ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠤᠳᠤᠷᠢᠳᠤᠯᠭ᠎ᠠ ᠨᠠᠷ 7 ᠳ᠋ᠤᠭ᠋ᠠᠷ ᠰᠠᠷ᠎ᠠ ᠵᠢᠨ 7᠎ᠤ ᠡᠳᠦᠷ ᠪᠤᠭᠤᠲᠤ ᠬᠣᠲᠠ᠎ᠳᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠂ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠳᠤ ᠪᠠᠢ᠌ᠴᠠᠭ᠋ᠠᠨ ᠰᠤᠳᠤᠯᠪᠠ᠃ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠯᠢᠦ ᠴᠧᠩ ᠮᠢᠨ᠂ ᠬᠠᠮᠢᠶ᠎ᠠ ᠪᠦᠬᠦᠢ ᠭᠠᠵᠠᠷ ᠲᠠᠰᠤᠭ᠎ᠤᠨ ᠬᠠᠷᠢᠭᠤᠴᠠᠯᠭ᠋ᠠᠳᠠᠳ ᠬᠠᠮᠳᠤ ᠪᠠᠢ᠌ᠴᠠᠭ᠋ᠠᠨ ᠰᠤᠳᠤᠯᠤᠬᠰᠠᠨ ᠪᠠᠢ᠌ᠨ᠎ᠠ᠃
ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠪᠠ ᠨᠡᠢ᠌ᠭᠡᠮ ᠲᠣᠭᠣᠷᠢᠭ᠎ᠲᠤ ᠭᠦᠨᠵᠡᠭᠡᠢ᠌ᠷᠡᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠪᠠ ᠠᠵᠢᠯ ᠥᠷᠨᠢᠭᠦᠯᠵᠦ ᠪᠠᠢ᠌ᠭ᠎ᠠ ᠪᠠᠢ᠌ᠳᠠᠯ᠎ᠢ ᠪᠠᠢ᠌ᠴᠠᠭ᠋ᠠᠨ ᠦᠵᠡᠪᠡ᠃ ᠾᠦᠢ ᠳ᠋ᠧ ᠨᠠᠰᠤᠲᠠᠢ᠌ᠴᠤᠳ᠎ᠤᠨ ᠶᠡᠷᠦᠩᠬᠡᠢ᠌ᠯᠡᠭᠰᠡᠨ ᠰᠤᠪᠢᠯᠠᠯᠲᠠ ᠵᠢᠨ ᠬᠦᠷᠢᠶᠡᠯᠡᠩ᠎ᠳᠤ ᠰᠤᠪᠢᠯᠠᠯᠲᠠ ᠵᠢᠨ ᠬᠦᠷᠢᠶᠡᠯᠡᠩ᠎ᠤᠨ ᠴᠢᠳᠠᠮᠵᠢ ᠵᠢᠨ ᠲᠣᠬᠢᠷᠠᠭᠤᠯᠤᠯᠲᠠ᠂ ᠡᠵᠡᠩᠨᠡᠯᠲᠡ ᠬᠠᠮᠢᠶᠠᠷᠤᠯᠲᠠ᠂ ᠡᠮᠴᠢᠯᠡᠭᠡ ᠰᠤᠪᠢᠯᠠᠯᠲᠠ ᠵᠢ ᠤᠶᠠᠯᠳᠤᠭᠤᠯᠤᠭᠰᠠᠨ ᠪᠠ ᠬᠡᠯᠬᠢᠶᠡᠵᠢᠭᠦᠯᠦᠨ ᠡᠵᠡᠩᠨᠡᠭᠰᠡᠨ ᠪᠠᠢ᠌ᠳᠠᠯ᠎ᠢ ᠨᠠᠷᠢᠨ ᠣᠢ᠌ᠯᠠᠭ᠋ᠠᠵᠤ᠂ ᠨᠠᠰᠤᠲᠠᠢ᠌ᠴᠤᠳ᠎ᠲᠠᠢ ᠳᠣᠲᠣᠨᠣ᠎ᠪᠠᠷ ᠶᠠᠷᠢᠯᠴᠠᠵᠤ᠂ ᠲᠡᠳᠡᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠤᠢ᠌ᠯᠠᠭ᠋ᠠᠪᠠ᠃ ᠴᠢᠩᠱ᠌ᠠᠨ ᠵᠠᠮ᠎ᠤᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠬᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠂ ᠠᠷᠪᠠᠨ ᠭᠤᠷᠪᠠᠨ ᠭᠡᠷ ᠵᠡᠬᠡᠯᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ᠎ᠳᠤ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠦᠬᠦᠬᠡᠷᠤᠮᠵᠢ ᠵᠢᠨ ᠴᠢᠳᠠᠮᠵᠢ ᠵᠢ ᠪᠠᠳᠠᠷᠠᠭᠤᠯᠤᠭᠰᠠᠨ᠂ ᠦᠢ᠍ᠯᠡᠴᠢᠯᠡᠭᠡᠨ᠎ᠤ ᠬᠠᠩᠭ᠋ᠠᠯᠭ᠎ᠠ ᠪᠠ ᠨᠠᠰᠤᠲᠠᠢ᠌ᠴᠤᠳ᠎ᠤᠨ ᠬᠣᠭᠣᠯᠠᠨ ᠭᠡᠷ᠎ᠤᠨ ᠡᠵᠡᠩᠨᠡᠯᠲᠡ ᠵᠢ ᠰᠤᠳᠤᠯᠤᠨ ᠪᠠᠢ᠌ᠴᠠᠭ᠋ᠠᠪᠠ᠃ ᠪᠤᠭᠤᠲᠤ ᠬᠣᠲᠠ ᠵᠢᠨ ᠣᠶᠤᠨᠲᠤ ᠨᠠᠰᠤᠵᠢᠯ᠎ᠤᠨ ᠦᠢ᠍ᠯᠡᠴᠢᠯᠡᠭᠡᠨ᠎ᠤ ᠲᠥᠪ᠎ᠲᠤ ᠨᠠᠰᠤᠵᠢᠯ᠎ᠤᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢᠨ ᠰᠢᠰᠲ᠋ᠧᠮ᠎ᠤᠨ ᠪᠠᠢ᠌ᠭᠤᠯᠤᠯᠲᠠ ᠪᠠ ᠬᠡᠷᠡᠭᠯᠡᠯᠲᠡ ᠵᠢᠨ ᠪᠠᠢ᠌ᠳᠠᠯ᠎ᠢ ᠪᠠᠢ᠌ᠴᠠᠭ᠋ᠠᠨ ᠦᠵᠡᠵᠤ᠂ ᠴᠢᠯᠦᠭᠡᠲᠦ ᠵᠠᠮ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠰᠢᠤᠸᠠᠢ ᠶᠤᠸᠠᠨ ᠨᠡᠢ᠌ᠭᠡᠮ ᠲᠣᠭᠣᠷᠢᠭ᠎ᠲᠤ ᠨᠡᠢ᠌ᠭᠡᠮ᠎ᠤᠨ ᠲᠤᠰᠠᠯᠠᠮᠵᠢ᠂《ᠲᠠᠪᠤᠨ ᠨᠡᠢ᠌ᠬᠡᠮ ᠬᠤᠯᠪᠤᠭ᠋ᠠᠯᠠᠨ ᠬᠥᠳᠡᠯᠦᠯᠴᠡᠬᠦ》 ᠵᠡᠷᠭᠡ ᠠᠵᠢᠯ᠎ᠢ ᠥᠷᠨᠢᠭᠦᠯᠦᠭᠰᠡᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ᠃ ᠴᠢᠩᠱ᠌ᠠᠨ ᠲᠣᠭᠣᠷᠢᠭ᠎ᠤᠨ ᠤᠷᠤᠭ᠎ᠤᠨ ᠰᠣᠶᠣᠯ᠎ᠤᠨ ᠠᠭᠤᠳᠠᠮ ᠲᠠᠯᠠᠪᠠᠢ᠎ᠳᠤ ᠤᠷᠤᠭ᠎ᠤᠨ ᠵᠠᠩᠰᠢᠯ᠎ᠤᠨ ᠥᠭᠡᠷᠡᠴᠢᠯᠡᠯᠲᠡ᠂ ᠤᠷᠤᠭ᠎ᠤᠨ ᠵᠠᠩᠰᠢᠯ᠎ᠤᠨ ᠰᠣᠶᠣᠯ᠎ᠤᠨ ᠪᠠᠢ᠌ᠭᠤᠯᠤᠯᠲᠠ ᠵᠢ ᠣᠢ᠌ᠯᠠᠭ᠋ᠠᠪᠠ᠃
ᠲᠢᠡᠭᠭᠢᠮ᠎ᠤᠨ ᠤᠳᠤᠷᠢᠳᠤᠯᠭ᠎ᠠ ᠴᠢᠬᠤᠯᠠᠴᠢᠯᠠᠭᠰᠠᠨ᠎ᠨᠢ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢ ᠣᠳᠣᠬᠠᠨ᠎ᠤ ᠪᠠ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ ᠭᠣᠣᠯ ᠰᠡᠳᠦᠪᠲᠦ ᠬᠥᠮᠦᠵᠢᠯ᠎ᠤᠨ ᠭᠦᠨᠵᠡᠭᠡᠢ᠌ᠷᠡᠨ ᠪᠣᠳᠠᠲᠠᠢ᠌ᠵᠢᠬᠤ ᠵᠢ ᠠᠬᠢᠭᠤᠯᠬᠤ᠎ᠲᠠᠢ ᠤᠶᠠᠯᠳᠤᠭᠤᠯᠵᠤ᠂ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠵᠢ ᠴᠢᠬᠤᠯᠠᠴᠢᠯᠠᠵᠤ᠂ ᠠᠵᠢᠯ᠎ᠤᠨ ᠳᠤᠲᠠᠭᠤᠳᠠᠯ ᠵᠶ᠋ᠠᠨ ᠨᠥᠬᠥᠪᠦᠷᠢᠯᠡᠵᠦ᠂ ᠠᠷᠠᠳ᠎ᠤᠨ ᠠᠮᠢᠳᠤᠷᠠᠯ᠎ᠢ ᠤᠯᠠᠮ ᠪᠤᠶᠠᠨ ᠵᠢᠷᠭ᠋ᠠᠯ᠎ᠲᠠᠢ ᠪᠤᠯᠭ᠋ᠠᠬᠤ ᠬᠡᠷᠡᠭᠲᠡᠢ᠃ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠲᠠᠩᠰᠠ ᠡᠪᠬᠡᠮᠡᠯ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠦᠷᠭᠦᠯᠵᠢᠯᠡᠨ ᠠᠬᠢᠭᠤᠯᠵᠤ᠂ ᠪᠡᠶ᠎ᠡ᠎ᠳᠤ᠎ᠪᠠᠨ ᠵᠦᠪ ᠦᠬᠡᠢ ᠪᠤᠶᠤ ᠪᠡᠶ᠎ᠡ ᠮᠠᠬᠠᠪᠤᠳ᠎ᠤᠨ ᠴᠢᠳᠠᠮᠵᠢ᠎ᠪᠠᠨ ᠬᠡᠰᠡᠭ ᠠᠯᠳᠠᠬᠰᠠᠨ ᠨᠠᠰᠤᠲᠠᠢ᠌ᠴᠤᠳ᠎ᠢ ᠲᠤᠰᠬᠠᠢ ᠬᠠᠷᠠᠭ᠋ᠠᠯᠵᠠᠨ ᠠᠰᠠᠷᠠᠬᠤ ᠴᠢᠳᠠᠪᠤᠷᠢ ᠵᠢ ᠳᠡᠭᠡᠭᠰᠢᠯᠡᠭᠦᠯᠦᠨ᠂ ᠡᠮᠴᠢᠯᠡᠭᠡ ᠰᠤᠪᠢᠯᠠᠯᠲᠠ ᠵᠢ ᠤᠶᠠᠯᠳᠤᠭᠤᠯᠬᠤ ᠵᠢ ᠠᠬᠢᠭᠤᠯᠵᠤ᠂ ᠨᠠᠰᠤᠲᠠᠢ᠌ᠴᠤᠳ᠂ ᠢᠯᠠᠩᠭᠤᠶ᠎ᠠ ᠦᠳᠡᠬᠦᠰ᠎ᠤᠨ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠵᠢᠨ ᠬᠡᠷᠡᠭᠴᠡᠭᠡ ᠵᠢ ᠨᠠᠩ ᠰᠠᠢ᠌ᠲᠤᠷ ᠬᠠᠩᠭ᠋ᠠᠬᠤ ᠬᠡᠷᠡᠭᠲᠡᠢ᠃ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠦᠷᠭᠦᠯᠵᠢᠯᠡᠨ ᠠᠬᠢᠭᠤᠯᠵᠤ᠂ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠤᠤᠷᠵᠢᠯ᠎ᠢ ᠲᠡᠭᠦᠯᠳᠡᠷᠵᠢᠭᠦᠯᠵᠦ᠂ ᠬᠥᠨᠳᠡᠯᠡᠨ ᠵᠶ᠋ᠡᠷ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ (ᠰᠢᠶᠠᠩ ᠪᠠᠯᠭ᠋ᠠᠰᠤ) ᠵᠢ ᠪᠦᠬᠦᠨ᠎ᠢ ᠬᠠᠮᠤᠷᠬᠤ᠂ ᠭᠤᠯᠳᠤ ᠪᠠ ᠦᠢ᠍ᠯᠡᠴᠢᠯᠡᠬᠡ ᠵᠢ ᠭᠡᠷ᠎ᠲᠤ᠎ᠨᠢ ᠬᠦᠷᠬᠡᠬᠦ ᠬᠡᠷᠡᠭᠳᠡᠢ᠃ ᠬᠡᠷ᠎ᠲᠤ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠳᠡᠭᠡᠭᠰᠢᠯᠡᠭᠦᠯᠬᠦ ᠠᠵᠢᠯᠯᠠᠭ᠎ᠠ ᠵᠢᠨ ᠲᠥᠷᠥᠯ ᠵᠦᠢ᠍ᠯ᠎ᠤᠨ ᠦᠷ᠎ᠡ ᠪᠦᠲᠦᠮᠵᠢ ᠵᠢ ᠪᠡᠬᠢᠵᠢᠭᠦᠯᠦᠨ ᠥᠷᠭᠡᠳᠬᠡᠵᠦ᠂ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠂ ᠭᠡᠷ᠎ᠲᠤ᠎ᠪᠠᠨ ᠰᠠᠭᠤᠭ᠎ᠠ ᠨᠠᠰᠤᠲᠠᠢ᠌ᠴᠤᠳ᠎ᠤᠨ ᠨᠠᠰᠤᠵᠢᠯ᠎ᠤᠨ ᠠᠰᠠᠷᠠᠮᠵᠢ ᠵᠢᠨ ᠤᠯᠠᠨ ᠶᠠᠡᠭᠵᠤ᠎ᠳᠤ ᠬᠡᠷᠡᠭᠴᠡᠬᠡ ᠵᠢ ᠬᠠᠡᠭᠭ᠋ᠠᠬᠤ ᠬᠡᠷᠡᠭᠳᠡᠢ᠃ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠮᠡᠳᠡᠭᠡ ᠵᠠᠩᠭᠢᠵᠢᠯᠲᠠ ᠵᠢᠨ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢᠨ ᠰᠢᠰᠲ᠋ᠧᠮ᠎ᠤᠨ ᠬᠡᠷᠡᠭᠯᠡᠯᠲᠡ ᠳᠡᠯᠭᠡᠷᠡᠭᠦᠯᠦᠯᠲᠡ ᠵᠢ ᠲᠦᠷᠬᠡᠳᠬᠡᠨ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ 《ᠡᠴᠦᠰ᠎ᠤᠨ ᠨᠢᠭᠡ ᠮᠧᠲᠷ》 ᠢ ᠨᠠᠪᠲᠠᠷᠡᠭᠦᠯᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ 《ᠨᠢᠭᠡ ᠰᠦᠯᠵᠢᠶ᠎ᠡ᠎ᠪᠠᠷ ᠲᠤᠭᠤᠰᠢᠳᠠᠢ ᠪᠠᠢ᠌ᠴᠠᠭ᠋ᠠᠬᠤ》 《ᠨᠢᠭᠡ ᠰᠦᠯᠵᠢᠶ᠎ᠡ᠎ᠪᠠᠷ ᠲᠤᠭᠤᠰᠢᠳᠠᠢ ᠬᠦᠢ᠍ᠴᠡᠳᠬᠡᠬᠦ》 ᠵᠢ ᠪᠡᠶᠡᠯᠡᠭᠦᠯᠵᠦ᠂ 《ᠬᠦᠷᠢᠶ᠎ᠡ ᠬᠠᠰᠢᠶ᠎ᠠ ᠦᠭᠡᠢ ᠨᠠᠰᠤᠲᠠᠨ᠎ᠢ ᠠᠰᠠᠷᠠᠬᠤ ᠬᠦᠷᠢᠶᠡᠯᠡᠩ》 ᠢ ᠪᠠᠢ᠌ᠭᠤᠯᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠳᠥᠭᠥᠮᠴᠢᠯᠡᠯᠲᠡ ᠵᠢ ᠪᠡᠶᠡᠯᠡᠭᠦᠯᠬᠦ ᠬᠡᠷᠡᠭᠲᠡᠢ᠃ ᠲᠡᠰ ᠲᠦᠷᠦᠯ ᠬᠤᠪᠢᠶᠠᠭᠰᠠᠨ ᠨᠡᠢ᠌ᠭᠡᠮ᠎ᠤᠨ ᠲᠤᠰᠠᠯᠠᠮᠵᠢ ᠵᠢᠨ ᠰᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠣᠷᠣᠯᠭ᠎ᠠ ᠪᠠᠭ᠎ᠠ ᠬᠦᠮᠦᠰ᠎ᠢ ᠬᠥᠳᠡᠯᠦᠩᠭᠦᠢ᠎ᠪᠠᠷ ᠬᠢᠨᠠᠨ ᠬᠡᠮᠵᠢᠬᠦ ᠪᠠ ᠪᠠᠢ᠌ᠩᠭᠤ ᠵᠢᠨ ᠲᠤᠰᠠᠯᠠᠮᠵᠢ ᠵᠢ ᠴᠢᠩᠭ᠋ᠠᠳᠬᠠᠵᠤ᠂ 《ᠨᠠᠷᠢᠯᠢᠭ ᠬᠠᠮᠢᠶᠠᠷᠬᠤ᠂ ᠨᠠᠷᠢᠯᠢᠭ ᠦᠢ᠍ᠯᠡᠴᠢᠯᠡᠬᠦ᠂ ᠤᠯᠠᠨ ᠡᠰᠢᠴᠢᠯᠡᠭᠰᠡᠨ ᠲᠤᠰᠠᠯᠠᠮᠵᠢ᠎ᠪᠠᠷ ᠬᠠᠯᠠᠭᠤᠨ ᠳᠤᠯᠠᠭ᠋ᠠᠨ᠎ᠢ ᠤᠯᠭᠤᠬᠤ》 ᠨᠡᠢ᠌ᠭᠡᠮ᠎ᠤᠨ ᠲᠤᠰᠠᠯᠠᠮᠵᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠠᠬᠢᠭᠤᠯᠵᠤ᠂ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠠᠷᠭ᠎ᠠ ᠵᠢ ᠴᠢᠩᠭ᠋ᠠᠷᠠᠭᠤᠯᠵᠤ᠂ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠴᠦ᠍ ᠬᠤᠷᠢᠭ᠎ᠠ ᠱᠤᠭᠤᠮ᠎ᠢ ᠦᠨᠡᠨ ᠬᠦ᠌ ᠪᠠᠲᠤ ᠰᠠᠬᠢᠵᠤ᠂ ᠤᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯ᠎ᠤᠨ ᠲᠥᠷᠥᠭᠳᠡᠯ᠎ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠤᠷᠤᠭ ᠤᠨ ᠵᠠᠩᠰᠢᠯ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠤᠷᠤᠭ ᠲᠠᠡᠭᠰᠠᠯᠠᠬᠤ ᠪᠠᠢ᠌ᠭᠤᠯᠤᠮᠵᠢ ᠵᠢᠨ ᠰᠣᠶᠣᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠤᠬᠠᠭᠤᠯᠭ᠎ᠠ ᠵᠢᠨ ᠡᠷᠴᠢᠮ᠎ᠢ ᠴᠢᠡᠭᠭ᠋ᠠᠷᠠᠭᠤᠯᠤᠨ᠂ ᠪᠣᠯᠪᠠᠰᠤᠨ ᠥᠭᠡᠳᠡᠷᠬᠡᠭ ᠤᠷᠤᠭ᠎ᠤᠨ ᠵᠠᠩᠰᠢᠯ᠎ᠢ ᠪᠤᠢ ᠪᠣᠯᠭ᠋ᠠᠬᠤ ᠬᠡᠷᠡᠭᠲᠡᠢ᠃
ᠪᠤᠭᠤᠲᠤ ᠬᠤᠳᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠂ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠨᠥᠬᠥᠳ ᠬᠠᠮᠳᠤ ᠪᠠᠢ᠌ᠴᠠᠭ᠋ᠠᠨ ᠰᠤᠳᠤᠯᠤᠬᠰᠨᠨ ᠪᠠᠢ᠌ᠨ᠎ᠠ᠃