ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠨᠤᠲᠤᠭ᠎ᠲᠤ᠎ᠨᠢ ᠬᠦᠷᠴᠦ ᠬᠢᠮᠡᠯ ᠮᠥᠴᠢ ᠲᠠᠭ᠋ᠠᠷᠠᠭᠤᠯᠵᠦ ᠥᠭᠭᠦᠭᠡᠭᠡᠳ ᠵᠡᠮᠳᠡᠭᠴᠦᠳ᠎ᠤᠨ ᠰᠡᠳᠬᠢᠯ᠎ᠢ ᠳᠤᠯᠠᠭ᠋ᠠᠯᠠᠯ᠎ᠠ
ᠨᠡᠶᠢᠲᠡᠯᠡᠭᠰᠡᠨ ᠴᠠᠭ᠄ 2023-08-21

 
                                        ᠴᠣᠯᠮᠣᠨ ᠮᠡᠳᠡᠭᠡᠯᠡᠪᠡ
   《ᠡᠳᠡᠭᠡᠷ ᠮᠡᠷᠭᠡᠵᠢᠯᠲᠡᠳ᠎ᠨᠢ ᠪᠦᠷ ᠬᠥᠬᠡᠬᠣᠲᠠ᠎ᠠᠴᠠ ᠲᠤᠰᠬᠠᠢ᠌ᠯᠠᠨ ᠢᠷᠡᠵᠦ ᠪᠢᠳᠡᠨ᠎ᠳᠤ ᠬᠢᠮᠡᠯ ᠮᠥᠴᠢ ᠲᠠᠭ᠋ᠠᠷᠠᠭᠤᠯᠵᠦ ᠥᠭᠴᠦ ᠪᠤᠢ ᠭᠡᠨ᠎ᠡ᠂ ᠭᠡᠷ᠎ᠤᠨ ᠵᠶ᠋ᠡᠨ ᠣᠢ᠌ᠷᠠᠯᠴᠠᠭ᠎ᠠ ᠡᠢ᠌ᠨ ᠬᠦ᠌ ᠰᠠᠢ᠌ᠨ ᠦᠢ᠍ᠯᠡᠴᠢᠯᠡᠭᠡ ᠬᠦᠷᠲᠡᠬᠦ᠎ᠨᠢ ᠦᠨᠡᠬᠡᠷ ᠰᠡᠳᠬᠢᠯ ᠬᠥᠳᠡᠯᠭᠡᠮ᠎ᠡ ᠤᠴᠢᠷ ᠳ᠋ᠠ》 《ᠤᠯᠤᠰ᠎ᠤᠨ ᠵᠡᠮᠳᠡᠭᠴᠦᠳ᠎ᠲᠤ ᠠᠰᠢᠭᠲᠠᠢ ᠲᠥᠷᠥ ᠵᠢᠨ ᠪᠣᠳᠣᠯᠭ᠎ᠠ ᠤᠯᠠᠮ ᠵᠶ᠋ᠠᠷ ᠰᠠᠢ᠌ᠵᠢᠷᠠᠵᠦ᠂ ᠦᠢ᠍ᠯᠡᠴᠢᠯᠡᠭᠡ᠎ᠨᠢ ᠤᠯᠠᠮ ᠵᠶ᠋ᠠᠷ ᠰᠢᠯᠢᠳᠡᠭᠵᠢᠯ᠎ᠡ》 ᠭᠡᠳ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠺᠠᠢ᠌ᠯᠤ᠎ᠳᠤ᠎ᠬᠢ ᠬᠢᠮᠡᠯ ᠮᠥᠴᠢ ᠲᠠᠭ᠋ᠠᠷᠠᠭᠤᠯᠬᠤ ᠳᠣᠬᠠᠢ ᠵᠢᠨ ᠲᠠᠯᠠᠪᠦᠷ᠎ᠲᠤ ᠢᠷᠡᠭᠰᠡᠨ ᠬᠦᠮᠦᠰ ᠬᠥᠭᠡᠷᠦᠯᠳᠦᠨ᠎ᠡ᠃
   ᠺᠠᠢ᠌ᠯᠤ ᠰᠢᠶᠠᠨ᠎ᠤ ᠮᠠᠢ ᠰᠢᠨ ᠪᠠᠯᠭ᠋ᠠᠰᠦ ᠵᠢᠨ ᠱᠦᠢ ᠴᠢᠤᠸᠠᠨ ᠲᠤᠰᠬᠤᠨ ᠵᠶ᠋ᠠᠷ ᠨᠤᠲᠤᠭ᠎ᠲᠠᠢ ᠵᠠᠩ ᠹᠸᠩ ᠴᠦᠨ ᠨᠢᠳᠤᠨᠤᠨ ᠭᠠᠳᠠᠷ ᠰᠢᠷᠬ᠎ᠠ ᠵᠢᠨ ᠬᠠᠯᠳᠠᠪᠦᠷᠢᠯᠡᠯ᠎ᠠᠴᠠ ᠪᠣᠯᠵᠦ ᠵᠡᠭᠦᠨ ᠬᠥᠯ ᠵᠶ᠋ᠡᠨ ᠮᠡᠰᠡ ᠵᠠᠰᠠᠯ ᠬᠢᠵᠦ ᠳᠠᠭ᠋ᠠᠷᠢᠭᠤᠯᠵᠠᠢ᠃ ᠡᠨᠡ᠎ᠨᠢ ᠲᠥᠷᠥᠯᠬᠢ ᠵᠢᠨ ᠪᠠᠭ᠋ᠠᠨ᠎ᠠ ᠨᠢᠷᠤᠭᠤ ᠵᠢᠨ ᠡᠪᠡᠳᠴᠢᠨ᠎ᠲᠠᠢ ᠵᠠᠩ ᠹᠸᠩ ᠴᠦᠨ᠎ᠤ ᠬᠤᠪᠢ᠎ᠳᠤ ᠣᠢ᠌ᠴᠢᠭᠰᠠᠨ ᠳᠡᠭᠡᠷ᠎ᠡ᠎ᠨᠢ ᠨᠢᠳᠤᠷᠭᠤᠳᠠᠭᠰᠠᠨ ᠤᠴᠢᠷ ᠪᠣᠯᠣᠭᠰᠠᠨ᠎ᠨᠢ ᠭᠠᠷᠴᠠᠭ᠎ᠠ ᠦᠭᠡᠢ᠂ ᠠᠪᠤ ᠡᠵᠢ᠎ᠨᠢ ᠡᠷᠲᠡ ᠨᠠᠰᠤ ᠪᠠᠷᠠᠭᠰᠠᠨ ᠮᠥᠷᠲᠡᠭᠡᠨ ᠨᠠᠰᠤ᠎ᠪᠠᠷ ᠵᠶ᠋ᠡᠨ ᠭᠡᠷᠯᠡᠭᠰᠡᠨ ᠦᠭᠡᠢ ᠲᠡᠷᠡ᠎ᠪᠠᠷ ᠮᠡᠰᠡ ᠵᠠᠰᠠᠯ ᠬᠢᠵᠦ ᠪᠠᠷᠠᠭᠰᠠᠨ᠎ᠤ᠎ᠪᠠᠨ ᠳᠠᠷᠠᠭ᠎ᠠ ᠠᠷᠭ᠎ᠠ ᠪᠣᠰᠣ ᠭᠡᠷ ᠪᠦᠯᠢ ᠪᠣᠯᠣᠭᠰᠠᠨ ᠥᠬᠢᠨ ᠳᠡᠭᠦᠦ ᠵᠢᠨ᠎ᠳᠤ᠎ᠪᠠᠨ ᠰᠠᠭᠤᠵᠦ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠲᠤ ᠡᠷᠦᠬᠡ ᠵᠢᠨ ᠨᠦᠬᠦᠪᠦᠷᠢ᠎ᠳᠤ ᠲᠦᠰᠢᠭᠯᠡᠨ ᠠᠮᠢᠳᠤᠷᠠᠯ ᠵᠶ᠋ᠠᠨ ᠠᠷᠭ᠋ᠠᠴᠠᠭ᠋ᠠᠳᠠᠭ᠃ ᠮᠡᠷᠭᠡᠵᠢᠯᠲᠡᠳ᠎ᠠᠴᠠ ᠬᠢᠮᠡᠯ ᠮᠥᠴᠢ ᠵᠢ᠎ᠨᠢ ᠵᠠᠩ ᠹᠸᠩ ᠴᠦᠨ᠎ᠤ ᠪᠠᠢ᠌ᠳᠠᠯ᠎ᠳᠤ᠎ᠨᠢ ᠳᠣᠬᠢᠷᠠᠭᠤᠯᠤᠨ ᠬᠡᠳᠦᠨᠲᠡ ᠲᠤᠷᠰᠢᠨ ᠲᠠᠭ᠋ᠠᠷᠠᠭᠤᠯᠵᠦ ᠬᠡᠷᠬᠢᠨ ᠠᠯᠬᠤᠵᠦ ᠪᠣᠯᠪᠠᠰᠤᠷᠠᠬᠤ ᠵᠢ ᠨᠠᠷᠢᠯᠢᠭ ᠬᠡᠯᠡᠵᠦ ᠦᠭᠭᠦᠪᠡ᠃ ᠠᠩᠬ᠎ᠠ ᠤᠳᠠᠭ᠎ᠠ ᠬᠢᠮᠡᠯ ᠮᠥᠴᠢ ᠲᠠᠭ᠋ᠠᠷᠠᠭᠤᠯᠤᠮᠠᠭᠴᠠ  ᠲᠠᠶᠠᠭ ᠵᠶ᠋ᠠᠨ ᠣᠷᠬᠢᠵᠦ ᠳᠡᠢ᠌ᠯᠦᠭᠰᠡᠨ ᠵᠠᠩ ᠹᠸᠩ ᠴᠦᠨ ᠬᠥᠯ᠎ᠨᠢ ᠭᠠᠵᠠᠷ ᠬᠦᠷᠬᠦ ᠦᠭᠡᠢ ᠪᠠᠶᠠᠷᠯᠠᠵᠤ᠂ ᠲᠡᠰᠭᠡᠯ ᠦᠭᠡᠢ 《ᠰᠢᠨ᠎ᠡ  ᠬᠥᠯ》 ᠵᠶ᠋ᠡᠷ ᠵᠶ᠋ᠡᠨ  ᠭᠡᠷ᠎ᠲᠤ᠎ᠪᠠᠨ ᠠᠯᠬᠤᠵᠦ ᠬᠠᠷᠢᠮᠠᠷ ᠪᠠᠢ᠌ᠨ᠎ᠠ ᠭᠡᠵᠦ  ᠰᠡᠳᠬᠢᠯ ᠬᠥᠭᠰᠡᠵᠦ ᠪᠠᠢ᠌ᠯ᠎ᠠ᠃
   《ᠮᠥᠴᠢ ᠵᠡᠮᠳᠡᠭ ᠪᠣᠯᠣᠭᠰᠠᠨ᠎ᠠᠴᠠ ᠨᠠᠭ᠋ᠠᠰᠢ ᠠᠮᠢᠳᠤᠷᠠᠯ᠎ᠳᠤ ᠮᠠᠰᠢ ᠳᠦᠭᠦᠮ ᠦᠭᠡᠢ ᠪᠣᠯᠣᠭᠰᠠᠨ᠂ ᠡᠮᠨᠡᠯᠭᠡ᠎ᠠᠴᠠ ᠭᠠᠷᠤᠭᠰᠠᠨ ᠬᠣᠢ᠌ᠨ᠎ᠠ᠎ᠪᠠᠨ ᠬᠢᠮᠡᠯ ᠮᠥᠴᠢ ᠲᠠᠭ᠋ᠠᠷᠠᠭᠤᠯᠤᠭᠤᠶ᠎ᠠ ᠭᠡᠵᠦ ᠪᠣᠳᠣᠭᠰᠠᠨ ᠪᠣᠯᠪᠠᠴᠦ ᠮᠦᠩᠬᠦ ᠦᠭᠡᠢ᠃ ᠮᠠᠨ᠎ᠤ ᠭᠠᠴᠠᠭ᠋ᠠᠨ᠎ᠤ ᠠᠷᠠᠳ᠎ᠤᠨ ᠵᠥᠪᠯᠡᠯ᠎ᠤᠨ᠎ᠬᠢᠨ ᠮᠢᠨᠦ ᠪᠠᠢ᠌ᠳᠠᠯ᠎ᠢ ᠣᠢ᠌ᠯᠠᠭ᠋ᠠᠭᠰᠠᠨ᠎ᠤ ᠳᠠᠷᠠᠭ᠎ᠠ ᠳᠣᠬᠠᠢ ᠵᠢᠨ ᠭᠠᠵᠠᠷ᠎ᠤᠨ ᠠᠷᠠᠳ᠎ᠤᠨ ᠶᠠᠪᠤᠳᠠᠯ᠎ᠤᠨ ᠳᠣᠪᠴᠢᠶ᠎ᠠ᠎ᠠᠴᠠ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠠᠰᠠᠭᠤᠨ ᠰᠤᠷᠠᠭᠯᠠᠵᠤ ᠥᠭᠭᠥᠭᠰᠡᠨ ᠪᠦᠭᠡᠳ ᠳᠠᠷᠤᠢ᠎ᠳᠤ᠎ᠨᠢ 〈ᠡᠷᠡᠭᠦᠯᠵᠢᠬᠦ᠎ᠳᠤ ᠲᠤᠰᠠᠯᠠᠬᠤ ᠢᠨᠵᠸᠨ᠋ᠸᠷᠢᠩ 〉᠎ᠢ ᠡᠷᠡᠮᠡᠯᠵᠡᠵᠦ ᠥᠭᠭᠦᠭᠰᠡᠨ ᠶᠤᠮ᠃ ᠬᠠᠭ᠋ᠠᠰ ᠵᠢᠯ ᠪᠣᠯᠣᠭ᠎ᠠ ᠦᠭᠡᠢ᠎ᠪᠠᠷ ᠬᠢᠮᠡᠯ ᠮᠥᠴᠢ ᠲᠠᠭ᠋ᠠᠷᠠᠭᠤᠯᠴᠢᠬᠠᠨ᠎ᠠ ᠭᠡᠵᠦ ᠰᠠᠨᠠᠭ᠋ᠠᠨ᠎ᠳᠤ ᠪᠠᠢ᠌ᠭᠰᠠᠨ ᠦᠭᠡᠢ 》 ᠭᠡᠵᠦ ᠵᠠᠩ ᠹᠸᠩ ᠴᠦᠨ ᠬᠡᠯᠡᠨ᠎ᠡ᠃
  ᠦᠪᠦᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠠᠵᠢᠯᠯᠠᠬᠤ ᠳᠤᠭᠤᠢ᠌ᠯᠠᠩ᠎ᠨᠢ ᠲᠥᠩᠯᠢᠶᠣᠣ ᠬᠣᠲᠠ ᠵᠢᠨ ᠡᠯ᠎ᠡ ᠬᠤᠰᠢᠭᠤ ᠰᠢᠶᠠᠨ᠎ᠳᠤ ᠬᠦᠷᠴᠦ ᠶᠠᠳᠠᠭᠤ ᠬᠦᠴᠢᠷᠲᠠᠢ ᠵᠡᠮᠳᠡᠭᠴᠦᠳ᠎ᠲᠤ ᠬᠢᠮᠡᠯ ᠮᠥᠴᠢ ᠲᠠᠭ᠋ᠠᠷᠠᠭᠤᠯᠬᠤ ᠠᠵᠢᠯ ᠥᠷᠨᠢᠭᠦᠯᠦᠭᠰᠡᠨ᠎ᠠᠴᠠ ᠮᠠᠰᠢ ᠣᠯᠠᠨ ᠬᠣᠯᠠ ᠶᠠᠪᠤᠵᠦ ᠰᠠᠭᠤᠬᠤ᠎ᠳᠤ ᠳᠦᠭᠦᠮ ᠦᠭᠡᠢ ᠵᠡᠮᠳᠡᠭᠴᠦᠳ᠎ᠲᠤ ᠨᠡᠩ ᠰᠢᠯᠢᠳᠡᠭ ᠮᠥᠷᠲᠡᠭᠡᠨ ᠨᠡᠩ ᠣᠨᠣᠴᠠᠲᠠᠢ ᠬᠢᠮᠡᠯ ᠮᠥᠴᠢ ᠲᠠᠭ᠋ᠠᠷᠠᠭᠤᠯᠬᠤ ᠦᠢ᠍ᠯᠡᠴᠢᠯᠡᠭᠡ ᠬᠠᠩᠭ᠋ᠠᠭᠰᠠᠨ ᠪᠠᠢ᠌ᠨ᠎ᠠ᠃ ᠬᠦᠴᠢᠷᠳᠡᠯᠲᠠᠢ ᠵᠡᠮᠳᠡᠭᠴᠦᠳ᠎ᠲᠤ ᠰᠠᠨᠠᠭ᠋ᠠᠨ᠎ᠳᠤ᠎ᠨᠢ ᠬᠦᠷᠦᠭᠰᠡᠨ ᠲᠤᠰᠠᠯᠠᠬᠤ ᠪᠠᠭ᠋ᠠᠵᠢ ᠬᠦᠷᠭᠡᠭᠰᠡᠨ᠎ᠨᠢ ᠵᠡᠮᠳᠡᠭᠴᠦᠳ᠎ᠲᠤ ᠠᠪᠴᠦ ᠬᠡᠯᠡᠪᠡᠯ ᠦᠨᠡᠨ ᠬᠦ᠌  ᠠᠷᠠᠳ᠎ᠤᠨ ᠰᠡᠳᠬᠢᠯ᠎ᠢ ᠳᠤᠯᠠᠭ᠋ᠠᠯᠠᠬᠤ ᠦᠨᠳᠦᠷ ᠦᠷ᠎ᠡ ᠠᠰᠢᠭᠲᠤ ᠦᠢ᠍ᠯᠡᠴᠢᠯᠡᠭᠡ ᠬᠠᠩᠭ᠋ᠠᠵᠦ᠂ ᠵᠡᠮᠳᠡᠭᠴᠦᠳ᠎ᠤᠨ ᠡᠩ᠎ᠤᠨ ᠬᠦᠮᠦᠰ ᠰᠢᠭ ᠠᠮᠢᠳᠤᠷᠠᠬᠤ ᠬᠦᠰᠡᠯ᠎ᠢ ᠪᠡᠶᠡᠯᠡᠭᠦᠯᠵᠦ ᠥᠭᠭᠦᠭᠰᠡᠨ᠎ᠠᠴᠠ ᠵᠡᠮᠳᠡᠭᠴᠦᠳ᠎ᠤᠨ ᠬᠦᠷᠳᠡᠮᠵᠢ ᠵᠢᠨ ᠲᠥᠷᠥᠭᠳᠡᠯ ᠪᠣᠯᠣᠨ ᠵᠣᠯ ᠵᠢᠷᠭ᠋ᠠᠯᠲᠤ ᠲᠥᠷᠥᠭᠳᠡᠯ᠎ᠢ ᠤᠯᠠᠮ ᠵᠶ᠋ᠠᠷ ᠨᠡᠮᠡᠭᠳᠡᠭᠦᠯᠵᠦ᠂ ᠨᠡᠩ ᠣᠯᠠᠨ ᠠᠮᠢᠳᠤᠷᠠᠯ᠎ᠨᠢ ᠬᠦᠴᠢᠷᠳᠡᠯᠲᠠᠢ ᠵᠡᠮᠳᠡᠭᠴᠦᠳ᠎ᠲᠤ ᠪᠤᠶᠠᠨ ᠦᠢ᠍ᠯᠡᠳᠦᠭᠰᠡᠨ ᠪᠠᠢ᠌ᠨ᠎ᠠ᠃

             ᠮᠡᠳᠡᠭᠡᠯᠡᠭᠴᠢ ᠵᠢᠨ ᠬᠠᠶᠢᠭ᠄ ᠬᠥᠬᠡᠬᠣᠲᠠ ᠵᠢᠨ ᠰᠠᠢ᠌ᠬᠠᠨ ᠲᠣᠭᠣᠷᠢᠭ

 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ] ᠰᠡᠳᠬᠦᠯ
          
ᠬᠠᠮᠢᠶ᠎ᠡ ᠪᠦᠬᠦᠢ ᠰᠣᠨᠢᠨ
ᠰᠠᠨᠠᠭ᠋ᠠᠨ᠎ᠳᠤ ᠬᠦᠷᠦᠭᠰᠡᠨ ᠦᠢ᠍ᠯᠡᠴᠢᠯᠡᠭᠡ ᠬᠠᠩᠭ᠋ᠠᠵᠤ᠂ ᠵᠡᠮᠳᠡᠭᠴᠦᠳ᠎ᠢ ᠣᠨᠣᠴᠠᠲᠠᠢ ᠳᠡᠮᠵᠢᠨ ᠲᠤᠰᠠᠯᠠᠶ᠎ᠠ
ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠠᠵᠢᠯᠯᠠᠬᠤ ᠳᠤᠭᠤᠢ᠌ᠯᠠᠩ ᠲᠥᠩᠯᠢᠶᠣᠣ ᠬᠣᠲᠠ ᠪᠣᠯᠣᠨ ᠤᠯᠠᠭ᠋ᠠᠨᠬᠠᠳᠠ ᠬᠣᠲᠠ᠎ᠳᠤ ᠬᠦᠷᠴᠦ 2023 ᠣᠨ᠎ᠤ 《ᠡᠷᠡᠭᠦᠯᠵᠢᠬᠦ᠎ᠳᠤ ᠲᠤᠰᠠᠯᠠᠬᠤ ᠢᠨᠵᠸᠨ᠋ᠸᠷᠢᠩ》᠎ᠤᠨ ᠠᠵᠢᠯ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠄ ᠰᠢᠯᠢᠳᠡᠭ ᠦᠢ᠍ᠯᠡᠴᠢᠯᠡᠭᠡ᠎ᠪᠠᠷ ᠵᠡᠮᠳᠡᠭᠴᠦᠳ᠎ᠤᠨ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠤᠨ᠎ᠠ
ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠤᠯ᠎ᠤᠨ ᠦᠯᠢᠭᠡᠷ ᠎ᠤᠨ ᠰᠢᠨ᠎ᠡ ᠣᠷᠴᠢᠭᠤᠯᠭ᠎ᠠ᠄ ᠰᠸ ᠮᠠ ᠭᠤᠸᠠᠡᠭ ᠭᠠᠡᠭ ᠬᠠᠭ᠋ᠠᠯᠤᠭᠰᠠᠨ᠎ᠨᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠨᠡᠢ᠌ᠭᠡᠮ᠎ᠤᠨ ᠠᠵᠢᠯ᠎ᠤᠨ ᠲᠢᠩᠬᠢᠮ ᠎ᠤᠨ ᠬᠣᠭᠣᠷᠣᠨᠳᠣᠬᠢ ᠬᠣᠯᠪᠤᠭ᠋ᠠᠲᠤ ᠬᠤᠷᠠᠯ ᠬᠥᠬᠡᠬᠣᠲᠠ᠎ᠳᠤ ᠬᠤᠷᠠᠯᠳᠤᠪᠠ
 
            