ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠳᠤ 6 ᠳ᠋ᠤᠭ᠋ᠠᠷ ᠰᠠᠷ᠎ᠠ ᠵᠢᠨ 29᠎ᠤ ᠡᠳᠦᠷ 《ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠴᠢᠨᠠᠷᠯᠢᠭ ᠬᠥᠭᠵᠢᠯᠲᠡ ᠵᠢ ᠬᠦᠴᠦᠯᠡᠨ ᠠᠬᠢᠭᠤᠯᠤᠶ᠎ᠠ》 ᠭᠡᠬᠦ ᠰᠡᠳᠦᠪ ᠵᠶ᠋ᠡᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ᠎ᠲᠤ ᠲᠤᠰᠬᠠᠢ ᠰᠡᠳᠦᠪᠲᠦ ᠨᠠᠮ᠎ᠤᠨ ᠬᠢᠴᠢᠶᠡᠯ ᠤᠷᠤᠬᠰᠠᠨ ᠪᠠᠢ᠌ᠨ᠎ᠠ᠃
ᠴᠢ ᠪᠠᠲᠤ ᠵᠢᠭ᠋ᠠᠬᠰᠠᠨ᠎ᠨᠢ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠰᠢ ᠵᠢᠨ ᠫᠢᠡᠭ ᠶᠡᠷᠦᠩᠬᠡᠢ ᠱᠦᠵᠢ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠤᠯᠠᠨ ᠤᠳᠠᠭ᠎ᠠ ᠴᠢᠬᠤᠯᠠ ᠥᠭᠦᠯᠡᠯᠲᠡ ᠪᠠ ᠴᠢᠬᠤᠯᠠ ᠵᠢᠭ᠋ᠠᠪᠤᠷᠢ ᠥᠭᠴᠦ᠂ ᠰᠢᠨ᠎ᠡ ᠴᠠᠭ ᠦᠶ᠎ᠡ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠤᠯᠤᠰ ᠲᠦᠷᠦ ᠵᠢᠨ ᠰᠢᠨᠵᠢ ᠴᠢᠨᠠᠷ᠂ ᠪᠦᠬᠦ ᠲᠠᠯ᠎ᠠ ᠵᠢᠨ ᠪᠠᠢ᠌ᠷᠢ ᠲᠣᠭᠲᠠᠭ᠋ᠠᠯᠲᠠ᠂ ᠡᠭᠦᠷᠭᠡ ᠬᠠᠷᠢᠭᠤᠴᠠᠯᠭ᠎ᠠ ᠵᠢ ᠭᠦᠨᠵᠡᠭᠡᠢ ᠢᠯᠡᠷᠡᠭᠦᠯᠵᠦ᠂ ᠰᠢᠨ᠎ᠡ ᠴᠠᠭ ᠦᠶ᠎ᠡ ᠵᠢᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ᠎ᠳᠤ ᠦᠨᠳᠦᠰᠦᠨ ᠵᠢᠷᠤᠮᠯᠠᠯ ᠬᠠᠡᠭᠭ᠋ᠠᠬᠰᠠᠨ ᠶᠤᠮ᠃ ᠰᠢ ᠵᠢᠨ ᠫᠢᠩ ᠶᠡᠷᠤᠡᠭᠭᠡᠢ ᠱᠦᠵᠢ ᠦᠨᠤ ᠵᠢᠯ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠵᠤ ᠴᠢᠬᠤᠯᠠ ᠶᠠᠷᠢᠶ᠎ᠠ ᠲᠠᠯᠪᠢᠬᠤ᠎ᠳᠤ᠎ᠪᠠᠨ ᠪᠠᠰᠠ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠤ ᠨᠡᠢ᠌ᠭᠡᠮ᠎ᠤᠨ ᠲᠤᠰᠠᠯᠠᠮᠵᠢ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠪᠣᠯᠣᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠬᠠᠮᠢᠶ᠎ᠠ ᠪᠦᠬᠦᠢ ᠠᠵᠢᠯ᠎ᠳᠤ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠃ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠠᠮ᠎ᠤᠨ ᠭᠡᠰᠢᠭᠦᠨ ᠺᠠᠳ᠋ᠷᠴᠤᠳ ᠰᠢ ᠵᠢᠨ ᠫᠢᠩ ᠶᠡᠷᠦᠩᠬᠡᠢ ᠱᠦᠵᠢ ᠴᠢᠬᠤᠯᠠ ᠶᠠᠷᠢᠶᠠᠨ᠎ᠤ ᠪᠠᠶᠠᠯᠢᠭ ᠠᠭᠤᠯᠤᠭᠳᠠᠬᠤᠨ᠂ ᠭᠣᠣᠯ ᠴᠢᠬᠤᠯᠠ ᠠᠭᠤᠯᠭ᠎ᠠ᠂ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠤᠯᠤᠰ ᠲᠦᠷᠦ ᠵᠢᠨ᠂ ᠪᠠᠢ᠌ᠯᠳᠤᠬᠤ ᠪᠣᠳᠣᠯᠭ᠎ᠠ ᠵᠢᠨ᠂ ᠪᠦᠬᠦ ᠲᠠᠯ᠎ᠠ ᠵᠢᠨ ᠥᠨᠳᠥᠷᠴᠡ᠎ᠠᠴᠠ ᠭᠦᠨᠵᠡᠭᠡᠢ ᠣᠢ᠌ᠯᠠᠭ᠋ᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠵᠢᠭ᠋ᠠᠭᠰᠠᠨ ᠴᠢᠭᠯᠡᠯ ᠵᠶ᠋ᠡᠷ ᠡᠷᠡᠰ ᠭᠤᠢ᠌ᠪᠢᠰᠢ ᠦᠭᠡᠢ᠎ᠪᠠᠷ ᠡᠷᠡᠯᠬᠡᠭᠯᠡᠨ ᠤᠷᠤᠭᠰᠢᠯᠠᠵᠤ᠂ ᠲᠤᠤᠭᠰᠢᠯᠠᠭᠤᠯᠤᠨ ᠨᠠᠢ᠌ᠳᠠᠪᠤᠷᠢᠵᠢᠭᠤᠯᠬᠤ ᠵᠢ ᠬᠢᠨᠠᠮᠠᠭ᠋ᠠᠢ ᠰᠠᠢ᠌ᠲᠤᠷ ᠠᠳᠬᠤᠬᠤ ᠬᠡᠷᠡᠭᠲᠡᠢ᠃
ᠴᠢ ᠪᠠᠲᠤ ᠴᠢᠬᠤᠯᠠᠴᠢᠯᠠᠭᠰᠠᠨ᠎ᠨᠢ᠂ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠥᠭᠦᠯᠡᠯᠲᠡ ᠪᠣᠯᠣᠨ ᠴᠢᠬᠤᠯᠠ ᠵᠢᠭ᠋ᠠᠪᠤᠷᠢ᠎ᠠᠴᠠ ᠠᠷᠠᠳ᠎ᠤᠨ ᠶᠠᠪᠤᠳᠠᠯ᠎ᠤᠨ ᠠᠵᠢᠯ᠎ᠤᠨ ᠪᠠᠢ᠌ᠷᠢ ᠰᠠᠭᠤᠷᠢ ᠪᠣᠯᠣᠨ ᠦᠢ᠍ᠯᠡᠳᠦᠯ᠎ᠢ ᠭᠦᠢ᠍ᠴᠡᠳ ᠲᠠᠨᠢᠵᠤ᠂ ᠰᠢ ᠵᠢᠨ ᠫᠢᠡᠭ ᠶᠡᠷᠦᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠳᠤ ᠲᠠᠯᠪᠢᠭᠰᠠᠨ ᠴᠢᠬᠤᠯᠠ ᠱᠠᠭ᠋ᠠᠷᠳᠠᠯᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠨᠡᠢ᠌ᠭᠡᠮ᠎ᠤᠨ ᠲᠤᠰᠠᠯᠠᠮᠵᠢ᠂ ᠨᠡᠢ᠌ᠭᠡᠮ᠎ᠤᠨ ᠠᠰᠠᠷᠠᠮᠵᠢ᠂ ᠨᠡᠢ᠌ᠭᠡᠮ᠎ᠤᠨ ᠵᠠᠰᠠᠯᠲᠠ᠂ ᠨᠡᠢ᠌ᠭᠡᠮ᠎ᠤᠨ ᠦᠢ᠍ᠯᠡᠴᠢᠯᠡᠭᠡᠨ᠎ᠤ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ᠎ᠤᠨ ᠠᠷᠠᠳ᠎ᠤᠨ ᠶᠠᠪᠤᠳᠠᠯ᠎ᠤᠨ ᠠᠵᠢᠯ᠎ᠤᠨ ᠪᠠᠢ᠌ᠷᠢᠯᠠᠭᠤᠯᠤᠯᠲᠠ ᠵᠢ ᠠᠷᠠᠳ ᠤᠯᠠᠨ᠎ᠤ ᠰᠡᠳᠬᠢᠯ ᠬᠠᠨᠤᠮᠵᠢᠲᠠᠢ ᠴᠢᠨᠠᠷᠵᠢᠭᠤᠨ ᠦᠢ᠍ᠯᠡᠴᠢᠯᠡᠭᠡ ᠪᠣᠯᠭ᠋ᠠᠨ ᠬᠤᠪᠢᠷᠠᠭᠤᠯᠬᠤ᠎ᠪᠠᠷ ᠴᠢᠷᠮᠠᠢ᠌ᠵᠤ᠂ ᠠᠷᠠᠳ ᠤᠯᠠᠨ᠎ᠤ ᠰᠡᠳᠬᠢᠯ᠎ᠢ ᠮᠡᠳᠡᠭᠴᠢ ᠪᠠ ᠳᠣᠲᠣᠨᠣ ᠬᠥᠮᠥᠨ ᠪᠣᠯᠵᠤ᠂ ᠨᠡᠢ᠌ᠭᠡᠮ᠎ᠤᠨ ᠡᠶ᠎ᠡ ᠵᠣᠬᠢᠴᠠᠩᠭᠤᠢ ᠲᠣᠭᠲᠠᠭᠤᠨ ᠪᠠᠢ᠌ᠳᠠᠯ᠎ᠢ ᠨᠡᠩ ᠰᠠᠢ᠌ᠲᠤᠷ ᠠᠬᠢᠭᠤᠯᠵᠤ᠂ ᠨᠠᠮ᠎ᠤᠨ ᠲᠦᠷᠦ ᠪᠠᠷᠢᠬᠤ ᠨᠡᠢ᠌ᠭᠡᠮ᠎ᠤᠨ ᠰᠠᠭᠤᠷᠢ ᠵᠢ ᠪᠠᠲᠤᠳᠬᠠᠬᠤ ᠬᠡᠷᠡᠭᠲᠡᠢ᠃ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠥᠭᠦᠯᠡᠯᠲᠡ ᠪᠣᠯᠣᠨ ᠴᠢᠬᠤᠯᠠ ᠵᠢᠭ᠋ᠠᠪᠤᠷᠢ᠎ᠠᠴᠠ ᠠᠷᠠᠳ᠎ᠤᠨ ᠶᠠᠪᠤᠳᠠᠯ᠎ᠤᠨ ᠠᠵᠢᠯ᠎ᠤᠨ ᠡᠭᠦᠷᠭᠡᠯᠡᠵᠦ ᠪᠠᠢ᠌ᠭ᠎ᠠ ᠴᠢᠬᠤᠯᠠ ᠶᠡᠬᠡ ᠬᠠᠷᠢᠭᠤᠴᠠᠯᠭ᠎ᠠ ᠵᠢ ᠭᠦᠨᠵᠡᠭᠡᠢ ᠡᠵᠡᠮᠳᠡᠵᠦ᠂ ᠠᠷᠠᠳ᠎ᠤᠨ ᠠᠮᠢᠳᠤᠷᠠᠯ᠎ᠤᠨ ᠦᠨᠳᠦᠰᠦᠨ ᠪᠠᠳᠤᠯᠠᠭ᠎ᠠ ᠵᠢᠨ ᠠᠮᠤᠷ ᠲᠦᠪᠰᠢᠨ᠎ᠤ ᠲᠣᠣᠷ᠎ᠢ ᠪᠡᠬᠢᠵᠢᠭᠦᠯᠵᠦ᠂ ᠪᠦᠬᠦ ᠲᠠᠯ᠎ᠠ ᠵᠢ ᠪᠦᠷᠬᠦᠭᠰᠡᠨ᠂ ᠱᠠᠲᠤ ᠲᠦᠷᠦᠯ ᠬᠤᠪᠢᠶᠠᠭᠰᠠᠨ᠂ ᠶᠡᠷᠦᠩᠬᠡᠢ᠌ᠯᠡᠭᠰᠡᠨ ᠥᠨᠳᠥᠷ ᠪᠦᠲᠦᠮᠵᠢᠲᠡᠢ ᠨᠡᠢ᠌ᠭᠡᠮ᠎ᠤᠨ ᠲᠤᠰᠠᠯᠠᠮᠵᠢ ᠵᠢᠨ ᠪᠠᠢ᠌ᠷᠢᠰᠢᠯ᠎ᠢ ᠪᠠᠶ᠋ᠢᠭᠤᠯᠬᠤ ᠬᠡᠷᠡᠭᠲᠡᠢ᠃ ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠢᠨᠠᠬᠤ ᠪᠠ ᠲᠤᠰᠠᠯᠠᠮᠵᠢ ᠵᠢᠨ ᠪᠠᠢ᠌ᠩᠭᠤ ᠵᠢᠨ ᠲᠣᠭᠲᠠᠴᠠ ᠵᠢ ᠪᠠᠶ᠋ᠢᠭᠤᠯᠬᠤ᠂ ᠨᠡᠢ᠌ᠭᠡᠮ᠎ᠤᠨ ᠲᠤᠰᠠᠯᠠᠮᠵᠢ ᠪᠠ ᠪᠠᠲᠤᠯᠠᠭ᠎ᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠬᠦ ᠵᠡᠷᠭᠡ ᠠᠷᠭ᠎ᠠ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠵᠢᠨ ᠦᠷ᠎ᠡ ᠪᠦᠲᠦᠭᠡᠯ᠎ᠢ ᠲᠠᠰᠤᠷᠠᠯᠳᠠ ᠦᠭᠡᠢ ᠪᠡᠬᠢᠵᠢᠭᠦᠯᠦᠨ ᠦᠷᠬᠡᠳᠬᠡᠬᠦ ᠬᠡᠷᠡᠭᠳᠡᠢ᠃ 《 ᠨᠠᠰᠤᠲᠠᠢ᠌ᠴᠤᠳ ᠬᠡᠤᠬᠡᠳ》 ᠪᠠ ᠵᠡᠮᠳᠡᠭᠴᠦᠳ᠎ᠤᠨ ᠠᠰᠠᠷᠠᠮᠵᠢ ᠵᠢᠨ ᠳᠦᠷᠢᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠨᠢᠭᠦᠯᠡᠰᠦᠩᠭᠦᠢ ᠵᠢᠨ ᠠᠵᠢᠯ ᠲᠥᠷᠥᠯ ᠵᠡᠷᠭᠡ ᠵᠢᠨ ᠬᠣᠯᠪᠤᠭ᠋ᠠᠯᠠᠨ ᠬᠥᠳᠡᠯᠦᠯᠴᠡᠬᠦ ᠦᠢ᠍ᠯᠡᠳᠦᠯ᠎ᠢ ᠪᠠᠳᠠᠷᠠᠭᠤᠯᠤᠨ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ ᠬᠦᠴᠦᠷᠬᠡᠭ ᠶᠡᠬᠡ ᠬᠠᠮ ᠬᠦᠴᠦᠨ᠎ᠢ ᠨᠢᠬᠳᠠᠷᠡᠠᠭᠤᠯᠬᠤ ᠬᠡᠷᠡᠭᠳᠡᠢ᠃ ᠠᠷᠠᠳ᠎ᠤᠨ ᠠᠮᠢᠳᠤᠷᠠᠯ᠎ᠤᠨ ᠦᠨᠳᠦᠰᠦᠨ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠪᠠ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠵᠦ᠂ ᠵᠠᠩ ᠳᠠᠳᠬᠠᠯ᠎ᠢ ᠦᠬᠡᠷᠡᠴᠢᠯᠡᠬᠦ ᠠᠵᠢᠯ᠎ᠢ ᠣᠯᠠᠨ ᠠᠷᠭ᠎ᠠ᠎ᠪᠠᠷ ᠬᠦᠨᠵᠡᠬᠡᠢ᠌ᠷᠡᠬᠦᠯᠬᠦ ᠬᠡᠷᠡᠭᠳᠡᠢ᠃ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠱᠠᠭ᠋ᠠᠷᠳᠠᠯᠭ᠎ᠠ ᠶᠣᠰᠣᠭ᠋ᠠᠷ ᠰᠢᠨ᠎ᠡ ᠴᠠᠭ ᠦᠶ᠎ᠡ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠢᠳᠡᠪᠬᠢᠲᠡᠢ ᠠᠬᠢᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠳᠤᠮᠳᠠ ᠵᠢᠮ᠎ᠡ ᠶᠣᠰᠣ ᠵᠢ ᠣᠢ᠌ᠯᠠᠭ᠋ᠠᠵᠤ᠂ ᠣᠶᠤᠨ ᠤᠬᠠᠭ᠋ᠠᠨ ᠵᠶ᠋ᠠᠨ ᠴᠡᠨᠡᠭᠯᠡᠨ᠂ ᠴᠢᠳᠠᠪᠤᠷᠢ᠎ᠪᠠᠨ ᠳᠡᠭᠡᠭᠰᠢᠯᠡᠭᠦᠯᠵᠦ᠂ ᠰᠢ ᠵᠢᠨ ᠫᠢᠡᠭ ᠶᠡᠷᠦᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠴᠢᠬᠤᠯᠠ ᠵᠢᠭ᠋ᠠᠪᠤᠷᠢ᠎ᠠᠴᠠ ᠴᠢᠭᠯᠡᠯ ᠵᠶ᠋ᠡᠨ ᠲᠣᠳᠣᠷᠬᠠᠢ᠌ᠯᠠᠵᠤ᠂ ᠠᠷᠭ᠎ᠠ ᠵᠢ ᠰᠤᠷᠤᠯᠴᠠᠵᠤ᠂ ᠠᠷᠭ᠎ᠠ ᠵᠠᠮ᠎ᠢ ᠡᠷᠢᠯᠬᠢᠯᠡᠵᠦ᠂ ᠰᠤᠷᠤᠯᠴᠠᠯᠭ᠎ᠠ᠎ᠪᠠᠷ ᠰᠦᠭ ᠰᠦᠨᠡᠰᠦ ᠵᠢ ᠱᠤᠭᠤᠬᠤ᠂ ᠰᠤᠷᠤᠯᠴᠠᠯᠭ᠎ᠠ᠎ᠪᠠᠷ ᠤᠶᠤᠨ ᠤᠬᠠᠭ᠋ᠠᠨ᠎ᠢ ᠨᠡᠮᠡᠭᠳᠡᠭᠦᠯᠬᠦ᠂ ᠰᠤᠷᠤᠯᠴᠠᠯᠭ᠎ᠠ᠎ᠪᠠᠷ ᠰᠤᠷᠲᠠᠯ᠎ᠢ ᠲᠥᠪ ᠪᠤᠯᠭ᠋ᠠᠬᠤ᠂ ᠰᠤᠷᠤᠯᠴᠠᠯᠭ᠎ᠠ᠎ᠪᠠᠷ ᠠᠵᠢᠯ᠎ᠢ ᠠᠬᠢᠭᠤᠯᠬᠤ ᠲᠠᠯ᠎ᠠ᠎ᠪᠠᠷ ᠪᠤᠳᠠᠳᠠᠢ ᠠᠵᠢᠯᠯᠠᠭ᠎ᠠ᠎ᠲᠠᠢ ᠪᠣᠯᠵᠤ᠂ ᠪᠣᠳᠠᠲᠤ ᠦᠷ᠎ᠡ ᠪᠦᠲᠦᠮᠵᠢ᠎ᠲᠠᠢ ᠪᠣᠯᠵᠤ᠂ ᠭᠣᠣᠯ ᠤᠶᠤᠨ ᠴᠢᠳᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠤᠯᠤᠨ ᠵᠠᠰᠠᠭ᠎ᠤᠨ ᠣᠷᠳᠣᠨ᠎ᠤ ᠳᠡᠭᠡᠳᠦ ᠬᠡᠮᠵᠢᠶ᠎ᠡ᠎ᠪᠠᠷ ᠠᠩᠬᠠᠷᠴᠤ ᠪᠠᠢ᠌ᠭ᠎ᠠ ᠶᠡᠬᠡ ᠶᠠᠪᠤᠳᠠᠯ ᠴᠢᠬᠤᠯᠠ ᠶᠠᠪᠤᠳᠠᠯ ᠳᠡᠭᠡᠷ᠎ᠡ ᠲᠠᠯᠪᠢᠵᠤ᠂ ᠠᠷᠠᠳ ᠤᠯᠠᠨ᠎ᠤ ᠲᠤᠯᠭ᠋ᠠᠮ ᠰᠢᠢ᠍ᠳᠪᠦᠷᠢᠯᠡᠬᠦ ᠴᠢᠬᠤᠯᠠᠲᠠᠢ ᠬᠦᠴᠢᠷ ᠶᠠᠪᠤᠳᠠᠯ ᠪᠠᠴᠢᠮ ᠶᠠᠪᠤᠳᠠᠯ ᠳᠡᠭᠡᠷ᠎ᠡ ᠲᠠᠯᠪᠢᠵᠤ᠂ ᠡᠯ᠎ᠡ ᠲᠦᠷᠦᠯ᠎ᠤᠨ ᠪᠦᠲᠦᠮᠵᠢᠲᠡᠢ ᠡᠬᠢ ᠪᠠᠶᠠᠯᠢᠭ᠎ᠢ ᠨᠡᠢ᠌ᠳᠬᠡᠵᠦ᠂ ᠠᠵᠢᠯ ᠵᠶ᠋ᠠᠨ ᠠᠬᠢᠭᠤᠯᠬᠤ ᠬᠠᠮ ᠬᠦᠴᠦᠨ᠎ᠢ ᠨᠢᠭᠲᠠᠷᠠᠭᠤᠯᠬᠤ ᠬᠡᠷᠡᠭᠲᠡᠢ᠃ 《ᠠᠷᠠᠳ᠎ᠤᠨ ᠶᠠᠪᠤᠳᠠᠯ ᠠᠷᠠᠳ᠎ᠤᠨ ᠲᠥᠯᠥᠭᠡ᠂ ᠠᠷᠠᠳ᠎ᠤᠨ ᠶᠠᠪᠤᠳᠠᠯ ᠠᠷᠠᠳ ᠵᠶ᠋ᠠᠨ ᠬᠠᠢ᠌ᠷᠠᠯᠠᠬᠤ》 ᠣᠢ᠌ᠯᠠᠭ᠋ᠠᠭᠳᠠᠬᠤᠨ᠎ᠢ ᠭᠦᠨᠵᠡᠭᠡᠢ ᠦᠢ᠍ᠯᠡᠳᠦᠯᠭᠡᠵᠢᠭᠦᠯᠵᠦ᠂ ᠴᠣᠭ ᠰᠦᠯᠳᠡ᠎ᠪᠠᠨ ᠪᠠᠳᠠᠷᠠᠭᠤᠯᠤᠨ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠬᠠᠷᠢᠭᠤᠴᠠᠯᠭ᠎ᠠ᠎ᠪᠠᠨ ᠡᠭᠦᠷᠭᠡᠯᠡᠵᠦ ᠴᠢᠳᠠᠮᠠᠭ᠋ᠠᠢ᠎ᠪᠠᠷ ᠠᠵᠢᠯᠯᠠᠵᠤ᠂ ᠤᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢ᠌ᠭ᠎ᠠ ᠠᠰᠠᠭᠤᠳᠠᠯ᠎ᠢ ᠭᠤᠤᠯᠳᠠᠯᠭ᠎ᠠ᠎ᠲᠠᠢ ᠰᠢᠢ᠍ᠳᠪᠤᠷᠢᠯᠡᠨ᠂ ᠣᠯᠠᠨ ᠲᠦᠮᠡᠨ᠎ᠳᠤ ᠪᠣᠳᠠᠲᠠᠢ ᠶᠠᠪᠤᠳᠠᠯ᠂ ᠰᠠᠢ᠌ᠨ ᠶᠠᠪᠤᠳᠠᠯ᠎ᠬᠢᠨ ᠦᠭᠴᠤ᠂ ᠠᠷᠠᠳ ᠣᠯᠠᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠠᠮᠤᠭᠤᠯᠠᠡᠭ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠬᠦᠯᠬᠦ ᠬᠡᠷᠡᠭᠳᠡᠢ᠃
ᠬᠢᠴᠢᠶᠡᠯ᠎ᠠᠴᠠ ᠡᠮᠦᠨ᠎ᠡ᠂ ᠴᠢ ᠪᠠᠲᠤ ᠥᠪᠡᠷᠲᠡᠭᠡᠨ ᠵᠠᠰᠠᠬᠤ ᠣᠷᠣᠨ᠎ᠤ ᠠᠰᠠᠷᠠᠮᠵᠢ ᠵᠢᠨ ᠱᠠᠡᠭᠨᠠᠯᠳᠤ ᠰᠤᠭᠤᠯᠤᠭ᠎ᠠ ᠵᠢᠨ ᠪᠤᠷᠤᠯᠠᠭᠤᠯᠤᠯᠳᠠ ᠬᠠᠮᠢᠶᠠᠷᠤᠯᠲᠠ ᠵᠢᠨ ᠲᠥᠪ᠎ᠤᠨ ᠪᠤᠷᠤᠯᠠᠭᠤᠯᠤᠯᠳᠠ ᠵᠢᠨ ᠦᠵᠡᠭᠦᠯᠦᠯᠭᠡ ᠵᠢᠨ ᠲᠢᠩᠬᠢᠮ᠎ᠳᠤ ᠪᠠᠢ᠌ᠴᠠᠭ᠋ᠠᠨ ᠰᠤᠳᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ᠎ᠤ ᠠᠰᠠᠷᠠᠮᠵᠢ ᠵᠢᠨ ᠱᠠᠡᠭᠨᠠᠯᠳᠤ ᠰᠤᠭᠤᠯᠤᠭ᠎ᠠ ᠵᠢᠨ ᠪᠤᠷᠤᠯᠠᠭᠤᠯᠤᠯᠳᠠ ᠬᠠᠮᠢᠶᠠᠷᠤᠯᠲᠠ ᠵᠢᠨ ᠲᠥᠪ᠎ᠤᠨ᠎ᠬᠢᠨ᠎ᠤ ᠭᠣᠣᠯ ᠰᠡᠳᠦᠪᠲᠦ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ 《ᠰᠤᠷᠤᠯᠴᠠᠯᠭ᠎ᠠ᠎ᠪᠠᠷ ᠠᠵᠢᠯ᠎ᠢ ᠠᠬᠢᠭᠤᠯᠬᠤ》 ᠠᠵᠢᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠤᠨᠤᠰᠤᠬᠰᠠᠨ ᠪᠠᠢ᠌ᠨ᠎ᠠ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠰᠦᠨ ᠯᠢ ᠵᠢᠶᠠᠨ᠂ ᠠᠷᠠᠳ᠎ᠤᠨ ᠶᠠᠪᠤᠳᠠᠯ᠎ᠤᠨ ᠲᠢᠩᠬᠢᠮ᠎ᠤᠨ ᠲᠢᠡᠭᠭᠢᠮ᠎ᠳᠤ᠎ᠪᠠᠨ ᠪᠠᠢ᠌ᠭ᠎ᠠ ᠲᠢᠩᠬᠢᠮ᠎ᠤᠨ ᠲᠠᠰ᠎ᠤᠨ ᠺᠠᠳ᠋ᠷ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠪᠠ ᠲᠢᠩᠬᠢᠮ᠎ᠤᠨ ᠪᠠᠢ᠌ᠭᠤᠯᠭ᠎ᠠ᠂ ᠰᠢᠭᠤᠳ ᠬᠠᠷᠢᠶ᠎ᠠ ᠨᠢᠬᠡᠴᠢ ᠵᠢᠨ ᠳᠡᠳ᠋ ᠭᠠᠵᠠᠷ᠎ᠤᠨ ᠲᠠᠰ᠎ᠠᠴᠠ ᠳᠡᠭᠡᠭᠰᠢᠬᠢ ᠨᠠᠮ᠎ᠤᠨ ᠭᠡᠰᠢᠭᠦᠨ ᠺᠠᠳ᠋ᠷ᠂ ᠥᠪᠡᠷᠲᠡᠭᠡᠨ ᠵᠠᠰᠠᠬᠤ ᠣᠷᠣᠨ᠎ᠤ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ ᠪᠤᠷᠤᠯᠠᠭᠤᠯᠤᠯᠳᠠ ᠬᠠᠮᠢᠶᠠᠷᠤᠯᠲᠠ ᠵᠢᠨ ᠲᠥᠪ᠎ᠤᠨ ᠪᠥᠬᠥ ᠨᠠᠮ᠎ᠤᠨ ᠭᠡᠰᠢᠭᠦᠨ ᠺᠠᠳ᠋ᠷ ᠬᠢᠴᠢᠶᠡᠯ ᠰᠤᠨᠤᠰᠪᠠ᠃