ᠸᠠᠩ ᠲᠢᠶᠠᠨ ᠵᠢᠶᠦ᠋ᠨ ᠮᠡᠳᠡᠭᠡᠯᠡᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠯᠢᠦ ᠴᠧᠩ ᠮᠢᠨ ᠪᠤᠯᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠭᠠᠵᠠᠷ᠎ᠤᠨ ᠬᠠᠮᠢᠶ᠎ᠠ ᠪᠦᠬᠦᠢ ᠨᠥᠬᠥᠳ 5 ᠳ᠋ᠤᠭ᠋ᠠᠷ ᠰᠠᠷ᠎ᠠ ᠵᠢᠨ 29᠎ᠤ ᠡᠳᠦᠷ᠎ᠠᠴᠠ 31᠎ᠤ ᠡᠳᠦᠷ ᠪᠣᠯᠲᠠᠯ᠎ᠠ ᠭᠤᠸᠠᠩᠳᠦ᠋ᠩ ᠮᠤᠵᠢ᠎ᠳᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠢ ᠪᠠᠢ᠌ᠴᠠᠭ᠋ᠠᠨ ᠰᠤᠳᠤᠯᠪᠠ᠃
ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠱᠧᠨᠵᠧᠨ ᠬᠣᠲᠠ ᠵᠢᠨ ᠹᠦ᠋ ᠲᠢᠶᠠᠨ ᠲᠣᠭᠣᠷᠢᠭ᠎ᠤᠨ ᠰᠢᠶᠠᠩ ᠮᠢ ᠬᠤ᠌ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠠᠰᠤᠳᠠᠢ᠌ᠴᠤᠳ᠎ᠲᠤ ᠦᠢ᠍ᠯᠡᠴᠢᠯᠡᠬᠦ ᠥᠷᠲᠡᠭᠡ᠂ ᠯᠥᠸᠧ ᠬᠣ᠌ ᠲᠣᠭᠣᠷᠢᠭ᠎ᠤᠨ ᠢᠦᠢ ᠼᠦᠨ ᠨᠡᠢ᠌ᠭᠡᠮ ᠲᠣᠭᠣᠷᠢᠭ᠎ᠤᠨ ᠨᠠᠰᠤᠳᠠᠢ᠌ᠴᠤᠳ᠎ᠲᠤ ᠦᠢ᠍ᠯᠡᠴᠢᠯᠡᠬᠦ ᠥᠷᠲᠡᠭᠡ᠎ᠳᠤ ᠭᠡᠷ ᠲᠤᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠠᠷᠢᠶᠠᠲᠤ ᠣᠷᠣᠨ᠎ᠤ ᠨᠠᠰᠤᠲᠠᠢ᠌ᠴᠤᠳ᠎ᠲᠤ ᠳᠥᠭᠥᠮ ᠳᠥᠲᠡ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ ᠬᠠᠡᠭᠭ᠋ᠠᠵᠤ ᠪᠠᠢ᠌ᠭ᠎ᠠ ᠲᠤᠷᠰᠢᠯᠭ᠎ᠠ ᠠᠷᠭ᠎ᠠ ᠬᠢᠳᠡᠯ᠎ᠢ ᠪᠠᠢ᠌ᠴᠠᠭ᠋ᠠᠨ ᠰᠤᠳᠤᠯᠵᠤ᠂ ᠲᠤᠬᠠᠢ ᠵᠢᠨ ᠭᠠᠵᠠᠷ᠎ᠤᠨ ᠨᠠᠰᠤᠲᠠᠢ᠌ᠴᠤᠳ᠎ᠤᠨ ᠨᠠᠰᠤᠵᠢᠯ᠎ᠤᠨ ᠠᠰᠠᠷᠠᠮᠵᠢ ᠵᠢᠨ ᠦᠨᠳᠦᠰᠦᠨ ᠦᠢ᠍ᠯᠡᠴᠢᠯᠡᠭᠡᠨ᠎ᠤ ᠨᠥᠬᠥᠪᠦᠷᠢ ᠭᠥᠷᠳᠡᠬᠦ ᠲᠥᠷᠥ ᠵᠢᠨ ᠪᠣᠳᠣᠯᠭ᠎ᠠ ᠵᠢᠨ ᠪᠠᠢ᠌ᠳᠠᠯ᠎ᠢ ᠨᠠᠷᠢᠨ ᠣᠢ᠌ᠯᠠᠭ᠋ᠠᠪᠠ᠃ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠭᠤᠸᠠᠩᠵᠧᠦ ᠬᠣᠲᠠ ᠵᠢᠨ ᠲᠢᠶᠠᠨ ᠾᠧ ᠡᠮᠦᠨ᠎ᠡ ᠵᠡᠭᠡᠯᠢ ᠵᠢᠨ ᠶᠡᠷᠦᠩᠬᠡᠢ᠌ᠯᠡᠭᠰᠡᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠂ ᠭᠤᠸᠠᠡᠭᠵᠸᠤ ᠬᠣᠲᠠ ᠵᠢᠨ ᠨᠡᠢ᠌ᠭᠡᠮ ᠲᠣᠭᠣᠷᠢᠭ᠎ᠤᠨ ᠭᠡᠷ᠎ᠲᠤ ᠬᠦᠷᠴᠤ ᠠᠰᠠᠷᠠᠬᠤ ᠨᠡᠢ᠌ᠬᠡᠮ ᠲᠤᠭᠤᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠶᠡᠷᠦᠩᠬᠡᠢ᠌ᠯᠡᠭᠰᠡᠨ ᠵᠢᠱ᠌ᠢᠶ᠎ᠡ ᠦᠵᠡᠭᠦᠯᠬᠦ ᠲᠠᠪᠴᠠᠩ᠂ ᠯᠢᠦ ᠷᠦᠩ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠪ᠎ᠲᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠮᠡᠳᠡᠷᠡᠯ ᠮᠠᠭᠤᠲᠠᠢ ᠵᠢ ᠬᠠᠷᠠᠭ᠋ᠠᠯᠵᠠᠨ ᠠᠰᠠᠷᠠᠬᠤ ᠴᠢᠳᠠᠮᠵᠢ ᠵᠡᠷᠭᠡ ᠦᠢ᠍ᠯᠡᠳᠦᠯ ᠵᠶ᠋ᠡᠨ ᠪᠠᠳᠠᠷᠠᠭᠤᠯᠤᠭᠰᠠᠨ ᠪᠠᠢ᠌ᠳᠠᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠬᠡᠨ᠎ᠤ ᠥᠭᠡᠷᠡᠴᠢᠯᠡᠯᠲᠡ᠂ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠲᠣᠬᠢᠷᠠᠭᠤᠯᠤᠯᠲᠠ᠂ ᠡᠷᠡᠭᠦᠯᠵᠢᠯ᠎ᠤᠨ ᠲᠤᠰᠠᠯᠠᠬᠤ ᠪᠠᠭ᠋ᠠᠵᠢ ᠲᠦᠷᠢᠶᠡᠰᠤᠯᠡᠬᠦᠯᠬᠦ ᠵᠡᠷᠭᠡ ᠬᠡᠷᠡᠭᠯᠡᠭᠡᠨ᠎ᠤ ᠦᠵᠡᠭᠳᠡᠯ᠎ᠤᠨ ᠦᠵᠡᠭᠦᠯᠦᠯᠭᠡ ᠵᠢ ᠲᠣᠭᠣᠷᠢᠨ ᠦᠵᠡᠪᠡ᠃ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠭᠤᠸᠠᠩᠵᠧᠦ ᠬᠣᠲᠠ ᠵᠢᠨ ᠨᠠᠰᠤᠲᠠᠢ᠌ᠴᠤᠳ᠎ᠤᠨ ᠬᠦᠷᠢᠶᠡᠯᠡᠩ᠎ᠳᠤ ᠠᠯᠪᠠᠨ᠎ᠠᠴᠠ ᠡᠷᠭᠢᠯᠡᠭᠰᠡᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠡᠵᠡᠩᠨᠡᠯᠲᠡ ᠬᠠᠮᠢᠶᠠᠷᠤᠯᠲᠠ᠂ ᠡᠮᠴᠢᠯᠡᠭᠡ ᠰᠤᠪᠢᠯᠠᠯᠲᠠ ᠵᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ᠂ ᠪᠡᠶ᠎ᠡ᠎ᠳᠤ᠎ᠪᠠᠨ ᠵᠦᠪ ᠦᠬᠡᠢ ᠪᠠ ᠣᠶᠤᠨ ᠮᠡᠳᠡᠷᠡᠯ ᠮᠠᠭᠤᠳᠠᠢ ᠨᠠᠰᠤᠲᠠᠢ᠌ᠴᠤᠳ᠎ᠢ ᠬᠠᠷᠠᠭ᠋ᠠᠯᠵᠠᠬᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠢ ᠬᠥᠮᠥᠵᠢᠭᠦᠯᠬᠦ ᠪᠤᠯᠤᠨ ᠪᠠᠷᠢᠮᠵᠢᠶᠠᠵᠢᠭᠤᠯᠬᠤ ᠪᠠᠢ᠌ᠭᠤᠯᠤᠯᠲᠠ ᠵᠡᠷᠭᠡ ᠠᠵᠢᠯ᠎ᠤᠨ ᠪᠠᠢ᠌ᠳᠠᠯ᠎ᠢ ᠭᠦᠨᠵᠡᠭᠡᠢ ᠤᠢ᠌ᠯᠠᠭ᠋ᠠᠬᠰᠠᠨ ᠪᠠᠢ᠌ᠨ᠎ᠠ᠃
ᠲᠢᠡᠭᠭᠢᠮ᠎ᠤᠨ ᠤᠳᠤᠷᠢᠳᠤᠯᠭ᠎ᠠ ᠱᠠᠭ᠋ᠠᠷᠳᠠᠭᠰᠠᠨ᠎ᠨᠢ᠂ ᠭᠤᠸᠠᠩᠳᠦ᠋ᠩ ᠮᠤᠵᠢ ᠵᠢᠨ ᠠᠷᠭ᠎ᠠ ᠲᠤᠷᠰᠢᠯᠭ᠎ᠠ ᠵᠢ ᠬᠢᠨᠠᠮᠠᠭ᠋ᠠᠢ ᠰᠤᠷᠤᠯᠴᠠᠨ ᠲᠤᠯᠢ ᠪᠤᠯᠭ᠋ᠠᠵᠤ᠂ ᠮᠠᠨ᠎ᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠂ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠪᠠᠢ᠌ᠭᠤᠯᠤᠯᠲᠠ᠂ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ ᠵᠡᠷᠭᠡ ᠠᠵᠢᠯ᠎ᠢ ᠲᠦᠷᠭᠡᠨ ᠠᠬᠢᠭᠤᠯᠵᠤ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠂ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠦᠷᠳᠡᠭᠡ ᠵᠢ ᠨᠠᠰᠤᠲᠠᠢ᠌ᠴᠤᠳ᠎ᠤᠨ ᠭᠡᠷ ᠪᠦᠯᠢ᠎ᠳᠤ ᠬᠦᠷᠭᠡᠬᠦ᠎ᠪᠠᠷ ᠴᠢᠷᠮᠠᠢ᠌ᠵᠤ᠂ ᠦᠢ᠍ᠯᠡᠴᠢᠯᠡᠭᠡ ᠵᠢ ᠨᠠᠰᠤᠲᠠᠢ᠌ᠴᠤᠳ᠎ᠤᠨ ᠡᠷᠬᠢᠨ ᠲᠣᠭᠣᠷᠢᠨ᠂ ᠨᠠᠰᠣᠳᠠᠢ᠌ᠴᠤᠳᠤᠨ ᠳᠡᠷᠭᠡᠳᠡ᠂ ᠨᠠᠰᠣᠳᠠᠢ᠌ᠴᠤᠳᠤᠨ ᠤᠷᠤᠨ᠎ᠤ ᠲᠡᠷᠬᠡᠳᠡ ᠬᠦᠷᠭᠡᠬᠦ ᠵᠢᠨ ᠬᠠᠮᠲᠤ ᠭᠠᠳᠠᠷ ᠮᠤᠵᠢ ᠣᠷᠣᠨ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠨᠡᠬᠦᠳᠡᠯ ᠰᠠᠭᠤᠷᠢᠰᠢᠯ ᠨᠠᠰᠤᠵᠢᠯ᠎ᠤᠨ ᠠᠰᠠᠷᠠᠮᠵᠢ ᠵᠢᠨ ᠲᠠᠯ᠎ᠠ᠎ᠪᠠᠷ ᠨᠠᠩ ᠣᠯᠠᠨ ᠰᠢᠨ᠎ᠡ ᠠᠷᠭ᠎ᠠ ᠠᠪᠴᠤ᠂ ᠨᠠᠩ ᠣᠯᠠᠨ ᠰᠢᠨ᠎ᠡ ᠪᠦᠲᠦᠮᠵᠢ ᠣᠯᠬᠤ᠎ᠪᠠᠷ ᠴᠢᠷᠮᠠᠢ᠌ᠬᠤ ᠬᠡᠷᠡᠭᠲᠡᠢ᠃