ᠯᠢᠤ ᠰᠢᠶᠤᠤ ᠮᠸᠡᠭ ᠮᠡᠳᠡᠬᠡᠯᠡᠪᠡ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠴᠢ ᠪᠠᠲᠤ 5 ᠳ᠋ᠤᠭ᠋ᠠᠷ ᠰᠠᠷ᠎ᠠ ᠵᠢᠨ 26᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠢᠷᠡᠵᠤ᠂ ᠭᠣᠣᠯ ᠰᠡᠳᠦᠪᠲᠦ ᠬᠥᠮᠦᠵᠢᠯ᠎ᠤᠨ ᠠᠵᠢᠯ᠎ᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠤᠭᠣᠳᠴᠤ᠂ ᠠᠷᠠᠳ᠎ᠤᠨ ᠶᠠᠪᠤᠳᠠᠯ᠎ᠤᠨ ᠲᠢᠩᠬᠢᠮ᠎ᠤᠨ ᠭᠣᠣᠯ ᠰᠡᠳᠦᠪᠲᠦ ᠬᠥᠮᠦᠵᠢᠯ᠎ᠤᠨ ᠠᠵᠢᠯ᠎ᠢ ᠥᠷᠨᠢᠭᠦᠯᠵᠦ ᠪᠠᠢ᠌ᠭ᠎ᠠ ᠪᠠᠢ᠌ᠳᠠᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠦᠵᠡᠵᠦ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠨᠠᠷ᠎ᠤᠨ ᠰᠢ ᠵᠢᠨ ᠫᠢᠩ ᠶᠡᠷᠦᠩᠬᠡᠢ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂《ᠮᠣᠩᠭᠣᠯ ᠮᠤᠷᠢᠨ᠎ᠤ ᠵᠣᠷᠢᠭ ᠰᠠᠨᠠᠭ᠎ᠠ》 ᠵᠢ ᠶᠡᠬᠡ᠎ᠪᠠᠷ ᠪᠠᠳᠠᠷᠠᠭᠤᠯᠬᠤ ᠲᠤᠬᠠᠢ ᠰᠤᠳᠤᠯᠤᠨ ᠶᠠᠷᠢᠯᠴᠠᠬᠤ ᠶᠠᠷᠢᠶ᠎ᠠ ᠵᠢ ᠰᠣᠨᠣᠰᠪᠠ᠃
ᠴᠢ ᠪᠠᠲᠤ ᠵᠢᠭ᠋ᠠᠬᠰᠠᠨ᠎ᠨᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠵᠢ ᠴᠢᠬᠤᠯᠠᠴᠢᠯᠠᠵᠤ᠂ 《ᠳᠥᠷᠪᠡ ᠵᠢ ᠰᠤᠷᠤᠯᠴᠠᠬᠤ ᠵᠢ ᠬᠣᠯᠪᠣᠯᠳᠤᠭᠤᠯᠬᠤ》 ᠠᠵᠢᠯ᠎ᠢ ᠴᠢᠩᠭ᠋ᠠᠳᠬᠠᠵᠤ᠂ ᠰᠤᠷᠤᠯᠴᠠᠵᠤ ᠪᠠᠢ᠌ᠴᠠᠭ᠋ᠠᠨ ᠰᠤᠳᠤᠯᠬᠤ ᠪᠠ ᠲᠤᠬᠠᠢ᠌ᠯᠠᠭᠰᠠᠨ ᠠᠵᠢᠯ᠎ᠢ ᠨᠢᠭᠡ ᠴᠣᠭᠴᠠᠵᠢᠭᠤᠯᠤᠨ ᠠᠬᠢᠭᠤᠯᠵᠤ᠂ ᠰᠢᠰᠲᠸᠮ᠎ᠤᠨ ᠵᠣᠬᠢᠶᠠᠨ ᠪᠠᠢ᠌ᠭᠤᠯᠤᠯᠲᠠ᠂ ᠠᠴᠢᠶᠠᠯᠠᠪᠤᠷᠢ ᠵᠢᠨ ᠰᠢᠨ᠎ᠡ ᠵᠢ ᠡᠭᠦᠳᠬᠦ᠂ ᠠᠷᠭ᠎ᠠ ᠵᠢ ᠨᠠᠢ᠌ᠳᠠᠪᠤᠷᠢᠵᠢᠭᠤᠯᠬᠤ ᠲᠠᠯ᠎ᠠ᠎ᠪᠠᠷ ᠰᠡᠳᠬᠢᠮᠵᠢ᠂ ᠠᠷᠭ᠎ᠠ᠎ᠲᠠᠢ ᠪᠠᠢ᠌ᠨ᠎ᠠ᠃ ᠢᠯᠠᠩᠭᠤᠶ᠎ᠠ ᠥᠪᠡᠷᠲᠡᠭᠡᠨ ᠵᠠᠰᠠᠬᠤ ᠣᠷᠣᠨ᠎ᠤ 《ᠬᠣᠶᠠᠷ ᠲᠤᠮᠤ ᠶᠠᠪᠤᠳᠠᠯ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳ᠎ᠤᠨ ᠶᠠᠪᠤᠳᠠᠯ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭᠠᠳᠤ ᠰᠠᠭᠤᠷᠢᠯᠠᠨ᠂ 《ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠵᠣᠪᠠᠨᠢᠯ᠎ᠢ ᠠᠷᠢᠯᠭ᠋ᠠᠬᠤ᠂ ᠠᠷᠠᠳ᠎ᠤᠨ ᠰᠡᠳᠬᠢᠯ᠎ᠢ ᠳᠤᠯᠠᠭ᠋ᠠᠯᠠᠬᠤ》 ᠲᠤᠰᠬᠠᠢ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠦᠷ᠎ᠡ ᠪᠦᠲᠦᠮᠵᠢ ᠪᠣᠯᠭ᠋ᠠᠨ ᠪᠦᠲᠦᠮᠵᠢᠲᠡᠶ ᠬᠤᠪᠢᠷᠠᠭᠤᠯᠬᠤ ᠬᠡᠷᠡᠭᠲᠡᠢ᠃
ᠴᠢ ᠪᠠᠲᠤ ᠵᠢᠭ᠋ᠠᠬᠰᠠᠨ᠎ᠨᠢ᠂ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠳᠤ ᠬᠦᠮᠤᠵᠢᠯ᠎ᠢ ᠥᠷᠨᠢᠭᠦᠯᠬᠦ ᠪᠤᠯ ᠤᠳᠤᠬᠠᠨ᠎ᠤ ᠲᠡᠷᠢᠬᠦᠨ ᠴᠢᠬᠤᠯᠨ ᠤᠯᠤᠰ ᠲᠦᠷᠤ ᠵᠢᠨ ᠡᠬᠦᠷᠬᠡ ᠮᠥᠨ᠂ ᠠᠷᠠᠳ᠎ᠤᠨ ᠶᠠᠪᠤᠳᠠᠯ᠎ᠤᠨ ᠲᠢᠩᠬᠢᠮ᠎ᠤᠨ ᠰᠢᠰᠲᠸᠮ᠎ᠤᠨ᠎ᠬᠢᠨ ᠦᠨᠡᠨ ᠬᠦ᠌ ᠰᠤᠷᠤᠯᠴᠠᠵᠤ ᠦᠨᠡᠨ ᠬᠦ᠌ ᠠᠵᠢᠯᠯᠠᠬᠤ᠂ ᠰᠡᠳᠬᠢᠯ ᠵᠢᠷᠦᠬᠡᠨ᠎ᠳᠤ᠎ᠪᠠᠨ ᠬᠠᠳᠠᠩᠰᠢᠭᠤᠯᠬᠤ ᠳᠡᠭᠡᠷ᠎ᠡ ᠬᠦᠴᠦ ᠣᠷᠣᠭᠤᠯᠵᠤ᠂ 《ᠳᠥᠷᠪᠡ ᠵᠢ ᠰᠤᠷᠤᠯᠴᠠᠬᠤ ᠵᠢ ᠬᠣᠯᠪᠣᠯᠳᠤᠭᠤᠯᠬᠤ》 ᠲᠣᠭᠲᠠᠴᠠ ᠵᠢ ᠴᠢᠨᠠᠭᠰᠢᠳᠠ ᠭᠦᠨᠵᠡᠭᠡᠢ᠌ᠷᠡᠭᠦᠯᠦᠨ ᠥᠷᠭᠡᠳᠬᠡᠵᠦ᠂ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠦᠨᠡᠨ ᠬᠦ᠌ ᠨᠢᠭᠡ ᠤᠳᠠᠭ᠎ᠠ ᠨᠡᠪᠲᠡᠷᠬᠡᠢ ᠰᠤᠷᠤᠯᠴᠠᠵᠦ᠂ ᠡᠷᠳᠡᠮ ᠴᠢᠳᠠᠪᠤᠷᠢ ᠵᠢ ᠦᠨᠡᠨ ᠬᠦ᠌ ᠡᠵᠡᠮᠰᠢᠬᠦ᠂ ᠨᠠᠮ ᠵᠶ᠋ᠠᠨ ᠮᠠᠨᠳᠤᠭᠤᠯᠬᠤ ᠡᠷᠳᠡᠮ ᠴᠢᠳᠠᠪᠤᠷᠢ᠂ ᠤᠯᠤᠰ ᠵᠶ᠋ᠠᠨ ᠬᠦᠴᠦᠷᠬᠡᠭᠵᠢᠭᠦᠯᠬᠦ ᠡᠷᠳᠡᠮ ᠴᠢᠳᠠᠪᠤᠷᠢ ᠵᠢ ᠦᠨᠡᠨ ᠬᠦ᠌ ᠡᠵᠡᠮᠰᠢᠵᠦ᠂ ᠦᠨᠡᠨ ᠬᠦ᠌ ᠰᠡᠳᠬᠢᠯ᠎ᠳᠤ᠎ᠪᠠᠨ ᠰᠢᠩᠭᠡᠭᠡᠬᠦ ᠵᠢ ᠪᠡᠶᠡᠯᠡᠭᠦᠯᠬᠦ ᠬᠡᠷᠡᠭᠲᠡᠢ᠃ ᠡᠭᠦᠨ᠎ᠤ ᠬᠠᠮᠲᠤ ᠦᠢ᠍ᠯᠡᠳᠤᠯᠬᠡ ᠲᠡᠬᠡᠷ᠎ᠡ᠎ᠪᠠᠨ ᠢᠯᠡᠷᠡᠭᠦᠯᠵᠦ᠂ ᠠᠵᠢᠯ᠎ᠤᠨ ᠪᠣᠳᠠᠲᠠᠢ᠎ᠲᠠᠢ᠎ᠪᠠᠨ ᠨᠢᠭᠲᠠ ᠤᠶᠠᠯᠳᠤᠭᠤᠯᠤᠨ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ ᠪᠠ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ᠎ᠪᠠᠷ ᠪᠠᠷᠢᠮᠵᠢᠶᠠᠯᠠᠵᠤ᠂ ᠠᠷᠠᠳ᠎ᠤᠨ ᠶᠠᠪᠤᠳᠠᠯ᠎ᠤᠨ ᠭᠣᠣᠯᠳᠠᠯᠭ᠎ᠠ᠎ᠲᠠᠢ ᠡᠭᠦᠷᠭᠡ᠎ᠲᠠᠢ ᠬᠠᠷᠢᠴᠠᠭᠤᠯᠤᠨ᠂ ᠬᠦᠷᠦᠯᠴᠡᠬᠦ ᠦᠭᠡᠢ ᠲᠠᠯ᠎ᠠ᠎ᠪᠠᠨ ᠪᠠᠢ᠌ᠴᠠᠭ᠋ᠠᠵᠤ᠂ ᠳᠤᠲᠠᠭᠤᠳᠠᠯ ᠵᠶ᠋ᠠᠨ ᠨᠥᠬᠥᠪᠦᠷᠢᠯᠡᠵᠦ᠂ ᠰᠤᠷᠤᠯᠴᠠᠬᠤ ᠵᠢᠨ ᠳᠠᠭ᠋ᠠᠤ ᠰᠡᠳᠬᠢᠵᠤ᠂ ᠦᠢ᠍ᠯᠡᠳᠦᠯᠭᠡᠵᠢᠭᠦᠯᠬᠦ ᠵᠢᠨ ᠳᠠᠭ᠋ᠠᠤ ᠤᠬᠠᠮᠰᠠᠷᠠᠵᠤ᠂ ᠰᠦᠪᠡᠭᠴᠢᠯᠡᠬᠦ ᠵᠢᠨ ᠳᠠᠭ᠋ᠠᠤ ᠳ᠋ᠦᠩᠨᠡᠵᠦ᠂ 《ᠰᠤᠷᠤᠯᠴᠠᠬᠤ ᠰᠡᠳᠬᠢᠬᠦ ᠦᠢ᠍ᠯᠡᠳᠤᠯᠬᠡᠵᠢᠬᠦᠯᠬᠦ ᠣᠢ᠌ᠯᠠᠭ᠋ᠠᠬᠤ》 ᠶᠡᠬᠡ ᠣᠷᠴᠢᠯ᠎ᠢ ᠪᠣᠶ ᠪᠣᠯᠭ᠋ᠠᠬᠤ ᠬᠡᠷᠡᠭᠲᠡᠢ᠃ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠬᠦ᠂ ᠦᠨᠡᠨ ᠬᠦ᠌ ᠬᠦᠳᠡᠯᠤᠨ ᠬᠠᠲᠠᠭᠤ᠎ᠲᠠᠢ ᠬᠠᠯᠳᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠪᠠᠢ᠌ᠴᠠᠭ᠋ᠠᠨ ᠰᠤᠳᠤᠯᠤᠯᠲᠠ ᠬᠢᠬᠦ ᠪᠣᠯ ᠭᠣᠣᠯ ᠰᠡᠳᠦᠪᠲᠦ ᠬᠥᠮᠦᠵᠢᠯ᠎ᠤᠨ ᠴᠢᠬᠤᠯᠠ ᠠᠭᠤᠯᠭ᠎ᠠ ᠮᠥᠨ᠂ ᠪᠠᠢ᠌ᠴᠠᠭ᠋ᠠᠨ ᠰᠤᠳᠤᠯᠤᠯᠲᠠ ᠬᠢᠬᠦ ᠵᠢ ᠨᠢᠭᠡ ᠵᠦᠢ᠍ᠯ᠎ᠤᠨ ᠤᠯᠤᠰ ᠲᠦᠷᠦ ᠵᠢᠨ ᠱᠠᠭ᠋ᠠᠷᠳᠠᠯᠭ᠎ᠠ ᠪᠤᠯᠭ᠋ᠠᠨ ᠬᠠᠨᠳᠤᠵᠤ᠂ ᠨᠢᠬᠡ ᠵᠦᠢ᠍ᠯ᠎ᠤᠨ ᠤᠯᠤᠰ ᠲᠦᠷᠦ ᠵᠢᠨ ᠬᠡᠪ ᠪᠣᠯᠪᠠᠰᠤᠷᠠᠯ ᠪᠤᠯᠭ᠋ᠠᠨ ᠭᠦᠨᠵᠡᠭᠡᠢ ᠪᠣᠯᠪᠠᠰᠤᠷᠠᠭᠤᠯᠵᠤ᠂ ᠬᠣᠶᠠᠷ᠎ᠢ ᠢᠮᠠᠭᠲᠠ ᠲᠤᠭᠤᠰᠢᠯᠠᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠪᠠᠢ᠌ᠴᠠᠭ᠋ᠠᠨ ᠰᠤᠳᠤᠯᠤᠯᠲᠠ ᠵᠢᠨ 《ᠰᠡᠭᠦᠯᠴᠢ ᠵᠢᠨ ᠬᠠᠭ᠋ᠠᠰ》 ᠠᠵᠢᠯ᠎ᠢ ᠰᠠᠢ᠌ᠲᠤᠷ ᠬᠢᠵᠦ᠂ ᠪᠠᠢ᠌ᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ᠎ᠢ ᠤᠯᠠᠷᠢᠭᠤᠯᠬᠤ ᠠᠵᠢᠯ᠎ᠢ ᠰᠠᠢ᠌ᠲᠤᠷ ᠠᠳᠬᠤᠵᠤ᠂ ᠪᠠᠢ᠌ᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ᠎ᠢ ᠦᠨᠡᠯᠡᠵᠤ ᠤᠯᠠᠷᠢᠭᠤᠯᠬᠤ ᠲᠣᠭᠲᠠᠴᠠ ᠵᠢ ᠪᠠᠢ᠌ᠭᠤᠯᠵᠤ᠂ ᠪᠠᠢ᠌ᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ ᠪᠤᠯᠭ᠋ᠠᠨ᠎ᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠵᠤ᠂ ᠦᠢ᠍ᠯᠡᠳᠦᠯᠭᠡ ᠪᠠ ᠠᠷᠠᠳ ᠲᠦᠮᠡᠨ᠎ᠤ ᠰᠢᠯᠭ᠋ᠠᠯᠲᠠ ᠵᠢ ᠲᠠᠭ᠋ᠠᠭ᠋ᠠᠬᠤ ᠵᠢ ᠪᠠᠲᠤᠯᠠᠬᠤ ᠬᠡᠷᠡᠭᠲᠡᠢ᠃ ᠪᠠᠢ᠌ᠴᠠᠭ᠋ᠠᠨ ᠦᠵᠡᠵᠦ ᠴᠡᠭᠴᠡᠯᠡᠨ ᠰᠠᠢ᠌ᠵᠢᠷᠠᠭᠤᠯᠬᠤ᠂ ᠠᠵᠢᠯ᠎ᠢ ᠠᠬᠢᠭᠤᠯᠬᠤ ᠲᠠᠯ᠎ᠠ᠎ᠪᠠᠷ ᠬᠦᠴᠦ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠲᠤᠮᠤ ᠶᠠᠪᠤᠳᠠᠯ》᠎ᠢ ᠨᠡᠩ ᠰᠠᠢ᠌ᠨ ᠪᠡᠶᠡᠯᠡᠭᠦᠯᠬᠦ ᠵᠢᠨ ᠲᠣᠭᠣᠷᠢᠨ᠎ᠳᠤ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ᠂ ᠦᠨᠳᠦᠰᠦᠨ ᠨᠡᠢ᠌ᠭᠡᠮ᠎ᠤᠨ ᠦᠢ᠍ᠯᠡᠴᠢᠯᠡᠭᠡ ᠵᠡᠷᠭᠡ ᠡᠭᠦᠷᠭᠡ ᠬᠠᠷᠢᠭᠤᠴᠠᠯᠭ᠎ᠠ᠎ᠪᠠᠨ ᠨᠡᠩ ᠰᠠᠢ᠌ᠲᠤᠷ ᠭᠦᠢ᠍ᠴᠡᠳᠬᠡᠵᠦ᠂ ᠵᠥᠷᠢᠶ᠎ᠡ᠎ᠲᠠᠢ ᠲᠠᠯ᠎ᠠ᠎ᠪᠠᠨ ᠡᠷᠢᠵᠦ᠂ ᠪᠠᠢ᠌ᠴᠠᠭ᠋ᠠᠵᠤ ᠭᠠᠷᠭ᠋ᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠠᠷᠭ᠎ᠠ ᠵᠢ ᠨᠢᠭᠡᠳ ᠨᠢᠭᠡ᠎ᠪᠠᠷ ᠲᠣᠭᠲᠠᠭ᠋ᠠᠵᠤ᠂ ᠴᠡᠭᠴᠡᠯᠡᠨ ᠰᠠᠢ᠌ᠵᠢᠷᠠᠭᠤᠯᠬᠤ ᠴᠠᠭ᠂ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢ᠌ᠯᠠᠵᠤ᠂ ᠲᠣᠭᠲᠠᠭᠰᠠᠨ ᠬᠤᠭᠤᠴᠠᠭ᠎ᠠ᠎ᠲᠠᠢ᠎ᠪᠠᠷ ᠲᠠᠩᠰᠠ ᠬᠠᠷᠭᠤᠭᠤᠯᠵᠤ᠂ ᠲᠣᠭᠲᠠᠭᠰᠠᠨ ᠬᠤᠭᠤᠴᠠᠭ᠋ᠠᠨ᠎ᠳᠤ ᠲᠠᠩᠰᠠ ᠲᠤᠰᠢᠶᠠᠵᠤ᠂ ᠳᠦᠷᠢᠮ ᠲᠣᠭᠲᠠᠭ᠋ᠠᠯ ᠲᠣᠭᠲᠠᠭ᠋ᠠᠬᠤ ᠠᠵᠢᠯ᠎ᠢ ᠨᠢᠭᠡᠳᠦᠯᠲᠡᠢ ᠲᠥᠯᠥᠪᠯᠡᠨ ᠰᠠᠢ᠌ᠲᠤᠷ ᠬᠢᠵᠦ᠂ ᠭᠣᠣᠯ ᠰᠡᠳᠦᠪᠲᠦ ᠬᠥᠮᠦᠵᠢᠯ᠎ᠤᠨ ᠭᠦᠨᠵᠡᠭᠡᠢ᠌ᠷᠡᠨ ᠬᠥᠭᠵᠢᠬᠦ ᠵᠢ ᠠᠬᠢᠭᠤᠯᠵᠤ᠂ ᠦᠨᠡᠨ ᠪᠣᠳᠠᠲᠠᠢ ᠦᠷ᠎ᠡ ᠪᠦᠲᠦᠮᠵᠢ ᠣᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠤᠮᠠᠷᠠᠲᠤ ᠬᠢᠯᠢ ᠵᠢᠨ ᠵᠢᠱ᠌ᠢᠶᠡᠴᠢ ᠪᠠᠢ᠌ᠭᠤᠯᠭ᠎ᠠ ᠵᠢ ᠰᠠᠢ᠌ᠲᠤᠷ ᠪᠦᠲᠦᠭᠡᠨ ᠪᠠᠶ᠋ᠢᠭᠤᠯᠬᠤ ᠬᠡᠷᠡᠭᠲᠡᠢ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠰᠦᠨ ᠯᠢ ᠵᠢᠶᠠᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠭᠤᠤᠯ ᠰᠡᠳᠤᠪᠳᠤ ᠬᠦᠮᠤᠵᠢᠯ᠎ᠤᠨ ᠶᠢᠰᠤᠳᠤᠬᠡᠷ ᠲᠣᠭᠣᠷᠢᠨ ᠵᠢᠯᠤᠭᠣᠳᠬᠤ ᠳᠤᠭᠤᠢ᠌ᠯᠠᠩ᠎ᠤᠨ ᠳᠠᠷᠤᠭ᠎ᠠ ᠱ᠌ᠢ ᠯᠢᠶᠠᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠭᠦᠨ᠂ ᠡᠯ᠎ᠡ ᠭᠠᠵᠠᠷ ᠲᠠᠰᠤᠭ ᠨᠢᠬᠡᠴᠢ ᠵᠢᠨ ᠬᠠᠷᠢᠭᠤᠴᠠᠯᠭ᠋ᠠᠳᠠᠳ ᠪᠠᠢ᠌ᠴᠠᠭ᠋ᠠᠨ ᠰᠤᠳᠤᠯᠤᠯᠲᠠ ᠪᠠ ᠬᠠᠷᠢᠭᠤ ᠮᠡᠳᠡᠭᠦᠯᠦᠯᠲᠡ ᠵᠢᠨ ᠬᠤᠷᠠᠯ᠎ᠳᠤ ᠤᠷᠤᠯᠴᠠᠵᠠᠢ᠃