ᠵᠢᠶᠠᠡᠭ ᠸᠠᠠ ᠯᠢ ᠮᠡᠳᠡᠬᠡᠯᠡᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠵᠶ᠋ᠡᠷ ᠲᠦᠷᠦᠭᠦᠯᠡᠭᠦᠯᠦᠭᠰᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠨᠡᠢ᠌ᠭᠡᠮ᠎ᠤᠨ ᠠᠵᠢᠯ᠎ᠤᠨ ᠲᠢᠩᠬᠢᠮ ᠤᠨ ᠬᠣᠭᠣᠷᠣᠨᠳᠣᠬᠢ ᠬᠣᠯᠪᠤᠭ᠋ᠠᠲᠤ ᠬᠤᠷᠠᠯ 6 ᠳ᠋ᠤᠭ᠋ᠠᠷ ᠰᠠᠷ᠎ᠠ ᠵᠢᠨ 2᠎ᠤᠨ ᠡᠳᠦᠷ᠎ᠤᠨ ᠦᠳᠡ ᠵᠢᠨ ᠡᠮᠦᠨ᠎ᠡ ᠬᠥᠬᠡᠬᠣᠲᠠ᠎ᠳᠤ ᠬᠤᠷᠠᠯᠳᠤᠪᠠ᠃ ᠬᠤᠷᠠᠯ ᠲᠡᠬᠡᠷ᠎ᠡ 2022 ᠣᠨ᠎ᠤ ᠨᠡᠢ᠌ᠭᠡᠮ᠎ᠤᠨ ᠠᠵᠢᠯ᠎ᠢ ᠠᠬᠢᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠪᠦᠬᠦ ᠲᠠᠯ᠎ᠠ᠎ᠪᠠᠷ ᠳ᠋ᠦᠩᠨᠡᠵᠦ᠂ 2023 ᠣᠨ᠎ᠤ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠪᠠᠢ᠌ᠷᠢᠯᠠᠭᠤᠯᠵᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ᠂ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ᠂ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠠᠵᠢᠯ᠎ᠤᠨ ᠲᠢᠩᠬᠢᠮ ᠤᠨ ᠬᠣᠭᠣᠷᠣᠨᠳᠣᠬᠢ ᠬᠣᠯᠪᠤᠭ᠋ᠠᠲᠤ ᠬᠤᠷᠠᠯ᠎ᠢ ᠬᠤᠷᠠᠯᠳᠤᠭᠤᠯᠤᠭᠴᠢ ᠬᠥᠩ ᠸᠧᠢ ᠴᠦᠨ ᠬᠤᠷᠠᠯ᠎ᠢ ᠡᠷᠭᠢᠯᠡᠪᠡ᠃
ᠬᠤᠷᠠᠯ ᠲᠡᠬᠡᠷ᠎ᠡ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠠᠵᠢᠯ᠎ᠤᠨ ᠲᠢᠩᠬᠢᠮ ᠤᠨ ᠬᠣᠭᠣᠷᠣᠨᠳᠣᠬᠢ ᠬᠣᠯᠪᠤᠭ᠋ᠠᠲᠤ ᠬᠤᠷᠠᠯ᠎ᠤᠨ ᠠᠯᠪᠠᠨ ᠭᠡᠷ᠎ᠤᠨ᠎ᠬᠢᠨ᠎ᠤ ᠬᠢᠭᠰᠡᠨ 《ᠪᠦᠬᠦ ᠣᠷᠣᠨ᠎ᠤ 2022 ᠣᠨ᠎ᠤ ᠨᠡᠢ᠌ᠭᠡᠮ᠎ᠤᠨ ᠠᠵᠢᠯ᠎ᠢ ᠠᠬᠢᠭᠤᠯᠵᠤ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠤᠨ ᠲᠤᠬᠠᠢ ᠮᠡᠳᠡᠭᠦᠯᠦᠯᠲᠡ》 ᠵᠢ ᠰᠤᠨᠤᠰᠤᠬᠰᠠᠨ ᠪᠦᠬᠡᠳ 《ᠥᠪᠡᠷᠲᠡᠭᠡᠨ ᠵᠠᠰᠠᠬᠤ ᠣᠷᠣᠨ᠎ᠤ 2023 ᠣᠨ᠎ᠤ ᠨᠡᠢ᠌ᠭᠡᠮ᠎ᠤᠨ ᠠᠵᠢᠯ ᠪᠤᠯᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢᠨ ᠠᠵᠢᠯ᠎ᠤᠨ ᠭᠣᠣᠯᠳᠠᠯᠭ᠎ᠠ》 ᠵᠢ ᠬᠢᠨᠠᠨ ᠵᠥᠪᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠣᠷᠢᠶ᠎ᠠ᠂ ᠡᠮᠡᠭᠲᠡᠢ᠌ᠴᠦᠳ᠎ᠤᠨ ᠬᠣᠯᠪᠣᠭ᠎ᠠ ᠵᠡᠷᠭᠡ 3 ᠪᠦᠷᠢᠯᠳᠦᠭᠦᠨ ᠨᠢᠬᠡᠴᠢ ᠵᠢᠨ᠎ᠬᠢᠨ ᠰᠠᠨᠠᠯ ᠵᠶ᠋ᠠᠨ ᠰᠣᠯᠢᠯᠴᠠᠬᠤ ᠶᠠᠷᠢᠶ᠎ᠠ ᠲᠠᠯᠪᠢᠵᠤ᠂ ᠭᠦᠩ ᠸᠧᠢ ᠴᠦᠨ ᠨᠥᠬᠥᠷ ᠳ᠋ᠦᠩᠨᠡᠯᠲᠡ ᠵᠢᠨ ᠶᠠᠷᠢᠶ᠎ᠠ ᠲᠠᠯᠪᠢᠵᠠᠢ᠃
ᠬᠤᠷᠠᠯ᠎ᠠᠴᠠ ᠦᠵᠡᠭᠰᠡᠨ᠎ᠨᠢ᠂ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠠᠵᠢᠯ᠎ᠤᠨ ᠲᠢᠩᠬᠢᠮ᠎ᠤᠨ ᠬᠣᠭᠣᠷᠣᠨᠳᠣᠬᠢ ᠬᠣᠯᠪᠤᠭ᠋ᠠᠲᠤ ᠬᠤᠷᠠᠯ᠎ᠤᠨ ᠡᠯ᠎ᠡ ᠪᠦᠷᠢᠯᠳᠤᠬᠦᠨ ᠨᠢᠬᠡᠴᠢ ᠵᠢᠨ᠎ᠬᠢᠨ᠎ᠤ ᠬᠠᠮᠲᠤ ᠵᠢᠨ ᠴᠢᠷᠮᠠᠢ᠌ᠯᠭ᠎ᠠ᠎ᠪᠠᠷ 2022 ᠣᠨ᠎ᠳᠤ ᠪᠦᠬᠦ ᠣᠷᠣᠨ᠎ᠤ ᠡᠯ᠎ᠡ ᠭᠠᠵᠠᠷ᠎ᠤᠨ᠎ᠬᠢᠨ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠨᠡᠢ᠌ᠭᠡᠮ᠎ᠤᠨ ᠠᠵᠢᠯ᠎ᠤᠨ ᠥᠷᠲᠡᠭᠡᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ 《ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ》 ᠵᠢ ᠢᠳᠡᠪᠬᠢᠲᠡᠢ ᠰᠦᠪᠡᠭᠴᠢᠯᠡᠨ ᠰᠢᠨ᠎ᠡ ᠵᠢ ᠡᠭᠦᠳᠴᠦ᠂ ᠳᠦᠷᠢᠮ᠎ᠤᠨ ᠪᠠᠲᠤᠯᠠᠭ᠎ᠠ᠂ ᠴᠢᠳᠠᠪᠤᠷᠢᠲᠠᠨ᠎ᠢ ᠬᠥᠮᠥᠵᠢᠭᠦᠯᠬᠦ᠂ ᠬᠦᠷᠢᠶ᠎ᠡ ᠴᠠᠷᠠᠭ᠎ᠠ ᠵᠢ ᠥᠷᠭᠡᠳᠬᠡᠬᠦ᠂ ᠲᠤᠬᠠᠢ᠌ᠯᠠᠭᠰᠠᠨ ᠠᠵᠢᠯ᠎ᠢ ᠠᠭᠤᠰᠤᠯᠴᠠᠭᠤᠯᠬᠤ ᠵᠡᠷᠭᠡ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠵᠤ᠂ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠰᠢᠰᠲᠸᠮ᠎ᠢ ᠲᠠᠰᠤᠷᠠᠯᠲᠠ ᠦᠭᠡᠢ ᠪᠦᠷᠢᠨᠰᠢᠭᠦᠯᠵᠦ᠂ ᠨᠡᠢ᠌ᠭᠡᠮ᠎ᠤᠨ ᠠᠵᠢᠯᠴᠢᠨ᠎ᠤ ᠴᠢᠳᠠᠪᠤᠷᠢᠲᠠᠨ᠎ᠤ ᠡᠩᠨᠡᠭᠡ ᠵᠢ ᠬᠥᠮᠥᠵᠢᠭᠦᠯᠬᠦ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠨᠡᠢ᠌ᠭᠡᠮ᠎ᠤᠨ ᠠᠵᠢᠯ᠎ᠤᠨ ᠨᠡᠢ᠌ᠭᠡᠮ᠎ᠤᠨ ᠵᠠᠰᠠᠯᠲᠠ᠎ᠳᠤ ᠣᠷᠣᠯᠴᠠᠬᠤ ᠠᠷᠭ᠎ᠠ ᠵᠠᠮ᠎ᠢ ᠲᠠᠰᠤᠷᠠᠯᠲᠠ ᠦᠭᠡᠢ ᠥᠷᠭᠡᠳᠬᠡᠪᠡ᠃ ᠪᠥᠬᠥ ᠣᠷᠣᠨ᠎ᠳᠤ ᠤᠳᠤ ᠨᠢᠭᠡᠨᠲᠡ 850 ᠨᠡᠢ᠌ᠭᠡᠮ᠎ᠤᠨ ᠠᠵᠢᠯ᠎ᠤᠨ ᠥᠷᠲᠡᠭᠡ ᠵᠢ ᠪᠠᠢ᠌ᠭᠤᠯᠵᠤ᠂ ᠬᠣᠰᠢᠭᠤ ᠰᠢᠶᠠᠨ (ᠬᠣᠲᠠ ᠲᠣᠭᠣᠷᠢᠭ)᠎ᠤ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠪ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠡᠢ᠌ᠭᠡᠮ᠎ᠤᠨ ᠠᠵᠢᠯ᠎ᠤᠨ ᠥᠷᠲᠡᠭᠡ ᠵᠢ ᠪᠦᠬᠦᠨ᠎ᠢ ᠬᠠᠮᠤᠷᠬᠤ ᠵᠢ ᠪᠡᠶᠡᠯᠡᠭᠦᠯᠵᠦ᠂ ᠨᠡᠢ᠌ᠭᠡᠮ᠎ᠤᠨ ᠠᠵᠢᠯ᠎ᠤᠨ ᠥᠷᠲᠡᠭᠡ ᠵᠢᠨ ᠲᠣᠭ᠎ᠠ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠶᠡᠷᠦᠩᠬᠡᠢ ᠲᠣᠭ᠋ᠠᠨ᠎ᠤ 83%᠎ᠳᠤ ᠬᠥᠷᠪᠡ᠃ ᠪᠦᠬᠦ ᠣᠷᠣᠨ ᠵᠶ᠋ᠠᠷ ᠵᠶ᠋ᠠᠨ 《ᠨᠠᠰᠤᠳᠠᠢ᠌ᠴᠤᠳ ᠭᠡᠤᠬᠡᠳ ᠬᠦᠴᠢᠷᠳᠡᠯᠳᠡᠢ᠌ᠴᠤᠳ ᠵᠡᠮᠳᠡᠭᠴᠦᠳ》᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶ᠎ᠡ ᠴᠠᠷᠠᠭ᠋ᠠᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠢ᠌ᠭᠡᠮ᠎ᠤᠨ ᠠᠵᠢᠯ᠎ᠤᠨ ᠲᠤᠰᠬᠠᠢ ᠦᠢ᠍ᠯᠡᠴᠢᠯᠡᠭᠡᠨ᠎ᠤ ᠲᠦᠷᠦᠯ ᠵᠦᠢ᠍ᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠪᠦᠬᠦ ᠣᠷᠣᠨ᠎ᠤ ᠨᠡᠢ᠌ᠭᠡᠮ᠎ᠤᠨ ᠠᠵᠢᠯ᠎ᠤᠨ ᠴᠢᠳᠠᠪᠤᠷᠢᠲᠠᠨ᠎ᠤ ᠡᠩᠨᠡᠭᠡ 3 ᠲᠦᠮᠡ ᠰᠢᠬᠠᠮ ᠬᠥᠮᠥᠨ᠎ᠲᠠᠢ ᠪᠤᠯᠤᠬᠰᠠᠨ᠎ᠤ ᠲᠤᠳᠤᠷ᠎ᠠ ᠦᠨᠡᠮᠯᠡᠯ᠎ᠲᠠᠢ ᠨᠡᠢ᠌ᠭᠡᠮ᠎ᠤᠨ ᠠᠵᠢᠯᠴᠢᠨ 1.21 ᠲᠦᠮᠡ ᠭᠠᠷᠤᠢ ᠬᠥᠮᠥᠨ ᠪᠠᠢ᠌ᠵᠤ᠂ ᠰᠢᠢ᠍ᠳᠪᠦᠷᠢᠲᠦ ᠪᠣᠳᠣᠯᠭ᠎ᠠ ᠵᠢ ᠬᠠᠮᠳᠤ᠎ᠪᠠᠷ ᠰᠦᠪᠡᠭᠴᠢᠯᠡᠬᠦ᠂ ᠬᠠᠮᠳᠤ᠎ᠪᠠᠷ ᠪᠠᠢ᠌ᠭᠤᠯᠤᠨ ᠬᠦᠭᠵᠢᠭᠦᠯᠬᠦ᠂ ᠦᠷ᠎ᠡ ᠪᠦᠲᠦᠭᠡᠯ᠎ᠢ ᠬᠠᠮᠳᠤ᠎ᠪᠠᠷ ᠡᠳ᠋ᠯᠡᠭᠰᠡᠨ ᠪᠦᠬᠦ ᠣᠷᠣᠨ᠎ᠤ ᠨᠡᠢ᠌ᠭᠡᠮ᠎ᠤᠨ ᠠᠵᠢᠯ᠎ᠤᠨ ᠬᠥᠭᠵᠢᠯᠲᠡ ᠵᠢᠨ ᠠᠮᠢᠵᠢᠷᠠᠯ ᠪᠢᠯᠬᠠᠬᠰᠠᠨ ᠪᠠᠢ᠌ᠳᠠᠯ᠎ᠢ ᠪᠦᠷᠢᠯᠳᠦᠭᠦᠯᠵᠡᠢ᠃
ᠬᠤᠷᠠᠯ᠎ᠠᠴᠠ ᠵᠢᠭ᠋ᠠᠬᠰᠠᠨ᠎ᠨᠢ᠂ ᠨᠡᠢ᠌ᠬᠡᠮ᠎ᠤᠨ ᠠᠵᠢᠯ᠎ᠨᠢ ᠨᠢᠭᠡᠨᠲᠡ ᠨᠡᠢ᠌ᠭᠡᠮ᠎ᠤᠨ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠬᠦ᠂ ᠠᠷᠠᠳ ᠤᠯᠠᠨ᠎ᠤ ᠠᠩᠬᠠᠷᠤᠯ᠎ᠳᠤ ᠢᠳᠡᠪᠬᠢᠲᠡᠢ ᠬᠠᠷᠢᠭᠤᠯᠲᠠ ᠥᠭᠬᠦ᠂ ᠬᠠᠮᠳᠤ᠎ᠪᠠᠷ ᠪᠠᠶ᠋ᠢᠭᠤᠯᠬᠤ ᠬᠠᠮᠳᠤ᠎ᠪᠠᠷ ᠵᠠᠰᠠᠬᠤ ᠬᠠᠮᠳᠤ᠎ᠪᠠᠷ ᠡᠳ᠋ᠯᠡᠬᠦ ᠨᠡᠢ᠌ᠭᠡᠮ᠎ᠤᠨ ᠵᠠᠰᠠᠯᠲᠠ ᠵᠢᠨ ᠪᠠᠢ᠌ᠷᠢᠰᠢᠯ᠎ᠢ ᠪᠤᠢ ᠪᠣᠯᠭ᠋ᠠᠬᠤ ᠴᠢᠬᠤᠯᠠ ᠲᠤᠯᠭ᠋ᠠᠭᠤᠷᠢᠯᠠᠯ ᠪᠣᠯᠵᠤ᠂ ᠠᠷᠠᠳ ᠲᠦᠮᠡᠨ᠎ᠤ ᠠᠮᠢᠳᠤᠷᠠᠯ᠎ᠤᠨ ᠰᠠᠢ᠌ᠨ ᠰᠠᠢ᠌ᠬᠠᠨ ᠬᠦᠰᠡᠯ ᠡᠷᠡᠮᠡᠯᠵᠡᠯ᠎ᠢ ᠪᠡᠶᠡᠯᠡᠭᠦᠯᠬᠦ᠂ ᠨᠡᠢ᠌ᠭᠡᠮ ᠵᠢᠷᠤᠮ᠎ᠤᠨ ᠡᠶ᠎ᠡ ᠵᠣᠬᠢᠴᠠᠩᠭᠤᠢ ᠨᠡᠢ᠌ᠭᠡᠮ᠎ᠢ ᠪᠠᠶ᠋ᠢᠭᠤᠯᠬᠤ ᠠᠬᠢᠴᠠ᠎ᠳᠤ ᠣᠷᠣᠯᠠᠭᠤᠯᠵᠤ ᠪᠣᠯᠣᠰᠢ ᠦᠭᠡᠢ ᠦᠢ᠍ᠯᠡᠳᠦᠯ ᠦᠵᠡᠭᠦᠯᠵᠦ ᠪᠠᠢ᠌ᠨ᠎ᠠ᠃ ᠬᠠᠮᠲᠤᠷᠠᠭᠰᠠᠨ ᠬᠤᠷᠠᠯ᠎ᠤᠨ ᠡᠯ᠎ᠡ ᠪᠦᠷᠢᠯᠳᠦᠭᠦᠨ ᠨᠢᠬᠡᠴᠢ ᠵᠢᠨ᠎ᠬᠢᠨ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠡᠢ᠌ᠭᠡᠮ᠎ᠤᠨ ᠠᠵᠢᠯ᠎ᠤᠨ ᠰᠢᠨ᠎ᠡ ᠬᠥᠭᠵᠢᠯᠲᠡ ᠵᠢᠨ ᠱᠠᠲᠤᠨ᠎ᠳᠤ᠎ᠬᠢ ᠰᠢᠨ᠎ᠡ ᠪᠠᠢ᠌ᠷᠢ ᠲᠣᠭᠲᠠᠭ᠋ᠠᠯᠲᠠ ᠵᠢ ᠤᠨᠢᠨ ᠳᠡᠭᠡᠷ᠎ᠡ᠎ᠨᠢ ᠡᠵᠡᠮᠳᠡᠵᠦ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠳᠤ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠵᠤ᠂ ᠡᠯ᠎ᠡ ᠰᠠᠯᠠᠭ᠎ᠠ ᠮᠥᠴᠢᠷ ᠡᠯ᠎ᠡ ᠬᠦᠷᠢᠶ᠎ᠡ ᠴᠠᠷᠠᠭ᠎ᠠ᠎ᠳᠤ᠎ᠬᠢ ᠨᠡᠢ᠌ᠭᠡᠮ᠎ᠤᠨ ᠠᠵᠢᠯ᠎ᠤᠨ ᠬᠦᠴᠦᠨ᠎ᠢ ᠨᠡᠩ ᠰᠠᠢ᠌ᠲᠤᠷ ᠨᠢᠭᠲᠠᠷᠠᠭᠤᠯᠵᠤ᠂ ᠮᠠᠨ᠎ᠤ ᠣᠷᠣᠨ᠎ᠤ ᠰᠢᠨ᠎ᠡ ᠴᠠᠭ ᠦᠶ᠎ᠡ ᠵᠢᠨ ᠨᠡᠢ᠌ᠭᠡᠮ᠎ᠤᠨ ᠠᠵᠢᠯ᠎ᠤᠨ ᠴᠢᠨᠠᠷᠯᠢᠭ ᠬᠥᠭᠵᠢᠯᠲᠡ ᠵᠢ ᠬᠠᠮᠳᠤ᠎ᠪᠠᠷ ᠠᠬᠢᠭᠤᠯᠬᠤ ᠬᠡᠷᠡᠭᠲᠡᠢ᠃
ᠬᠤᠷᠠᠯ᠎ᠠᠴᠠ ᠱᠠᠭ᠋ᠠᠷᠳᠠᠬᠰᠠᠨ᠎ᠨᠢ᠂ ᠬᠣᠯᠪᠤᠭ᠋ᠠᠲᠤ ᠬᠤᠷᠠᠯ᠎ᠤᠨ ᠡᠯ᠎ᠡ ᠪᠦᠷᠢᠯᠳᠦᠭᠦᠨ ᠨᠢᠬᠡᠴᠢ ᠵᠢᠨ᠎ᠬᠢᠨ ᠨᠡᠢ᠌ᠭᠡᠮ᠎ᠤᠨ ᠠᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠪᠣᠯᠣᠨ ᠲᠤᠰᠬᠠᠢ ᠮᠡᠷᠭᠡᠵᠢᠯ᠎ᠤᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡ ᠵᠡᠷᠭᠡ ᠲᠠᠯ᠎ᠠ᠎ᠪᠠᠷ ᠬᠠᠮᠵᠢᠯᠴᠠᠨ ᠬᠦᠴᠦᠯᠡᠵᠦ᠂ ᠨᠡᠢ᠌ᠭᠡᠮ᠎ᠤᠨ ᠠᠵᠢᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠡᠷᠴᠢᠮ ᠵᠶ᠋ᠡᠨ ᠤᠯᠠᠮᠨ ᠴᠢᠩᠭ᠋ᠠᠷᠠᠭᠤᠯᠵᠤ᠂ ᠲᠤᠰᠬᠠᠢ ᠮᠡᠷᠭᠡᠵᠢᠯ᠎ᠤᠨ ᠪᠣᠯᠪᠠᠰᠤᠷᠠᠯ᠎ᠤᠨ ᠰᠠᠭᠤᠷᠢᠨ ᠪᠣᠯᠣᠨ ᠪᠠᠭᠰᠢ ᠵᠢᠨ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠰᠢᠨ᠎ᠡ ᠴᠠᠭ ᠦᠶ᠎ᠡ ᠵᠢᠨ ᠬᠥᠭᠵᠢᠯᠲᠡ᠎ᠲᠠᠢ ᠵᠣᠬᠢᠴᠠᠭᠰᠠᠨ ᠨᠡᠢ᠌ᠭᠡᠮ᠎ᠤᠨ ᠠᠵᠢᠯᠴᠢᠨ᠎ᠤ ᠴᠢᠳᠠᠪᠤᠷᠢᠲᠠᠨ᠎ᠤ ᠡᠩᠨᠡᠭᠡ ᠵᠢ ᠪᠤᠵᠠᠭ᠋ᠠᠢ᠌ᠷᠠᠭᠤᠯᠬᠤ ᠬᠡᠷᠡᠭᠲᠡᠢ᠃ ᠵᠠᠰᠠᠭ᠎ᠤᠨ ᠣᠷᠳᠣᠨ ᠤ ᠨᠡᠢ᠌ᠭᠡᠮ᠎ᠤᠨ ᠠᠵᠢᠯᠲᠠᠨ᠎ᠤ ᠦᠢ᠍ᠯᠡᠴᠢᠯᠡᠭᠡ ᠬᠤᠳᠠᠯᠳᠤᠨ ᠠᠪᠴᠤ ᠦᠭᠬᠦ᠂ ᠠᠵᠢᠯ᠎ᠤᠨ ᠪᠠᠢ᠌ᠷᠢ ᠵᠢᠨ ᠲᠣᠬᠢᠷᠠᠭᠤᠯᠤᠯᠲᠠ ᠪᠠ ᠴᠢᠳᠠᠪᠤᠷᠢᠲᠠᠨ᠎ᠤ ᠤᠷᠮᠠᠰᠢᠭᠤᠯᠤᠯ᠎ᠤᠨ ᠪᠠᠲᠤᠯᠠᠭ᠎ᠠ ᠵᠢᠨ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ ᠠᠵᠢᠯ᠎ᠢ ᠭᠦᠨᠵᠡᠭᠡᠢ ᠠᠬᠢᠭᠤᠯᠵᠤ᠂ ᠠᠵᠢᠯ ᠦᠢ᠍ᠯᠡᠰ᠎ᠤᠨ ᠨᠢᠬᠡᠴᠢ ᠵᠢᠨ᠎ᠬᠢᠨ᠎ᠤ ᠨᠡᠢ᠌ᠭᠡᠮ᠎ᠤᠨ ᠠᠵᠢᠯ᠎ᠤᠨ ᠪᠠᠢ᠌ᠷᠢ ᠵᠢ ᠨᠡᠭᠡᠭᠡᠨ ᠬᠥᠭᠵᠢᠭᠦᠯᠬᠦ ᠪᠠ ᠲᠣᠬᠢᠷᠠᠭᠤᠯᠬᠤ ᠡᠷᠴᠢᠮ᠎ᠢ ᠴᠢᠩᠭ᠋ᠠᠷᠠᠭᠤᠯᠤᠨ᠂ ᠦᠨᠡᠮᠯᠡᠯ᠎ᠲᠠᠢ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠠᠵᠢᠯᠲᠠᠨ᠎ᠤ ᠴᠠᠯᠢᠩ ᠬᠥᠯᠥᠰᠦ ᠵᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠢ᠃ ᠨᠡᠢ᠌ᠭᠡᠮ᠎ᠤᠨ ᠠᠵᠢᠯ᠎ᠤᠨ ᠴᠢᠳᠠᠪᠤᠷᠢᠲᠠᠨ᠎ᠤ ᠲᠤᠰᠬᠠᠢ ᠮᠡᠷᠭᠡᠵᠢᠯ᠎ᠤᠨ ᠲᠦᠪᠰᠢᠨ᠎ᠢ ᠳᠡᠭᠡᠭᠰᠢᠯᠡᠭᠦᠯᠬᠦ᠂ ᠦᠨᠳᠦᠰᠦᠨ ᠱᠠᠲᠤᠨ᠎ᠤ ᠨᠡᠢ᠌ᠭᠡᠮ᠎ᠤᠨ ᠠᠵᠢᠯ᠎ᠤᠨ ᠲᠠᠪᠴᠠᠩ᠎ᠢ ᠵᠢᠷᠤᠮᠵᠢᠭᠤᠯᠬᠤ ᠪᠠᠢ᠌ᠭᠤᠯᠤᠯᠲᠠ ᠵᠢ ᠴᠢᠩᠭ᠋ᠠᠳᠬᠠᠬᠤ᠂ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠡᠵᠡᠩᠨᠡᠯᠲᠡ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ ᠭᠣᠣᠯᠳᠠᠯᠭ᠎ᠠ᠎ᠲᠠᠢ ᠡᠬᠦᠷᠬᠡ ᠵᠢᠨ ᠲᠤᠭᠤᠷᠢᠨ᠎ᠳᠤ 《ᠲᠠᠪᠤᠨ ᠨᠡᠢ᠌ᠬᠡᠮ ᠬᠤᠯᠪᠤᠭ᠋ᠠᠯᠠᠨ ᠬᠥᠳᠡᠯᠦᠯᠴᠡᠬᠦ》 《ᠵᠠᠯᠠᠭᠤᠴᠤᠳ᠎ᠤᠨ ᠠᠢ᠌ᠯ》 《ᠪᠠᠭᠪᠠᠭ᠋ᠠᠢ ᠴᠡᠴᠡᠭ》 ᠵᠡᠷᠭᠡ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠭᠦᠨᠵᠡᠭᠡᠢ ᠥᠷᠨᠢᠭᠦᠯᠵᠦ᠂ ᠣᠯᠠᠨ ᠲᠦᠮᠡᠨ᠎ᠳᠤ ᠮᠡᠳᠡᠷᠡᠭᠳᠡᠭᠰᠡᠨ᠂ ᠣᠨᠴᠠᠯᠢᠭ ᠢᠯᠡ ᠲᠣᠳᠣ᠂ ᠵᠢᠱ᠌ᠢᠶ᠎ᠡ ᠦᠵᠡᠭᠦᠯᠦᠨ ᠳᠠᠢ᠌ᠴᠢᠯᠠᠬᠤ ᠦᠢ᠍ᠯᠡᠳᠦᠯ᠎ᠲᠠᠢ ᠨᠢᠬᠡ ᠪᠦᠯᠦᠭ ᠨᠡᠢ᠌ᠲᠡᠯᠢᠭ ᠬᠡᠪ ᠵᠠᠭᠪᠤᠷ᠎ᠢ ᠪᠣᠶ ᠪᠣᠯᠭ᠋ᠠᠬᠤ ᠵᠢᠨ ᠬᠠᠮᠲᠤ᠂ ᠬᠦᠨᠳᠡᠯᠡᠨ᠎ᠤ ᠦᠨᠡᠯᠡᠬᠦ ᠲᠣᠭᠲᠠᠴᠠ ᠵᠢ ᠣᠷᠣᠭᠤᠯᠤᠨ ᠠᠪᠴᠢᠷᠠᠵᠤ᠂ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠠᠵᠢᠯ᠎ᠤᠨ ᠬᠢᠨᠠᠨ ᠵᠢᠯᠤᠭᠣᠳᠬᠤ ᠴᠢᠳᠠᠪᠤᠷᠢᠲᠠᠨ᠎ᠤ ᠬᠥᠮᠥᠷᠭᠡ ᠵᠢᠨ ᠳᠠᠪᠠᠭᠤᠯᠢᠭ᠎ᠢ ᠪᠠᠳᠠᠷᠠᠭᠤᠯᠤᠨ᠂ ᠪᠥᠬᠥ ᠣᠷᠣᠨ᠎ᠤ ᠨᠡᠢ᠌ᠭᠡᠮ᠎ᠤᠨ ᠠᠵᠢᠯ᠎ᠤᠨ ᠵᠢᠷᠤᠮᠵᠢᠭᠰᠠᠨ᠂ ᠲᠤᠰᠬᠠᠢ᠌ᠵᠢᠭᠰᠠᠨ᠂ ᠠᠵᠢᠯ ᠮᠡᠷᠭᠡᠵᠢᠭᠰᠡᠨ ᠬᠥᠭᠵᠢᠯᠲᠡ ᠵᠢ ᠦᠷᠭᠦᠯᠵᠢᠯᠡᠨ ᠠᠬᠢᠭᠤᠯᠬᠤ ᠬᠡᠷᠡᠭᠳᠡᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠂ ᠤᠬᠠᠭᠤᠯᠬᠤ ᠬᠡᠯᠲᠡᠰ᠂
ᠠᠷᠠᠳ᠎ᠤᠨ ᠶᠠᠪᠤᠳᠠᠯ᠎ᠤᠨ ᠲᠢᠩᠬᠢᠮ ᠵᠡᠷᠭᠡ 17 ᠪᠦᠷᠢᠯᠳᠦᠭᠦᠨ ᠨᠢᠬᠡᠴᠢ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠳᠠᠳ ᠬᠤᠷᠠᠯ᠎ᠳᠤ ᠤᠷᠤᠯᠴᠠᠬᠰᠠᠨ ᠪᠠᠢ᠌ᠨ᠎ᠠ᠃