2023 ᠣᠨ᠎ᠤ 7 ᠳ᠋ᠤᠭ᠋ᠠᠷ ᠰᠠᠷ᠎ᠠ ᠵᠢᠨ 11 ᠤ ᠡᠳᠦᠷ᠎ᠠᠴᠠ 14 ᠤ ᠡᠳᠦᠷ ᠪᠣᠯᠲᠠᠯ᠎ᠠ᠂ ᠠᠷᠠᠳ᠎ᠤᠨ ᠶᠠᠪᠤᠳᠠᠯ᠎ᠤᠨ ᠶᠠᠮᠤᠨ ᠴᠧᠩᠳᠦ᠋ ᠬᠤᠳᠠ ᠵᠢᠨ ᠳ᠋ᠠ ᠢ ᠰᠢᠶᠠᠨ᠎ᠳᠤ 《ᠬᠥᠳᠡᠭᠡ ᠲᠣᠰᠬᠣᠨ᠎ᠢ ᠠᠯᠳᠠᠷᠰᠢᠭᠤᠯᠣᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ》 ᠪᠦᠬᠦ ᠤᠯᠤᠰ᠎ᠤᠨ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠢ ᠪᠦᠲᠦᠭᠡᠨ ᠪᠠᠢ᠌ᠭᠤᠯᠬᠤ ᠪᠤᠯᠪᠠᠰᠤᠷᠠᠯ᠎ᠢ ᠵᠣᠬᠢᠶᠠᠨ ᠪᠠᠢ᠌ᠭᠤᠯᠪᠠ᠃ ᠥᠪᠥᠷ ᠮᠤᠩᠭᠤᠯ᠎ᠤᠨ ᠦᠪᠡᠷᠲᠡᠭᠡᠨ ᠵᠠᠰᠠᠬᠤ ᠣᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠵᠠᠰᠠᠭ ᠵᠠᠬᠢᠷᠭ᠋ᠠᠨ᠎ᠤ ᠣᠷᠤᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠭᠠᠵᠠᠷ 2 ᠨᠥᠬᠥᠷ᠎ᠢ ᠲᠤᠮᠢᠯᠠᠨ ᠪᠤᠯᠪᠠᠰᠤᠷᠠᠯ᠎ᠳᠤ ᠣᠷᠤᠯᠴᠠᠭᠤᠯᠪᠠ᠃ ᠪᠤᠯᠪᠠᠰᠤᠷᠠᠯ᠎ᠳᠤ ᠲᠤᠰᠬᠠᠢ ᠮᠡᠷᠭᠡᠵᠢᠯᠲᠡᠨ᠎ᠢ ᠤᠷᠢᠵᠤ ᠳᠠᠢ᠌ᠯᠤᠮᠵᠢ ᠬᠢᠯᠭᠡᠬᠦ᠂ ᠨᠡᠢ᠌ᠲᠡᠯᠢᠭ ᠠᠵᠢᠯᠯᠠᠭ᠎ᠠ ᠵᠢᠨ ᠵᠢᠱ᠌ᠢᠶ᠎ᠡ ᠵᠢ ᠳᠡᠯᠭᠡᠨ ᠦᠵᠡᠭᠦᠯᠬᠦ᠂ ᠠᠵᠢᠯᠯᠠᠭ᠎ᠠ ᠵᠢᠨ ᠵᠢᠱ᠌ᠢᠶ᠎ᠡ ᠵᠢ ᠡᠮᠬᠢᠳᠬᠡᠨ ᠨᠠᠢ᠌ᠷᠠᠭᠤᠯᠬᠤ᠂ ᠲᠤᠬᠠᠢ ᠵᠢᠨ ᠭᠠᠵᠠᠷ᠎ᠲᠤᠨᠢ ᠵᠢᠭ᠋ᠠᠨ ᠰᠤᠷᠭ᠋ᠠᠬᠤ ᠪᠠ ᠳᠦᠷᠰᠦ ᠰᠢᠩᠭᠡᠭᠡᠯᠲᠡ ᠦᠵᠡᠭᠦᠯᠬᠦ ᠵᠡᠷᠭᠡ ᠠᠷᠭ᠎ᠠ ᠮᠠᠶᠢᠭ᠎ᠢ ᠠᠪᠴᠤ᠂ 《ᠭᠠᠵᠠᠷ᠎ᠤᠨ ᠨᠡᠷᠡᠰ᠎ᠤᠨ ᠦᠢ᠍ᠯᠡᠴᠢᠯᠡᠭᠡ ᠵᠢ ᠭᠦᠨᠵᠡᠭᠡᠢ᠌ᠷᠡᠭᠦᠯᠦᠨ ᠰᠠᠢ᠌ᠨ ᠰᠠᠢ᠌ᠬᠠᠨ ᠭᠡᠷ ᠣᠷᠣᠨ ᠵᠶ᠋ᠠᠨ ᠭᠡᠢ᠌ᠭᠦᠯᠬᠦ》 ᠲᠤᠷᠰᠢᠯᠲᠠ ᠵᠢᠨ ᠠᠵᠢᠯ᠎ᠤᠨ ᠲᠤᠷᠰᠢᠯᠭ᠎ᠠ ᠪᠠ ᠠᠷᠭ᠎ᠠ ᠬᠢᠳᠡᠯ᠎ᠢ ᠪᠥᠬᠥ ᠲᠠᠯ᠎ᠠ᠎ᠪᠠᠷ ᠳ᠋ᠦᠩᠨᠡᠵᠦ᠂ 《ᠬᠥᠳᠡᠭᠡ ᠲᠣᠰᠬᠣᠨ᠎ᠢ ᠠᠯᠳᠠᠷᠰᠢᠭᠤᠯᠬᠤ ᠠᠵᠢᠯᠯᠠᠭ᠎ᠠ》 ᠵᠢ ᠪᠠᠢ᠌ᠷᠢᠯᠠᠭᠤᠯᠪᠡ᠃
ᠪᠤᠯᠪᠠᠰᠤᠷᠠᠯ᠎ᠤᠨ ᠬᠤᠭᠤᠴᠠᠭ᠋ᠠᠨ᠎ᠳᠤ᠂ 9 ᠮᠤᠵᠢ ᠣᠷᠣᠨ᠎ᠤ 10 ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠪᠦᠲᠦᠭᠡᠨ ᠪᠠᠢ᠌ᠭᠤᠯᠤᠯᠲᠠ ᠵᠢᠨ ᠲᠠᠯ᠎ᠠ᠎ᠪᠠᠷ᠎ᠬᠢ ᠲᠤᠷᠰᠢᠯᠭ᠎ᠠ ᠪᠠ ᠠᠷᠭ᠎ᠠ ᠬᠢᠳᠡᠯ᠎ᠤᠨ ᠳᠦᠷᠰᠦ ᠰᠢᠩᠭᠡᠭᠡᠯᠲᠡ ᠵᠢ ᠵᠣᠬᠢᠶᠠᠨ ᠪᠠᠢ᠌ᠭᠤᠯᠵᠣ ᠦᠵᠡᠭᠦᠯᠪᠡ᠃ ᠮᠠᠨ᠎ᠤ ᠣᠷᠣᠨ᠎ᠤ 《ᠭᠠᠵᠠᠷ᠎ᠤᠨ ᠨᠡᠷᠡᠰ᠎ᠤᠨ ᠦᠢ᠍ᠯᠡᠴᠢᠯᠡᠭᠡ ᠵᠢ ᠭᠦᠨᠵᠡᠭᠡᠢ᠌ᠷᠡᠭᠦᠯᠦᠨ ᠰᠠᠢ᠌ᠨ ᠰᠠᠢ᠌ᠬᠠᠨ ᠭᠡᠷ ᠣᠷᠣᠨ ᠵᠶ᠋ᠠᠨ ᠭᠡᠢ᠌ᠭᠦᠯᠬᠦ》 ᠬᠣᠶᠠᠷ ᠲᠤᠷᠰᠢᠯᠲᠠ ᠵᠢᠨ ᠴᠡᠭ᠎ᠤᠨ ᠨᠢᠭᠡ ᠪᠣᠯᠬᠤ ᠬᠥᠯᠥᠨ ᠪᠣᠶ᠋ᠢᠷ ᠬᠣᠲᠠ ᠵᠢᠨ ᠣᠷᠴᠣᠨ᠎ᠤ ᠥᠪᠡᠷᠲᠡᠭᠡᠨ ᠵᠠᠰᠠᠬᠤ ᠬᠣᠰᠢᠭᠤᠨ᠎ᠤ ᠦᠢ᠍ᠯᠡᠳᠦᠭᠰᠡᠨ ᠳ᠋ᠡ ᠶᠠᠩ ᠱᠤ᠌ ᠪᠠᠯᠭ᠋ᠠᠰᠤᠨ᠎ᠤ ᠳ᠋ᠧᠪᠭᠦ᠋ᠷ ᠠᠩᠴᠢᠨ ᠲᠣᠰᠬᠣᠨ᠎ᠤ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠤᠨ ᠤᠬᠠᠭᠤᠯᠭ᠎ᠠ ᠵᠢᠨ ᠹᠢᠯᠢᠮ᠎ᠨᠢ ᠪᠥᠬᠥ ᠤᠯᠤᠰ᠎ᠤᠨ ᠲᠤᠷᠰᠢᠯᠭ᠎ᠠ ᠵᠢᠨ ᠤᠬᠠᠭᠤᠯᠭ᠎ᠠ ᠵᠢᠨ ᠠᠷᠪᠠᠨ ᠳᠦᠷᠰᠦ ᠰᠢᠩᠭᠡᠭᠡᠯᠲᠡ ᠵᠢᠨ ᠨᠢᠭᠡ᠎ᠪᠠᠷ ᠰᠤᠩᠭᠤᠭᠳᠠᠪᠠ᠃ ᠨᠦᠬᠦᠭᠡ ᠨᠢᠭᠡ ᠲᠤᠷᠰᠢᠯᠲᠠ ᠵᠢᠨ ᠴᠡᠭ ᠪᠣᠯᠬᠤ ᠣᠷᠳᠣᠰ ᠬᠤᠳᠠ ᠵᠢᠨ ᠬᠠᠩᠭᠢᠨ ᠬᠣᠰᠢᠭᠤᠨ᠎ᠤ ᠣᠣ ᠸᠧᠢ ᠬᠠᠷᠢᠯᠴᠠᠨ ᠦᠢ᠍ᠯᠡᠳᠦᠯᠴᠡᠬᠦ ᠰᠢᠰᠲᠸᠮ᠎ᠢ ᠠᠰᠢᠭᠯᠠᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢ ᠣᠨᠣᠪᠴᠢᠲᠠᠢ ᠪᠠᠢ᠌ᠴᠠᠭ᠋ᠠᠨ ᠯᠠᠪᠯᠠᠬᠤ ᠵᠢ ᠪᠡᠶᠡᠯᠡᠭᠦᠯᠦᠭᠰᠡᠨ ᠠᠷᠭ᠎ᠠ ᠬᠢᠳᠡᠯ᠎ᠨᠢ 《ᠪᠦᠬᠦ ᠤᠯᠤᠰ᠎ᠤᠨ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠪᠠᠢ᠌ᠭᠤᠯᠤᠯᠲᠠ ᠵᠢᠨ ᠠᠵᠢᠯᠯᠠᠭ᠎ᠠ ᠵᠢᠨ ᠵᠢᠱ᠌ᠢᠶ᠎ᠡ ᠵᠢᠨ ᠰᠣᠩᠭᠣᠮᠠᠯ》᠎ᠳᠤ ᠠᠮᠵᠢᠯᠲᠠ᠎ᠲᠠᠢ᠎ᠪᠠᠷ ᠰᠤᠩᠭᠤᠭᠳᠠᠪᠠ᠃
ᠪᠤᠯᠪᠠᠰᠤᠷᠠᠯ᠎ᠤᠨ ᠠᠩᠭᠢ ᠡᠬᠢᠯᠡᠬᠦ ᠶᠣᠰᠣᠯᠠᠯ ᠳᠡᠭᠡᠷ᠎ᠡ ᠵᠠᠰᠠᠭ ᠵᠠᠬᠢᠷᠭ᠋ᠠᠨ᠎ᠤ ᠣᠷᠤᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠵᠤᠷᠭ᠋ᠠᠨ᠎ᠤ ᠳᠠᠷᠤᠭ᠎ᠠ ᠯᠢᠦ ᠲᠤᠸ᠋ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠭᠰᠠᠨ ᠨᠢ᠄ ᠨᠢᠭᠡ᠎ᠳᠤ᠂ ᠰᠢ ᠵᠢᠨ ᠫᠢᠩ ᠶᠡᠷᠦᠩᠬᠡᠢ ᠱᠦᠵᠢ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢᠨ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠬᠥᠳᠡᠭᠡ ᠲᠣᠰᠬᠣᠨ᠎ᠢ ᠠᠯᠳᠠᠷᠰᠢᠭᠤᠯᠬᠤ ᠠᠵᠢᠯᠯᠠᠭ᠎ᠠ ᠵᠢ ᠥᠷᠨᠢᠭᠦᠯᠬᠦ ᠬᠡᠷᠡᠭᠲᠡᠢ᠃ 《ᠬᠥᠳᠡᠭᠡ ᠲᠣᠰᠬᠣᠨ᠎ᠢ ᠠᠯᠳᠠᠷᠰᠢᠭᠤᠯᠬᠤ ᠠᠵᠢᠯᠯᠠᠭ᠎ᠠ》 ᠵᠢ ᠥᠷᠨᠢᠭᠦᠯᠬᠦ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠣ ᠵᠢᠨ ᠱᠠᠭ᠋ᠠᠷᠳᠠᠯᠭ᠎ᠠ ᠪᠤᠯᠠᠬᠤ ᠪᠦᠭᠡᠳ ᠭᠠᠵᠠᠷ᠎ᠤᠨ ᠨᠡᠷᠡᠰ᠎ᠤᠨ ᠠᠴᠢᠶᠠᠯᠠᠵᠣ ᠪᠠᠢ᠌ᠭ᠎ᠠ ᠰᠣᠶᠣᠯ᠎ᠤᠨ ᠦᠷᠳᠡᠭ᠎ᠤᠨ ᠦᠢ᠍ᠯᠡᠳᠦᠯ᠎ᠢ ᠪᠠᠳᠠᠷᠠᠭᠤᠯᠬᠤ ᠵᠢᠨ ᠲᠤᠯᠭ᠋ᠠᠮ ᠱᠠᠭ᠋ᠠᠷᠳᠠᠯᠭ᠎ᠠ ᠪᠣᠯᠣᠨ᠎ᠠ᠃ ᠬᠣᠶᠠᠷ᠎ᠲᠤ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠠᠵᠢᠯ᠎ᠤᠨ ᠬᠠᠮᠢᠶ᠎ᠠ ᠪᠦᠬᠦᠢ ᠣᠨᠴᠠᠯᠢᠭ ᠪᠠ ᠵᠢᠮ᠎ᠡ ᠶᠣᠰᠣ ᠵᠢ ᠣᠨᠣᠪᠴᠢᠲᠠᠶ ᠡᠵᠡᠮᠳᠡᠬᠦ ᠬᠡᠷᠡᠭᠲᠡᠢ᠃ ᠭᠠᠵᠠᠷ᠎ᠤᠨ ᠨᠡᠷᠡᠰ᠎ᠤᠨ ᠠᠵᠢᠯ ᠪᠣᠯ ᠴᠠᠭ ᠦᠶ᠎ᠡ ᠵᠢᠨ ᠱᠠᠭ᠋ᠠᠷᠳᠠᠯᠭ᠎ᠠ ᠪᠣᠯᠬᠤ ᠵᠢ ᠭᠦᠢ᠍ᠴᠡᠳ ᠲᠠᠨᠢᠵᠤ᠂ ᠭᠠᠵᠠᠷ᠎ᠤᠨ ᠨᠡᠷᠡᠰ᠎ᠤᠨ ᠠᠵᠢᠯ ᠳᠤ᠎ᠬᠢ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠵᠤ᠂ ᠰᠠᠨᠠᠭ᠋ᠠᠴᠢᠯᠠᠭ᠎ᠠ᠎ᠠᠴᠠ᠎ᠪᠠᠨ ᠶᠡᠬᠡ ᠲᠠᠯ᠎ᠠ᠎ᠳᠤ ᠠᠭᠤᠰᠤᠯᠴᠠᠵᠤ᠂ ᠬᠡᠬᠦᠳᠡᠭ ᠴᠡᠭᠡᠵᠢᠨ᠎ᠳᠤ᠎ᠪᠠᠨ ᠤᠯᠤᠰ᠎ᠤᠨ ᠶᠡᠬᠡ ᠶᠠᠪᠤᠳᠠᠯ᠎ᠢ ᠪᠠᠭᠲᠠᠭ᠋ᠠᠬᠤ ᠬᠡᠷᠡᠭᠲᠡᠢ᠃ ᠤᠷᠢᠳᠤᠬᠢ ᠠᠵᠢᠯ ᠵᠶ᠋ᠠᠨ ᠭᠦᠢ᠍ᠴᠡᠳ ᠰᠠᠢ᠌ᠲᠤᠷ ᠪᠡᠶᠡᠯᠡᠭᠦᠯᠦᠨ ᠰᠡᠭᠦᠯ ᠦᠯᠡᠳᠡᠭᠡᠬᠦ ᠵᠢ ᠲᠡᠪᠴᠢᠬᠦ ᠬᠡᠷᠡᠭᠲᠡᠢ᠃ ᠭᠤᠷᠪᠠ᠎ᠳᠤ᠂ ᠭᠠᠵᠠᠷ᠎ᠤᠨ ᠨᠡᠷᠡᠰ᠎ᠤᠨ ᠠᠵᠢᠯ᠎ᠤᠨ ᠤᠯᠤᠰ ᠲᠥᠷᠥ᠂ ᠰᠠᠭᠤᠷᠢ ᠪᠣᠯᠬᠤ᠂ ᠬᠦᠴᠦᠨ ᠨᠡᠮᠡᠷᠢᠯᠡᠬᠦ᠂ ᠠᠴᠢᠶᠠᠯᠠᠬᠤ ᠪᠠ ᠠᠬᠢᠭᠤᠯᠬᠤ ᠵᠡᠷᠭᠡ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠵᠣ᠂ ᠨᠡᠢ᠌ᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ ᠵᠢ ᠢᠯᠡᠷᠡᠭᠦᠯᠣᠨ᠂ ᠬᠤᠪᠢᠰᠬᠠᠯᠲᠤ ᠰᠣᠶᠣᠯ᠎ᠢ ᠢᠯᠡᠷᠡᠭᠦᠯᠵᠣ ᠳᠡᠢ᠌ᠯᠬᠦ ᠭᠠᠵᠠᠷ᠎ᠤᠨ ᠨᠡᠷᠡᠰ ᠵᠶ᠋ᠡᠷ ᠢᠯᠡᠭᠦᠬᠡᠨ ᠨᠡᠷᠡᠯᠡᠬᠦ ᠬᠡᠷᠡᠭᠲᠡᠢ᠃ ᠳᠥᠷᠪᠡ᠎ᠳᠤ᠂ 《ᠬᠥᠳᠡᠭᠡ ᠲᠣᠰᠬᠣᠨ᠎ᠢ ᠠᠯᠳᠠᠷᠰᠢᠭᠤᠯᠬᠤ ᠠᠵᠢᠯᠯᠠᠭ᠎ᠠ》 ᠵᠢᠨ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠬᠦ ᠬᠡᠷᠡᠭᠲᠡᠢ᠃ ᠪᠥᠬᠥ ᠲᠠᠯ᠎ᠠ᠎ᠪᠠᠷ ᠳᠡᠭᠡᠭᠰᠢᠯᠡᠭᠦᠯᠬᠦ ᠪᠠ ᠲᠥᠷᠥᠯ ᠬᠤᠪᠢᠶᠠᠨ ᠵᠢᠯᠤᠭᠣᠳᠬᠤ ᠵᠢ ᠬᠠᠷᠢᠯᠴᠠᠨ ᠤᠶᠠᠯᠳᠤᠭᠤᠯᠬᠤ᠂ ᠬᠤᠳᠠ ᠬᠥᠳᠡᠭᠡ ᠵᠢᠨ ᠬᠠᠷᠢᠯᠴᠠᠨ ᠨᠥᠬᠥᠪᠦᠷᠢᠯᠡᠬᠦ ᠪᠠ ᠣᠨᠴᠠᠯᠢᠭ᠎ᠢ ᠢᠯᠡᠷᠡᠭᠦᠯᠬᠦ ᠵᠢ ᠬᠠᠷᠢᠯᠴᠠᠨ ᠤᠶᠠᠯᠳᠤᠭᠤᠯᠬᠤ᠂ ᠲᠦᠷᠦᠭᠦᠯᠡᠨ ᠶᠡᠷᠦᠩᠬᠡᠢ᠎ᠳᠤ᠎ᠨᠢ ᠠᠳᠬᠤᠬᠤ ᠪᠠ ᠲᠣᠰ ᠲᠣᠰ ᠲᠤᠨᠢ ᠠᠬᠢᠭᠤᠯᠬᠤ ᠵᠢ ᠬᠠᠷᠢᠯᠴᠠᠨ ᠤᠶᠠᠯᠳᠤᠭᠤᠯᠬᠤ᠂ ᠰᠦᠪᠡᠭᠴᠢᠯᠡᠵᠦ ᠰᠢᠨ᠎ᠡ ᠵᠢ ᠡᠭᠦᠳᠬᠦ ᠪᠠ ᠵᠢᠱ᠌ᠢᠶ᠎ᠡ ᠦᠵᠡᠭᠦᠯᠵᠦ ᠬᠥᠲᠥᠯᠥᠨ ᠵᠢᠯᠤᠭᠣᠳᠬᠤ ᠵᠢ ᠬᠠᠷᠢᠯᠴᠠᠨ ᠤᠶᠠᠯᠳᠤᠭᠤᠯᠬᠤ᠂ ᠪᠣᠳᠠᠲᠠᠶ ᠠᠵᠢᠯ ᠪᠠ ᠳᠦᠷᠢᠮ᠎ᠤᠨ ᠪᠠᠢ᠌ᠭᠤᠯᠤᠯᠲᠠ ᠵᠢ ᠬᠠᠷᠢᠯᠴᠠᠨ ᠤᠶᠠᠯᠳᠤᠭᠤᠯᠬᠤ ᠵᠡᠷᠭᠡ ᠲᠠᠪᠤᠨ ᠬᠠᠷᠢᠴᠠᠭ᠎ᠠ ᠵᠢ ᠰᠠᠢ᠌ᠲᠤᠷ ᠰᠢᠢ᠍ᠳᠪᠦᠷᠢᠯᠡᠬᠦ ᠬᠡᠷᠡᠭᠲᠡᠢ᠃
ᠠᠷᠠᠳ᠎ᠤᠨ ᠶᠠᠪᠤᠳᠠᠯ᠎ᠤᠨ ᠶᠠᠮᠤᠨ᠎ᠤ ᠵᠠᠰᠠᠭ ᠵᠠᠬᠢᠷᠭ᠋ᠠᠨ᠎ᠤ ᠣᠷᠤᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠵᠤᠷᠭ᠋ᠠᠨ᠎ᠤ ᠳᠡᠳ᠋ ᠳᠠᠷᠤᠭ᠎ᠠ ᠸᠠᠩ ᠰᠢᠶᠣᠣ ᠳ᠋ᠦᠩ᠂ ᠭᠠᠵᠠᠷ᠎ᠤᠨ ᠨᠡᠷᠡᠰ ᠰᠤᠳᠤᠯᠬᠤ ᠭᠠᠵᠠᠷ᠎ᠤᠨ ᠳᠠᠷᠤᠭ᠎ᠠ ᠯᠢ ᠪᠥᠸᠧ ᠰᠧᠨ᠂ ᠰᠧᠴᠤᠸᠠᠨ ᠮᠤᠵᠢ ᠵᠢᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠬᠡᠦ ᠵᠢᠶᠠᠨ ᠯᠢᠨ᠂ ᠳ᠋ᠠ ᠢ ᠰᠢᠶᠠᠨ᠎ᠤ ᠨᠠᠮ᠎ᠤᠨ ᠬᠣᠷᠢᠶᠠᠨ᠎ᠤ ᠱᠦᠵᠢ ᠯᠢᠶᠠᠨ ᠬᠤᠸᠠ ᠠᠩᠭᠢ ᠡᠬᠢᠯᠡᠭᠦᠯᠬᠦ ᠶᠣᠰᠣᠯᠠᠯ᠎ᠳᠤ ᠣᠷᠣᠯᠴᠠᠪᠠ᠃ ᠪᠥᠬᠥ ᠤᠯᠤᠰ᠎ᠤᠨ 31 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠶᠠᠪᠤᠳᠠᠯ᠎ᠤᠨ ᠲᠢᠩᠬᠢᠮ (ᠲᠣᠪᠴᠢᠶ᠎ᠠ)᠎ᠤᠨ ᠵᠠᠰᠠᠭ ᠵᠠᠬᠢᠷᠭ᠋ᠠᠨ᠎ᠤ ᠣᠷᠤᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠭᠠᠵᠠᠷ᠎ᠤᠨ ᠬᠠᠷᠢᠭᠤᠴᠠᠯᠭ᠋ᠠᠲᠠᠨ᠂ ᠲᠤᠬᠠᠢ᠌ᠯᠠᠭᠰᠠᠨ ᠠᠵᠢᠯ᠎ᠤᠨ ᠠᠵᠢᠯᠲᠠᠳ᠂ ᠭᠣᠸ᠋ ᠳ᠋ᠧ᠂ ᠪᠠᠢ ᠳ᠋ᠦ᠋ ᠭᠠᠵᠠᠷ ᠵᠦᠢ ᠵᠢᠨ ᠮᠡᠳᠡᠭᠡ ᠵᠠᠩᠭᠢ ᠵᠢᠨ ᠺᠣᠮᠫᠠᠨᠢ᠂ 《ᠳᠤᠮᠳᠠᠳᠤ ᠤᠯᠤᠰ᠎ᠤᠨ ᠨᠡᠢ᠌ᠭᠡᠮ᠎ᠤᠨ ᠰᠣᠨᠢᠨ》᠎ᠤ ᠨᠠᠢ᠌ᠷᠠᠭᠤᠯᠤᠭᠴᠢ ᠵᠡᠷᠭᠡ 120 ᠭᠠᠷᠤᠢ ᠬᠥᠮᠥᠨ ᠪᠥᠬᠥ ᠶᠠᠪᠤᠴᠠ ᠵᠢᠨ ᠪᠣᠯᠪᠠᠰᠤᠷᠠᠯ᠎ᠳᠤ ᠣᠷᠣᠯᠴᠠᠭᠰᠠᠨ ᠪᠥᠭᠡᠳ ᠲᠤᠬᠠᠢ ᠵᠢᠨ ᠭᠠᠵᠠᠷ᠎ᠲᠤᠨᠢ ᠰᠤᠷᠤᠯᠴᠠᠭᠰᠠᠨ ᠪᠠᠢ᠌ᠨ᠎ᠠ᠃