ᠠᠷᠠᠳ᠎ᠤᠨ ᠶᠠᠪᠤᠳᠠᠯ᠎ᠤᠨ ᠶᠠᠮᠤᠨ᠎ᠤ ᠨᠡᠢ᠌ᠭᠡᠮ᠎ᠤᠨ ᠲᠤᠰᠠᠯᠠᠮᠵᠢ ᠵᠢᠨ ᠵᠤᠷᠭ᠋ᠠᠨ᠎ᠤ᠎ᠬᠢᠨ 7 ᠳ᠋ᠤᠭ᠋ᠠᠷ ᠰᠠᠷ᠎ᠠ ᠵᠢᠨ 11᠎ᠤ ᠡᠳᠦᠷ ᠰᠢᠯᠢ ᠵᠢᠨ ᠭᠣᠣᠯ ᠠᠢ᠌ᠮᠠᠭ᠎ᠲᠤ ᠦᠨᠳᠦᠰᠦᠨ ᠱᠠᠲᠤᠨ᠎ᠤ ᠨᠡᠢ᠌ᠭᠡᠮ᠎ᠤᠨ ᠲᠤᠰᠠᠯᠠᠮᠵᠢ ᠵᠢᠨ ᠴᠢᠳᠠᠪᠤᠷᠢ ᠵᠢᠨ ᠪᠠᠢ᠌ᠭᠤᠯᠤᠯᠲᠠ ᠵᠢᠨ ᠲᠤᠬᠠᠢ ᠶᠠᠷᠢᠯᠴᠠᠬᠤ ᠬᠤᠷᠠᠯ᠎ᠢ ᠬᠤᠷᠠᠯᠳᠤᠭᠤᠯᠪᠠ᠃ ᠬᠤᠷᠠᠯ ᠲᠡᠬᠡᠷ᠎ᠡ ᠶᠡᠷᠦᠩᠬᠡᠢ ᠱᠦᠵᠢ ᠰᠢ ᠵᠢᠨ ᠫᠢᠩ᠎ᠤᠨ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠬᠤ ᠵᠢᠨ ᠲᠣᠭᠣᠷᠢᠨ᠎ᠳᠤ ᠨᠠᠮ᠎ᠤᠨ ᠬᠣᠷᠢᠳᠤᠭ᠋ᠠᠷ ᠶᠡᠬᠡ ᠬᠤᠷᠠᠯ ᠲᠡᠬᠡᠷᠡᠬᠢ ᠨᠡᠢ᠌ᠭᠡᠮ᠎ᠤᠨ ᠲᠤᠰᠠᠯᠠᠮᠵᠢ ᠵᠢᠨ ᠰᠢᠰᠲᠸᠮ᠎ᠢ ᠪᠦᠷᠢᠨᠰᠢᠭᠦᠯᠬᠦ ᠲᠤᠬᠠᠢ ᠬᠣᠯᠪᠣᠭᠳᠠᠯ ᠪᠦᠬᠦᠢ ᠠᠵᠢᠯ᠎ᠤᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ ᠦᠨᠳᠦᠰᠦᠨ ᠱᠠᠲᠤᠨ᠎ᠤ ᠨᠡᠢ᠌ᠭᠡᠮ᠎ᠤᠨ ᠲᠤᠰᠠᠯᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢ ᠵᠢᠨ ᠪᠠᠢ᠌ᠭᠤᠯᠤᠯᠲᠠ ᠵᠢ ᠠᠬᠢᠭᠤᠯᠬᠤ ᠲᠤᠬᠠᠢ ᠭᠦᠢ᠍ᠴᠡᠳ ᠰᠣᠯᠢᠯᠴᠠᠵᠤ᠂ ᠦᠨᠳᠦᠰᠦᠨ ᠱᠠᠲᠤᠨ᠎ᠤ ᠨᠡᠢ᠌ᠭᠡᠮ᠎ᠤᠨ ᠲᠤᠰᠠᠯᠠᠮᠵᠢ ᠵᠢᠨ ᠴᠢᠳᠠᠪᠤᠷᠢ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠬᠦ ᠬᠣᠯᠪᠣᠭᠳᠠᠯ ᠪᠦᠬᠦᠢ ᠲᠦᠷᠦ ᠵᠢᠨ ᠪᠣᠳᠣᠯᠭ᠎ᠠ ᠠᠷᠭ᠎ᠠ ᠵᠢ ᠰᠤᠳᠤᠯᠵᠠᠢ᠃
ᠨᠡᠢ᠌ᠭᠡᠮ᠎ᠤᠨ ᠲᠤᠰᠠᠯᠠᠮᠵᠢ ᠵᠢᠨ ᠵᠤᠷᠭ᠋ᠠᠨ᠎ᠤ ᠳᠡᠳ᠋ ᠳᠠᠷᠤᠭ᠎ᠠ ᠵᠠᠩ ᠸᠧᠢ ᠬᠤᠷᠠᠯ᠎ᠢ ᠡᠷᠭᠢᠯᠡᠵᠦ᠂ ᠰᠢᠯᠢ ᠵᠢᠨ ᠭᠣᠣᠯ ᠠᠢ᠌ᠮᠠᠭ᠎ᠤᠨ ᠵᠠᠬᠢᠷᠭ᠎ᠠ ᠵᠢᠨ ᠳᠡᠳ᠋ ᠳᠠᠷᠤᠭ᠎ᠠ ᠵᠢᠢ ᠬᠦᠶ ᠯᠢ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠴᠧᠩ ᠬᠣᠩ ᠯᠢᠶᠠᠩ᠂ ᠨᠡᠢ᠌ᠭᠡᠮ᠎ᠤᠨ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢᠨ ᠰᠢᠰᠲᠸᠮ᠎ᠢ ᠲᠡᠭᠦᠯᠳᠡᠷᠵᠢᠭᠦᠯᠬᠦ᠂ ᠨᠡᠢ᠌ᠭᠡᠮ᠎ᠤᠨ ᠲᠤᠰᠠᠯᠠᠮᠵᠢ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠲᠦᠪᠰᠢᠨ᠎ᠢ ᠳᠡᠭᠡᠭᠰᠢᠯᠡᠭᠦᠯᠬᠦ᠂ ᠨᠡᠢ᠌ᠭᠡᠮ᠎ᠤᠨ ᠲᠤᠰᠠᠯᠠᠮᠵᠢ ᠵᠢᠨ ᠦᠨᠳᠦᠰᠦᠨ ᠪᠠᠳᠤᠯᠠᠭ᠎ᠠ᠂ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠦᠨᠳᠦᠰᠦᠨ ᠱᠠᠲᠤᠨ᠎ᠤ ᠨᠡᠢ᠌ᠭᠡᠮ᠎ᠤᠨ ᠲᠤᠰᠠᠯᠠᠮᠵᠢ ᠵᠢᠨ ᠦᠢ᠍ᠯᠡᠴᠢᠯᠡᠭᠡᠨ᠎ᠤ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠬᠦ ᠲᠣᠭᠣᠷᠢᠨ᠎ᠳᠤ ᠮᠠᠨ᠎ᠤ ᠤᠷᠤᠨ᠎ᠤ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠤᠨ ᠲᠤᠬᠠᠢ ᠲᠠᠨᠢᠯᠴᠠᠭᠤᠯᠪᠠ᠃
ᠲᠢᠶᠠᠨᠵᠢᠨ᠂ ᠥᠪᠥᠷ ᠮᠣᠩᠭᠣᠯ᠂ ᠭᠢᠷᠢᠨ᠂ ᠵᠧᠵᠢᠶᠠᠩ᠂ ᠹᠦᠵᠢᠶᠠᠨ᠂ ᠵᠢᠶᠠᠩᠰᠢ᠂ ᠾᠧᠨᠠᠨ᠂ ᠬᠤᠨᠠᠨ᠂ ᠰᠧᠴᠤᠸᠠᠨ᠂ ᠱᠠᠨᠰᠢ᠂ ᠰᠢᠨᠵᠢᠶᠠᠩ ᠵᠡᠷᠭᠡ ᠮᠤᠵᠢ (ᠣᠷᠣᠨ᠂ ᠬᠣᠲᠠ) ᠵᠢᠨ ᠠᠷᠠᠳ᠎ᠤᠨ ᠶᠠᠪᠤᠳᠠᠯ᠎ᠤᠨ ᠲᠢᠩᠬᠢᠮ (ᠲᠣᠪᠴᠢᠶ᠎ᠠ)᠎ᠤᠨ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠤᠨ ᠬᠠᠷᠢᠭᠤᠴᠠᠯᠭ᠋ᠠᠲᠠᠨ ᠪᠠ ᠰᠢᠶᠠᠨ᠎ᠤ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃