121》 ᠢᠨᠵᠧᠨᠧᠷᠢᠩ᠎ᠢ ᠬᠡᠷᠡᠭᠵᠢᠭᠦᠯᠬᠦ᠎ᠪᠠᠷ ᠭᠣᠣᠯ ᠪᠠᠷᠢᠴᠨ ᠪᠣᠯᠭ᠋ᠠᠵᠤ᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠢ ᠴᠢᠩᠭ᠋ᠠᠳᠬᠠᠬᠤ ᠳᠤᠮᠳᠠ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠰᠢᠰᠲᠸᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠠᠷᠠᠳ᠎ᠤᠨ ᠶᠠᠪᠤᠳᠠᠯ᠎ᠤᠨ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠰᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠦᠨ᠂ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠳᠤᠲᠠᠭᠤᠳᠠᠯ᠎ᠢ ᠲᠦᠷᠭᠡᠨ ᠨᠥᠬᠥᠪᠦᠷᠢᠯᠡᠵᠦ᠂ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠂ ᠪᠠᠢ᠌ᠭᠤᠯᠤᠮᠵᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠡᠰ ᠲᠡᠪᠰᠢᠬᠦᠯᠬᠦ ᠵᠢ ᠠᠬᠢᠭᠤᠯᠬᠤ ᠬᠡᠷᠡᠭᠳᠡᠢ᠃ ᠤᠯᠤᠰ᠎ᠤᠨ ᠣᠷᠣᠭ ᠲᠠᠡᠭᠰᠠᠯᠠᠯᠳᠠ ᠵᠢ ᠮᠤᠵᠢ ᠠᠯᠤᠰᠯᠠᠨ ᠲᠤᠭᠤᠰᠢᠳᠠᠢ ᠭᠦᠢ᠍ᠴᠡᠳᠬᠡᠬᠦ ᠲᠤᠬᠠᠢ ᠮᠤᠵᠢ ᠵᠢᠨ ᠱᠠᠲᠤᠨ᠎ᠤ ᠲᠤᠷᠰᠢᠯᠲᠠ ᠵᠢᠨ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠨᠢᠭᠡᠳᠦᠯᠲᠡᠢ ᠲᠥᠯᠥᠪᠯᠡᠨ ᠰᠠᠢ᠌ᠲᠤᠷ ᠠᠳᠬᠤᠵᠤ᠂ ᠣᠷᠣᠭ ᠲᠠᠡᠭᠰᠠᠯᠠᠯᠳᠠ ᠵᠢᠨ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠪᠥᠬᠥ ᠲᠠᠯ᠎ᠠ᠎ᠪᠠᠷ ᠲᠡᠭᠡᠭᠰᠢᠯᠡᠬᠦᠯᠬᠦ ᠬᠡᠷᠡᠭᠳᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠤᠬᠠᠭᠤᠯᠭ᠎ᠠ ᠬᠥᠮᠦᠵᠢᠯ᠎ᠢ ᠭᠠᠴᠠᠭ᠎ᠠ ᠲᠣᠰᠬᠣᠨ᠎ᠤ ᠨᠡᠢ᠌ᠭᠡᠮ ᠲᠣᠭᠣᠷᠢᠭ᠎ᠲᠤ ᠣᠷᠣᠭᠤᠯᠬᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠣᠷᠣᠭᠤᠯᠬᠤ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠪᠠ ᠦᠢ᠍ᠯᠡᠴᠢᠯᠡᠭᠡᠨ᠎ᠤ ᠲᠠᠯᠠᠪᠤᠷ᠎ᠲᠤ ᠣᠷᠣᠭᠤᠯᠬᠤ ᠵᠢ ᠠᠬᠢᠭᠤᠯᠵᠤ᠂ ᠠᠵᠢᠯᠯᠠᠭ᠎ᠠ ᠵᠢᠨ ᠢᠯᠡ ᠲᠣᠳᠣ ᠲᠥᠷᠥᠭᠳᠡᠯ᠎ᠲᠠᠢ ᠪᠥᠭᠡᠳ ᠪᠦᠲᠦᠮᠵᠢᠲᠡᠶ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃《ᠮᠣᠩᠭᠣᠯ ᠮᠣᠷᠢᠨ᠎ᠤ ᠵᠣᠷᠢᠭ ᠰᠠᠨᠠᠭ᠎ᠠ》ᠵᠢ ᠶᠡᠬᠡ᠎ᠪᠠᠷ ᠪᠠᠳᠠᠷᠠᠭᠤᠯᠵᠤ᠂ ᠭᠣᠣᠯ ᠰᠡᠳᠦᠪᠲᠦ ᠬᠥᠮᠦᠵᠢᠯ᠎ᠢ ᠥᠷᠨᠢᠭᠦᠯᠬᠦ᠎ᠪᠠᠷ ᠳᠠᠮᠵᠢᠭᠤᠯᠤᠨ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠭᠦᠨᠵᠡᠭᠡᠢ᠌ᠷᠡᠭᠦᠯᠬᠦ᠂ ᠳᠣᠲᠣᠭᠰᠢᠯᠠᠭᠤᠯᠬᠤ᠂ ᠤᠯᠠᠷᠢᠭᠤᠯᠬᠤ ᠵᠢ ᠠᠬᠢᠭᠤᠯᠵᠤ᠂ ᠤᠯᠤᠰ ᠲᠦᠷᠦ ᠵᠢᠨ ᠴᠢᠳᠠᠪᠤᠷᠢ᠂ ᠰᠡᠳᠬᠢᠮᠵᠢ ᠵᠢᠨ ᠴᠢᠳᠠᠪᠤᠷᠢ᠂ ᠦᠢ᠍ᠯᠡᠳᠦᠯᠭᠡ ᠵᠢᠨ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃ ᠦᠢ᠍ᠯᠡᠰ᠎ᠢ ᠬᠥᠮᠥᠨ ᠪᠦᠳᠤᠬᠡᠬᠦ᠂ ᠠᠵᠢᠯ᠎ᠢ ᠬᠢᠬᠦ᠎ᠳᠤ ᠪᠤᠢ ᠬᠡᠬᠦ ᠠᠵᠢᠯ᠎ᠤᠨ ᠤᠢ᠌ᠯᠠᠭ᠋ᠠᠬᠳᠠᠬᠤᠨ᠎ᠢ ᠪᠤᠢ ᠪᠤᠯᠭ᠋ᠠᠵᠤ᠂ ᠵᠣᠷᠢᠭᠲᠠᠢ ᠰᠡᠳᠬᠢᠵᠦ ᠵᠣᠷᠢᠭᠲᠠᠢ ᠬᠢᠬᠦ᠂ ᠵᠣᠷᠢᠭᠲᠠᠢ ᠬᠢᠵᠦ ᠵᠣᠷᠢᠭᠲᠠᠢ ᠲᠡᠮᠡᠴᠡᠬᠦ ᠠᠵᠢᠯ᠎ᠤᠨ ᠡᠷᠴᠢ ᠵᠣᠷᠢᠭ᠎ᠢ ᠪᠠᠳᠠᠷᠠᠭᠤᠯᠤᠨ᠂ ᠬᠠᠷᠠᠯᠲᠠ᠎ᠳᠤ᠎ᠪᠠᠨ ᠠᠩᠬᠠᠷᠤᠯ ᠵᠶ᠋ᠠᠨ ᠲᠥᠪᠯᠡᠷᠡᠭᠦᠯᠦᠨ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠯᠠᠪᠳᠠᠭᠤᠨ ᠪᠠᠲᠤᠲᠠᠢ ᠤᠷᠤᠭᠰᠢᠯᠠᠨ ᠲᠠᠪᠰᠢᠬᠤ ᠬᠡᠷᠡᠭᠲᠡᠢ᠃ ᠪᠣᠳᠠᠲᠠᠢ ᠵᠢ ᠡᠷᠬᠢᠮᠯᠡᠬᠦ ᠰᠤᠷᠲᠠᠯ᠎ᠢ ᠶᠡᠬᠡ᠎ᠪᠠᠷ ᠪᠠᠳᠠᠷᠠᠭᠤᠯᠵᠤ᠂ ᠠᠷᠢᠭᠤᠨ ᠴᠢᠭᠴᠢ ᠰᠤᠷᠲᠠᠯ᠎ᠢ ᠪᠠᠳᠠᠷᠠᠭᠤᠯᠵᠤ᠂ ᠠᠷᠪᠢᠴᠢ ᠪᠣᠷᠣᠭᠵᠢᠭᠤᠨ ᠰᠤᠷᠲᠠᠯ᠎ᠢ ᠪᠤᠢ ᠪᠣᠯᠭ᠋ᠠᠵᠤ᠂ ᠬᠠᠷᠠᠯᠲᠠ ᠡᠭᠦᠷᠭᠡ ᠵᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠠᠬᠢᠴᠠ ᠵᠢ ᠴᠢᠩᠭ᠎ᠠ ᠠᠩᠬᠠᠷᠴᠤ᠂ ᠲᠠᠨᠭ᠌ᠰᠠ ᠮᠡᠳᠡᠭᠦᠯᠬᠦ ᠤᠬᠠᠮᠰᠠᠷ ᠵᠶ᠋ᠠᠨ ᠴᠢᠩᠭ᠋ᠠᠳᠬᠠᠵᠤ᠂ ᠦᠷ᠎ᠡ ᠪᠦᠲᠦᠮᠵᠢ ᠵᠢ ᠴᠢᠩᠭ᠎ᠠ ᠠᠩᠬᠠᠷᠴᠤ᠂  ᠡᠪᠬᠡᠮᠡᠯ ᠲᠤᠰᠢᠶᠠᠬᠤ ᠤᠬᠠᠮᠰᠠᠷ ᠵᠶ᠋ᠠᠨ ᠴᠢᠩᠭ᠋ᠠᠳᠬᠠᠵᠤ᠂ ᠡᠷᠴᠢ ᠵᠣᠷᠢᠭ ᠵᠶ᠋ᠡᠨ ᠬᠤᠷᠴᠠᠯᠠᠨ ᠶᠠᠰᠤ ᠴᠢᠨᠠᠷ᠂ ᠦᠷ᠎ᠡ ᠪᠦᠲᠦᠮᠵᠢ ᠵᠢ᠎ᠨᠢ ᠳᠡᠭᠡᠭᠰᠢᠯᠡᠭᠦᠯᠬᠦ ᠲᠡᠭᠦᠰ ᠲᠡᠭᠦᠯᠳᠡᠷ ᠪᠠᠢ᠌ᠳᠠᠯ ᠵᠶ᠋ᠠᠷ ᠠᠵᠢᠯ ᠬᠢᠵᠦ ᠦᠢ᠍ᠯᠡᠰ ᠪᠤᠰᠬᠠᠨ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠬᠡᠷᠡᠭᠲᠡᠢ᠃
  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠭᠣᠣᠯ ᠰᠡᠳᠦᠪᠲᠦ ᠬᠥᠮᠦᠵᠢᠯ᠎ᠤᠨ ᠶᠢᠰᠦᠳᠦᠭᠡᠷ ᠲᠣᠭᠣᠷᠢᠨ ᠵᠢᠯᠤᠭᠣᠳᠬᠤ ᠳᠤᠭᠤᠢ᠌ᠯᠠᠩ᠎ᠤᠨ ᠪᠦᠷᠢᠯᠳᠦᠭᠦᠨ ᠵᠤᠤ ᠬᠣᠩ ᠸᠧᠢ᠂ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠣᠭᠣᠷᠢᠨ ᠪᠠᠢ᠌ᠴᠠᠭ᠋ᠠᠭᠴᠢ᠂ ᠲᠢᠩᠬᠢᠮ᠎ᠤᠨ ᠪᠠᠢ᠌ᠭᠤᠯᠭ᠎ᠠ ᠵᠢᠨ ᠪᠦᠬᠦ ᠨᠠᠮ᠎ᠤᠨ ᠭᠡᠰᠢᠭᠦᠨ ᠺᠠᠳ᠋ᠷ᠂ ᠲᠢᠩᠬᠢᠮ᠎ᠤᠨ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠬᠡᠴᠢ ᠵᠢᠨ ᠰᠠᠯᠠᠭ᠋ᠠᠨ᠎ᠤ ᠲᠡᠰ᠎ᠠᠴᠠ ᠳᠡᠭᠡᠭᠰᠢᠬᠢ ᠺᠠᠳ᠋ᠷ 100 ᠭᠠᠷᠤᠢ ᠬᠥᠮᠥᠨ ᠲᠤᠰ ᠠᠵᠢᠯᠯᠠᠭ᠎ᠠ᠎ᠳᠤ ᠤᠷᠤᠯᠴᠠᠵᠠᠢ᠃



 

 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ 《ᠰᠡᠳᠬᠢᠯ ᠵᠶ᠋ᠡᠨ ᠨᠢᠭᠡᠳᠬᠡᠨ ᠰᠦᠭ ᠰᠦᠨᠡᠰᠦ ᠵᠢ ᠱᠤᠭᠤᠵᠤ᠂ ᠦᠨᠳᠦᠰᠦ ᠵᠢ ᠪᠠᠲᠤᠳᠬᠠᠨ ᠦᠨᠡᠨᠴᠢ ᠰᠢᠳᠤᠷᠭᠤ᠂ ᠪᠣᠳᠠᠲᠠᠢ᠎ᠪᠠᠷ ᠠᠵᠢᠯᠯᠠᠵᠤ ᠬᠠᠷᠢᠭᠤᠴᠠᠯᠭ᠎ᠠ᠎ᠪᠠᠨ ᠢᠯᠡᠷᠡᠭᠦᠯᠬᠦ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠴᠢ ᠪᠠᠲᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠲᠤᠰᠬᠠᠢ ᠰᠡᠳᠦᠪᠲᠦ ᠨᠠᠮ᠎ᠤᠨ ᠬᠢᠴᠢᠶᠡᠯ ᠤᠷᠤᠪᠠ
ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠯᠭ᠎ᠠ ᠵᠢᠨ ᠭᠣᠣᠯ ᠳᠤᠭᠤᠢ᠌ᠯᠠᠩ ᠦᠪᠦᠷ ᠮᠣᠩᠭᠣᠯ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠪᠠ ᠨᠠᠰᠤᠵᠢᠯᠲᠠ᠎ᠳᠤ ᠳᠣᠬᠢᠷᠠᠬᠤ ᠦᠢ᠍ᠯᠡᠳᠭᠦᠨ᠎ᠤ ᠦᠵᠡᠭᠦᠯᠦᠯᠭᠡ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠲᠥᠪ᠎ᠲᠤ ᠬᠦᠷᠴᠦ ᠪᠠᠢ᠌ᠴᠠᠭ᠋ᠠᠨ ᠰᠣᠳᠣᠯᠪᠡ
ᠮᠢᠨᠤ ᠭᠡᠷ᠎ᠤᠨ ᠠ᠋ᠨᠭ᠌ᠬᠦᠷᠡᠢ ᠠᠮᠢᠲᠠᠳ
ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠤᠯ᠎ᠤᠨ ᠦᠯᠢᠭᠡᠷ ᠎ᠤᠨ ᠰᠢᠨ᠎ᠡ ᠣᠷᠴᠢᠭᠤᠯᠭ᠎ᠠ᠄ ᠠᠯᠢᠮ᠎ᠠ᠎ᠪᠠᠨ ᠨᠠᠢ᠌ᠷ ᠲᠠᠯᠪᠢᠭᠴᠢ ᠺᠦᠡᠭ ᠷᠦᠡᠭ
 
            