ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠠᠵᠢᠯᠯᠠᠬᠤ ᠳᠤᠭᠤᠢ᠌ᠯᠠᠩ ᠲᠥᠩᠯᠢᠶᠣᠣ ᠬᠣᠲᠠ ᠪᠣᠯᠣᠨ ᠤᠯᠠᠭ᠋ᠠᠨᠬᠠᠳᠠ ᠬᠣᠲᠠ᠎ᠳᠤ ᠬᠦᠷᠴᠦ 2023 ᠣᠨ᠎ᠤ 《ᠡᠷᠡᠭᠦᠯᠵᠢᠬᠦ᠎ᠳᠤ ᠲᠤᠰᠠᠯᠠᠬᠤ ᠢᠨᠵᠸᠨ᠋ᠸᠷᠢᠩ》᠎ᠤᠨ ᠠᠵᠢᠯ ᠥᠷᠨᠢᠭᠦᠯᠪᠡ
ᠴᠣᠯᠮᠣᠨ ᠮᠡᠳᠡᠭᠡᠯᠡᠪᠡ
ᠡᠷᠡᠭᠦᠯᠵᠢᠯ᠎ᠤᠨ ᠲᠤᠰᠠᠯᠠᠬᠤ ᠪᠠᠭ᠋ᠠᠵᠢ ᠪᠣᠯᠣᠨ ᠮᠥᠴᠢ ᠵᠥᠭᠰᠢᠷᠡᠭᠦᠯᠬᠦ ᠮᠡᠰᠡ ᠵᠠᠰᠠᠯ ᠬᠢᠬᠦ ᠬᠡᠷᠡᠭᠴᠡᠭᠡ ᠪᠦᠬᠦᠢ ᠨᠦᠬᠦᠴᠡᠯ᠎ᠳᠤ ᠨᠡᠢ᠌ᠴᠡᠬᠦ ᠵᠡᠮᠳᠡᠭᠴᠦᠳ᠎ᠤᠨ ᠲᠣᠭ᠎ᠠ ᠵᠢ ᠦᠨᠡᠨ ᠪᠣᠳᠠᠳᠠᠢ᠎ᠪᠠᠷ ᠪᠦᠷᠢᠳᠭᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ 5 ᠳ᠋ᠤᠭ᠋ᠠᠷ ᠰᠠᠷ᠎ᠠ ᠵᠢᠨ 13᠎ᠠᠴᠠ 26 ᠬᠦᠷᠲᠡᠯ᠎ᠡ ᠠᠵᠢᠯᠯᠠᠬᠤ ᠳᠤᠭᠤᠢ᠌ᠯᠠᠩ ᠵᠣᠬᠢᠶᠠᠨ ᠪᠠᠢ᠌ᠭᠤᠯᠵᠦ᠂ ᠲᠥᠩᠯᠢᠶᠣᠣ ᠬᠣᠲᠠ ᠪᠣᠯᠣᠨ ᠤᠯᠠᠭ᠋ᠠᠨᠬᠠᠳᠠ ᠬᠣᠲᠠ᠎ᠳᠤ ᠬᠦᠷᠴᠦ 2023 ᠣᠨ᠎ᠤ 《ᠡᠷᠡᠭᠦᠯᠵᠢᠬᠦ᠎ᠳᠤ ᠲᠤᠰᠠᠯᠠᠬᠤ ᠢᠨᠵᠸᠨ᠋ᠸᠷᠢᠩ》᠎ᠤᠨ ᠬᠢᠮᠡᠯ ᠮᠥᠴᠢ᠂ ᠵᠥᠭᠰᠢᠷᠡᠭᠦᠯᠬᠦ ᠪᠠᠭ᠋ᠠᠵᠢ᠂ ᠮᠥᠴᠢ ᠵᠥᠭᠰᠢᠷᠡᠭᠦᠯᠬᠦ ᠮᠡᠰᠡ ᠵᠠᠰᠠᠯ ᠬᠢᠬᠦ᠂ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠰᠢᠭᠰᠢᠨ ᠪᠠᠢ᠌ᠴᠠᠭ᠋ᠠᠬᠤ ᠵᠢᠴᠢ ᠬᠢᠮᠡᠯ ᠮᠥᠴᠢ ᠲᠠᠭ᠋ᠠᠷᠠᠭᠤᠯᠬᠤ ᠠᠵᠢᠯ᠎ᠢ ᠥᠷᠨᠢᠭᠦᠯᠪᠡ᠃
ᠰᠢᠭᠰᠢᠨ ᠪᠠᠢ᠌ᠴᠠᠭ᠋ᠠᠬᠤ ᠬᠦᠮᠦᠰ᠎ᠢ ᠪᠦᠬᠦᠨ᠎ᠢ ᠬᠠᠮᠤᠷᠴᠦ᠂ ᠨᠢᠭᠡ ᠬᠦᠮᠦᠨ᠎ᠢ ᠴᠦ᠍ ᠭᠡᠭᠡᠭᠳᠡᠭᠦᠯᠦᠯ ᠦᠭᠡᠢ᠎ᠪᠠᠷ ᠰᠢᠭᠰᠢᠨ ᠪᠠᠢ᠌ᠴᠠᠭ᠋ᠠᠬᠤ ᠠᠵᠢᠯ ᠵᠶ᠋ᠠᠨ ᠪᠣᠳᠠᠳᠠᠢ᠎ᠳᠤ ᠨᠠᠢ᠌ᠳᠠᠪᠦᠷᠢᠵᠢᠭᠤᠯᠬᠤ ᠠᠵᠢᠯ᠎ᠤᠨ ᠱᠠᠭ᠋ᠠᠷᠳᠠᠯᠭ᠎ᠠ ᠵᠢ ᠭᠦᠢ᠍ᠴᠡᠳᠭᠡᠬᠦ ᠵᠢᠨ ᠲᠥᠯᠥᠭᠡ᠂ ᠲᠤᠬᠠᠢ ᠵᠢᠨ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠳᠡᠭᠡᠳᠦ ᠬᠡᠮᠵᠢᠶᠡᠨ ᠤ ᠴᠢᠬᠤᠯᠠᠴᠢᠯᠠᠭ᠎ᠠ ᠪᠣᠯᠣᠨ ᠢᠳᠡᠪᠬᠢᠲᠠᠢ ᠬᠠᠮᠵᠢᠯᠴᠠᠭ᠎ᠠ ᠳᠣᠣᠷ᠎ᠠ᠂ ᠮᠡᠷᠭᠡᠵᠢᠯᠲᠡᠳ ᠨᠢᠭᠡ ᠲᠠᠯ᠎ᠠ᠎ᠪᠠᠷ ᠰᠢᠭᠰᠢᠨ ᠪᠠᠢ᠌ᠴᠠᠭ᠋ᠠᠨ ᠳᠠᠩᠰᠠᠯᠠᠬᠤ ᠠᠵᠢᠯ ᠵᠶ᠋ᠠᠨ ᠰᠠᠢ᠌ᠲᠤᠷ ᠪᠡᠶᠡᠯᠡᠭᠦᠯᠵᠦ᠂ ᠨᠢᠭᠡ ᠲᠠᠯ᠎ᠠ᠎ᠪᠠᠷ ᠵᠶ᠋ᠡᠨ ᠪᠦᠯᠦᠭ ᠵᠡᠮᠳᠡᠭᠴᠦᠳ᠎ᠤᠨ ᠬᠢᠮᠡᠯ ᠮᠥᠴᠢ ᠵᠢᠨ ᠬᠡᠮᠵᠢᠬᠦ᠂ ᠦᠯᠢᠭᠡᠷ ᠬᠡᠪ ᠠᠪᠬᠤ ᠵᠢᠴᠢ ᠬᠢᠮᠡᠯ ᠮᠥᠴᠢ ᠲᠠᠭ᠋ᠠᠷᠠᠭᠤᠯᠬᠤ ᠠᠵᠢᠯ ᠵᠶ᠋ᠠᠨ ᠠᠮᠵᠢᠯᠲᠠᠳᠠᠢ ᠪᠡᠶᠡᠯᠡᠭᠦᠯᠪᠡ᠃
ᠥᠪᠡᠷᠲᠡᠭᠡᠨ ᠵᠠᠰᠠᠬᠤ ᠣᠷᠣᠨ᠎ᠤ 2023 ᠣᠨ᠎ᠤ 《ᠡᠷᠡᠭᠦᠯᠵᠢᠬᠦ᠎ᠳᠤ ᠲᠤᠰᠠᠯᠠᠬᠤ ᠢᠨᠵᠸᠨ᠋ᠸᠷᠢᠩ》᠎ᠨᠢ ᠤᠯᠠᠭ᠋ᠠᠨᠬᠠᠳᠠ᠎ᠳᠤ ᠨᠡᠢ᠌ᠲᠡ 85 ᠬᠦᠮᠦᠨ᠎ᠢ ᠰᠢᠭᠰᠢᠨ ᠪᠠᠢ᠌ᠴᠠᠭ᠋ᠠᠪᠠ ᠂ ᠡᠭᠦᠨ᠎ᠳᠤ ᠨᠦᠬᠦᠴᠡᠯ᠎ᠳᠤ ᠨᠡᠢ᠌ᠴᠡᠭᠰᠡᠨ᠎ᠨᠢ 59 ᠬᠦᠮᠦᠨ ᠃ ᠡᠭᠦᠨ᠎ᠠᠴᠠ ᠭᠠᠳᠠᠨ᠎ᠠ 80 ᠲᠤᠰᠠᠯᠠᠬᠤ ᠪᠠᠭ᠋ᠠᠵᠢ ᠬᠦᠷᠭᠡᠵᠦ᠂ ᠡᠭᠦᠨ᠎ᠳᠤ ᠲᠥᠩᠯᠢᠶᠣᠣ᠎ᠳᠤ 44᠂ ᠤᠯᠠᠭ᠋ᠠᠨᠬᠠᠳᠠ᠎ᠳᠤ 36 ᠲᠤᠰᠠᠯᠠᠬᠤ ᠪᠠᠭ᠋ᠠᠵᠢ ᠬᠦᠷᠭᠡᠯ᠎ᠡ᠃
ᠮᠡᠳᠡᠭᠡᠯᠡᠭᠴᠢ ᠵᠢᠨ ᠬᠠᠶᠢᠭ᠄ ᠬᠥᠬᠡᠬᠣᠲᠠ ᠵᠢᠨ ᠰᠠᠢ᠌ᠬᠠᠨ ᠲᠣᠭᠣᠷᠢᠭ