ᠠᠷᠠᠳ᠎ᠤᠨ ᠶᠠᠪᠤᠳᠠᠯ᠎ᠤᠨ ᠶᠠᠮᠤᠨ 《ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠦᠢ᠍ᠯᠡᠴᠢᠯᠡᠭᠡ ᠵᠢ ᠭᠦᠨᠵᠡᠭᠡᠢ᠌ᠷᠡᠭᠦᠯᠵᠦ ᠰᠠᠢ᠌ᠨ ᠰᠠᠢ᠌ᠬᠠᠨ ᠭᠡᠷ ᠣᠷᠣᠨ ᠵᠶ᠋ᠠᠨ ᠭᠡᠢ᠌ᠭᠦᠯᠬᠦ》 ᠬᠡᠮᠡᠬᠦ ᠲᠤᠷᠰᠢᠯᠲᠠ ᠵᠢᠨ ᠴᠡᠭ᠎ᠤᠨ ᠠᠵᠢᠯᠯᠠᠭ᠎ᠠ ᠵᠢ ᠥᠷᠨᠢᠭᠦᠯᠦᠭᠰᠡᠨ᠎ᠠᠴᠠ ᠨᠠᠭ᠋ᠠᠰᠢ᠂ ᠣᠷᠴᠣᠨ᠎ᠤ ᠥᠪᠡᠷᠲᠡᠭᠡᠨ ᠵᠠᠰᠠᠬᠤ ᠬᠣᠰᠢᠭᠤ ᠬᠢᠵᠢᠭ᠎ᠤᠨ ᠪᠠᠢ᠌ᠳᠠᠯ ᠪᠣᠯᠣᠨ ᠴᠠᠭ ᠠᠭᠤᠷ᠎ᠤᠨ ᠣᠷᠴᠢᠨ ᠲᠣᠭᠣᠷᠢᠨ᠎ᠤ ᠠᠰᠢᠭ ᠦᠭᠡᠢ ᠡᠯᠧᠮᠧᠨ᠋ᠲ᠎ᠢ ᠲᠡᠪᠴᠢᠵᠦ᠂ ᠬᠡᠷᠡᠭᠵᠢᠭᠦᠯᠬᠦ ᠠᠯᠬᠤᠮ ᠳᠠᠷᠠᠭ᠎ᠠ ᠵᠢ ᠰᠤᠳᠤᠯᠤᠨ ᠲᠣᠭᠲᠠᠭ᠋ᠠᠵᠤ᠂ ᠬᠥᠳᠡᠭᠡ ᠲᠣᠰᠬᠣᠨ᠎ᠤ ᠨᠡᠷ᠎ᠡ ᠪᠠᠢ᠌ᠬᠤ ᠦᠭᠡᠢ ᠭᠠᠵᠠᠷ᠎ᠢ ᠰᠢᠨ᠎ᠡ᠎ᠪᠠᠷ ᠨᠡᠷᠡᠢ᠌ᠳᠦᠨ ᠳᠡᠮᠳᠡᠭ ᠫᠠᠢ᠌ᠰᠠ ᠲᠣᠭᠲᠠᠭ᠋ᠠᠬᠤ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠢ ᠴᠤᠭᠯᠠᠭᠤᠯᠤᠨ ᠡᠮᠬᠢᠳᠭᠡᠵᠦ ᠰᠦᠯᠵᠢᠶᠡᠨ᠎ᠳᠤ ᠭᠠᠷᠭ᠋ᠠᠬᠤ᠂ ᠬᠥᠳᠡᠭᠡ ᠲᠣᠰᠬᠣᠨ᠎ᠤ ᠣᠨᠴᠠᠯᠢᠭᠲᠤ ᠡᠬᠢ ᠪᠠᠶᠠᠯᠢᠭ᠎ᠢ ᠤᠬᠠᠭᠤᠯᠤᠨ ᠳᠡᠯᠭᠡᠷᠡᠭᠦᠯᠬᠦ ᠪᠠ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠬᠡᠷᠡᠭᠯᠡᠯᠲᠡ ᠵᠢ ᠳᠡᠭᠡᠭᠰᠢᠯᠡᠭᠦᠯᠬᠦ ᠵᠡᠷᠭᠡ ᠳᠥᠷᠪᠡᠨ ᠲᠠᠯ᠎ᠠ᠎ᠪᠠᠷ ᠬᠦᠴᠦᠯᠡᠨ ᠴᠢᠷᠮᠠᠢ᠌ᠪᠠ᠃ ᠡᠭᠦᠨ᠎ᠳᠤ ᠢᠯᠢ ᠪᠠᠯᠭ᠋ᠠᠰᠤ ᠵᠢᠨ ᠪᠠᠭ᠎ᠠ ᠺᠦ᠋ ᠮᠦᠸᠸ ᠲᠣᠰᠬᠣᠨ᠎ᠢ ᠤᠷᠴᠤᠨ ᠬᠤᠰᠢᠭᠤᠨ᠎ᠤ ᠲᠤᠷᠰᠢᠯᠲᠠ ᠵᠢᠨ ᠴᠡᠭ ᠵᠶ᠋ᠠᠷ ᠲᠤᠭᠲᠠᠭ᠋ᠠᠵᠤ᠂ 《ᠨᠢᠬᠲᠠᠴᠠ ᠵᠢᠨ ᠬᠡᠮᠵᠢᠶ᠎ᠡ + ᠣᠨᠴᠠᠯᠢᠭᠳᠠᠬᠤ ᠬᠡᠮᠵᠢᠶ᠎ᠡ + ᠠᠯᠳᠠᠷᠰᠢᠭᠰᠠᠨ ᠬᠡᠮᠵᠢᠶ᠎ᠡ》 ᠵᠡᠷᠭᠡ ᠭᠤᠷᠪᠠᠨ ᠲᠠᠯ᠎ᠠ ᠵᠢ ᠤᠶᠠᠯᠳᠤᠭᠤᠯᠵᠤ᠂ ᠰᠦᠯᠵᠢᠶ᠎ᠡ ᠪᠠ ᠰᠦᠯᠵᠢᠶᠡᠨ᠎ᠤ ᠭᠠᠳᠠᠨ᠎ᠠ ᠵᠡᠷᠭᠡ᠎ᠪᠠᠷ ᠣᠷᠣᠯᠴᠠᠭᠰᠠᠨ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠰᠢᠰᠲᠸᠮ᠎ᠢ ᠬᠦᠴᠦᠯᠡᠨ ᠪᠠᠢ᠌ᠭᠤᠯᠵᠤ᠂ ᠬᠥᠳᠡᠭᠡ ᠲᠣᠰᠬᠣᠨ᠎ᠤ ᠣᠨᠴᠠᠯᠢᠭᠲᠤ ᠠᠵᠤ ᠦᠢ᠍ᠯᠡᠰ᠎ᠤᠨ ᠬᠥᠭᠵᠢᠯᠲᠡ᠎ᠳᠤ ᠬᠦᠴᠦᠨ ᠨᠡᠮᠡᠷᠢᠯᠡᠵᠦ᠂ ᠲᠣᠭ᠋ᠠᠴᠢᠯᠠᠭᠰᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠪᠠ ᠣᠯᠠᠨ ᠲᠦᠮᠡᠨ᠎ᠤ ᠣᠯᠠᠨ ᠬᠡᠯᠪᠡᠷᠢᠴᠢᠯᠡᠭᠰᠡᠨ ᠭᠠᠵᠠᠷ ᠨᠡᠷᠡᠰ᠎ᠤᠨ ᠱᠠᠭ᠋ᠠᠷᠳᠠᠯᠭ᠎ᠠ ᠵᠢ ᠬᠠᠩᠭ᠋ᠠᠭ᠋ᠠᠪᠠ᠃
ᠲᠤᠰᠬᠤᠨ᠎ᠤ ᠡᠷᠦᠬᠡ ᠪᠦᠷᠢ᠎ᠳᠤ ᠡᠭᠦᠳᠡᠨ ᠫᠠᠢ᠌ᠰᠠ ᠤᠭᠰᠠᠷᠠᠵᠣ᠂ ᠣᠷᠤᠨ ᠨᠤᠲᠤᠭ᠎ᠤᠨ ᠤᠬᠠᠭᠤᠯᠭ᠎ᠠ ᠵᠢᠨ ᠡᠬᠢ ᠪᠠᠶᠠᠯᠢᠭ ᠵᠢ ᠠᠭᠤᠳᠠᠯᠤᠨ᠂ ᠭᠠᠵᠠᠷ᠎ᠤᠨ ᠨᠡᠷᠡᠰ᠎ᠢ ᠰᠦᠯᠵᠢᠶᠡᠨ᠎ᠳᠤ ᠭᠠᠷᠭ᠋ᠠᠬᠤ ᠵᠢ ᠠᠬᠢᠭᠤᠯᠵᠤ᠂ ᠬᠡᠭᠡᠷ᠎ᠡ ᠵᠢᠨ ᠭᠠᠷᠤᠯᠲᠠ ᠵᠢ ᠬᠤᠳᠠ᠎ᠳᠤ ᠣᠷᠣᠭᠤᠯᠣᠨ᠂ ᠲᠦᠷᠭᠡᠨ ᠬᠦᠷᠭᠡᠯᠲᠡ ᠵᠢ ᠲᠣᠰᠬᠣᠨ᠎ᠳᠤ ᠣᠷᠣᠭᠤᠯᠬᠤ ᠵᠢ ᠳᠠᠢ᠍ᠢ᠍ᠴᠢᠯᠠᠵᠤ᠂ ᠠᠪᠠ ᠵᠢᠨ ᠣᠷᠣᠨ᠎ᠤ ᠠᠵᠤ ᠠᠬᠤᠢ ᠵᠢᠨ ᠬᠥᠭᠵᠢᠯᠲᠡ ᠵᠢ ᠠᠬᠢᠭᠤᠯᠵᠤ᠂ ᠭᠠᠵᠠᠷ ᠣᠷᠣᠨ᠎ᠤ ᠰᠣᠶᠣᠯ᠂ ᠲᠡᠦᠬᠡ ᠰᠣᠶᠣᠯ ᠪᠣᠯᠣᠨ ᠠᠩᠴᠢᠨ᠎ᠤ ᠰᠣᠶᠣᠯ᠎ᠢ ᠪᠠᠳᠠᠷᠠᠭᠤᠯᠵᠤ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠦᠢ᠍ᠯᠡᠴᠢᠯᠡᠭᠡ ᠵᠢ ᠴᠢᠨᠠᠭᠰᠢᠳᠠ ᠭᠦᠨᠵᠡᠭᠡᠢ᠌ᠷᠡᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠪᠠ᠃
ᠨᠢᠭᠡ᠎ᠳᠤ᠂ ᠭᠠᠵᠠᠷ᠎ᠤᠨ ᠨᠡᠷᠡᠰ᠎ᠢ ᠰᠢᠨ᠎ᠡ᠎ᠪᠠᠷ ᠨᠡᠷᠡᠢ᠌ᠳᠴᠦ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠫᠠᠢ᠌ᠰᠠ ᠲᠡᠮᠳᠡᠭ᠎ᠢ ᠤᠭᠰᠠᠷᠠᠵᠣ ᠰᠢᠨᠡᠳᠭᠡᠨ᠂ ᠰᠦᠯᠵᠢᠶᠡᠨ᠎ᠳᠤ ᠭᠠᠷᠤᠭᠰᠠᠨ ᠭᠠᠵᠠᠷ᠎ᠤᠨ ᠨᠡᠷᠡᠰ᠎ᠤᠨ ᠨᠢᠬᠲᠠᠴᠠ ᠵᠢᠨ ᠬᠡᠮᠵᠢᠶ᠎ᠡ ᠵᠢ ᠳᠡᠭᠡᠭᠰᠢᠯᠡᠭᠦᠯᠵᠦ᠂ ᠭᠠᠵᠠᠷ᠎ᠤᠨ ᠨᠡᠷᠡᠰ᠎ᠤᠨ ᠵᠠᠮᠴᠢᠯᠠᠭᠤᠷ᠎ᠤᠨ ᠰᠢᠰᠲᠸᠮᠵᠢ ᠵᠢ ᠪᠦᠷᠢᠨᠰᠢᠭᠦᠯᠪᠡ᠃ ᠪᠦᠬᠦ ᠲᠣᠰᠬᠣᠨ᠎ᠤ ᠭᠣᠣᠯ ᠵᠠᠮ᠂ ᠠᠵᠤ ᠦᠢ᠍ᠯᠡᠳᠪᠦᠷᠢᠯᠡᠯ᠎ᠳᠤ ᠬᠡᠷᠡᠭᠯᠡᠳᠡᠭ ᠵᠠᠮ᠎ᠤᠨ ᠮᠡᠳᠡᠭᠡ ᠵᠠᠩᠭᠢ ᠵᠢ ᠣᠢ᠌ᠯᠠᠭ᠋ᠠᠵᠤ᠂ ᠴᠤᠭᠯᠠᠭᠤᠯᠵᠤ᠂ ᠨᠡᠷᠡᠢ᠌ᠳᠪᠡ᠃ ᠪᠠᠭ᠎ᠠ ᠺᠦ᠋ ᠮᠦᠸᠸ ᠲᠣᠰᠬᠣᠨ ᠢᠯᠢ ᠪᠠᠯᠭ᠋ᠠᠰᠤ ᠵᠢᠨ ᠬᠣᠢ᠌ᠲᠤ 12 ᠺᠢᠯᠦᠮᠸᠲᠷ᠎ᠤᠨ ᠵᠠᠢᠲᠠᠢ ᠪᠠᠢ᠌ᠷᠢᠯᠠᠵᠤ᠂ ᠬᠠᠷᠢᠶ᠎ᠠ ᠣᠷᠣᠨ᠎ᠤ ᠲᠠᠯᠠᠪᠠᠢ᠎ᠨᠢ 50 ᠲᠡᠭᠰᠢ ᠳᠥᠷᠪᠡᠯᠵᠢᠨ ᠺᠢᠯᠦᠮᠸᠲᠷ ᠶᠤᠮ᠃ ᠲᠣᠰᠬᠣᠨ᠎ᠳᠤ ᠨᠡᠪᠲᠡᠷᠡᠬᠦ ᠵᠠᠮ ᠪᠣᠯᠣᠨ ᠵᠡᠭᠡᠯᠢ ᠭᠤᠳᠤᠮᠵᠢ ᠵᠢ ᠪᠦᠷ ᠰᠢᠨ᠎ᠡ᠎ᠪᠠᠷ ᠳᠡᠪᠢᠰᠴᠦ ᠬᠠᠳᠠᠭᠤᠷᠠᠭᠤᠯᠤᠭᠰᠠᠨ ᠪᠠᠷᠢᠮᠵᠢᠶ᠎ᠠ (ᠠᠢ᠌ᠯ ᠲᠣᠰᠬᠣᠨ᠎ᠳᠤ ᠨᠡᠪᠲᠡᠷᠡᠬᠦ ᠵᠠᠮ᠎ᠢ ᠬᠠᠲᠠᠭᠤᠷᠠᠭᠤᠯᠬᠤ ᠨᠤᠷᠮ᠎ᠠ᠎ᠨᠢ 100%)᠎ᠳᠤ ᠬᠦᠷᠪᠡ᠃ ᠲᠣᠰᠬᠣᠨ᠎ᠳᠤ 1 ᠡᠷᠡᠭᠦᠯ ᠬᠠᠮᠠᠭ᠋ᠠᠯᠠᠯ᠎ᠤᠨ ᠲᠠᠰᠤᠭ᠎ᠲᠠᠢ ᠪᠠᠢ᠌ᠵᠤ᠂ ᠲᠣᠰᠬᠣᠨ᠎ᠤ ᠠᠯᠪᠠᠯᠠᠬᠤ ᠭᠠᠵᠠᠷ ᠬᠢᠭᠡᠳ ᠠᠵᠢᠯᠯᠠᠭ᠋ᠠᠨ᠎ᠤ ᠲᠠᠯᠠᠪᠤᠷ᠎ᠤᠨ ᠲᠠᠯᠠᠪᠠᠢ᠎ᠨᠢ 200 ᠺᠦᠸᠠᠳ᠋ ᠮᠸᠲᠷ᠎ᠲᠤ ᠬᠦᠷᠴᠦ᠂ ᠡᠭᠦᠨ᠎ᠳᠤ ᠲᠣᠰᠬᠣᠨ᠎ᠤ ᠰᠣᠶᠣᠯ᠎ᠤᠨ ᠦᠷᠦᠭᠡ ᠵᠢᠨ ᠲᠠᠯᠠᠪᠠᠢ᠎ᠨᠢ 120 ᠲᠡᠭᠰᠢ ᠳᠥᠷᠪᠡᠯᠵᠢᠨ ᠮᠸᠲᠷ ᠪᠠᠢ᠌ᠵᠤ᠂ ᠴᠢᠴᠢᠭᠦᠷ ᠪᠥᠮᠪᠥᠭᠡ ᠵᠢᠨ ᠰᠢᠷᠡᠭᠡ᠂ ᠫᠢᠩᠫᠠᠩ ᠪᠥᠮᠪᠥᠭᠡ ᠵᠢᠨ ᠲᠠᠢ᠌ᠰᠠ ᠪᠣᠯᠣᠨ ᠨᠣᠮ ᠪᠢᠴᠢᠭ 1200 ᠳᠡᠪᠲᠡᠷ ᠬᠠᠳᠠᠭ᠋ᠠᠯᠠᠵᠤ᠂ ᠲᠣᠰᠬᠣᠨ᠎ᠤ ᠠᠷᠠᠳ᠎ᠤᠨ ᠠᠵᠢᠯ᠎ᠤᠨ ᠴᠢᠯᠦᠭᠡᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠪᠠ᠃ ᠷᠠᠳᠢᠣ᠋ ᠨᠡᠪᠲᠡᠷᠡᠭᠦᠯᠭᠡ ᠲᠧᠯᠸᠢᠰ᠎ᠨᠢ ᠠᠢ᠌ᠯ ᠲᠣᠰᠬᠣᠨ ᠪᠠ ᠭᠠᠴᠠᠭ᠋ᠠᠨ᠎ᠤ ᠠᠷᠠᠳ᠎ᠤᠨ ᠳᠤᠭᠤᠢ᠌ᠯᠠᠩ ᠪᠦᠷᠢ᠎ᠳᠤ ᠨᠡᠪᠲᠡᠷᠡᠵᠦ᠂ ᠡᠷᠦᠬᠡ ᠪᠣᠯᠭ᠋ᠠᠨ᠎ᠳᠤ ᠨᠡᠪᠲᠡᠷᠡᠭᠦᠯᠬᠦ ᠵᠢ ᠪᠡᠶᠡᠯᠡᠭᠦᠯᠪᠡ᠃ ᠣᠳᠣᠬᠠᠨ᠎ᠳᠤ᠂ ᠭᠠᠷ ᠤᠲᠠᠰᠤᠨ᠎ᠤ ᠵᠠᠮᠴᠢᠯᠠᠭᠤᠷ ᠳᠡᠭᠡᠷ᠎ᠡ ᠲᠤᠰᠬᠤᠨ᠎ᠤ 4 ᠵᠤᠷᠪᠤᠰ ᠵᠠᠮ᠎ᠢ ᠲᠤᠳᠤᠷᠬᠠᠢ ᠬᠠᠢ᠌ᠵᠤ ᠳᠡᠢ᠌ᠯᠬᠦ ᠪᠣᠯᠵᠤ᠂ ᠬᠥᠳᠡᠭᠡ ᠲᠣᠰᠬᠣᠨ᠎ᠤ ᠪᠠᠷᠠᠭ᠋ᠠᠨ᠎ᠤ ᠭᠦᠢ᠍ᠯᠭᠡᠭᠡᠨ᠎ᠤ ᠵᠠᠮ ᠱᠤᠭᠤᠮ᠎ᠢ ᠨᠠᠷᠢᠯᠢᠭ ᠣᠨᠣᠴᠠᠲᠠᠢ ᠪᠥᠭᠡᠳ ᠲᠥᠬᠥᠮ ᠪᠤᠯᠭ᠋ᠠᠵᠤ᠂ ᠬᠥᠳᠡᠭᠡ ᠲᠣᠰᠬᠣᠨ᠎ᠤ ᠲᠡᠷᠭᠡ ᠬᠦᠰᠭᠡ ᠵᠢ ᠰᠠᠭ᠋ᠠᠳ ᠦᠭᠡᠢ ᠨᠠᠪᠲᠠᠷᠡᠭᠦᠯᠤᠭ᠌ᠰᠡᠨ ᠪᠠᠢ᠌ᠨ᠎ᠠ᠃
ᠬᠣᠶᠠᠷ᠎ᠲᠤ᠂ ᠭᠠᠵᠠᠷ᠎ᠤᠨ ᠨᠡᠷᠡᠰ᠎ᠤᠨ ᠡᠬᠢ ᠪᠠᠶᠠᠯᠢᠭ᠎ᠢ ᠤᠯᠠᠮ ᠨᠢᠭᠡ ᠠᠯᠬᠤᠮ ᠠᠭᠤᠳᠠᠯᠵᠤ᠂ ᠭᠠᠵᠠᠷ᠎ᠤᠨ ᠨᠡᠷᠡᠰ᠎ᠤᠨ ᠰᠣᠶᠣᠯ ᠪᠠ ᠬᠥᠳᠡᠭᠡ ᠲᠣᠰᠬᠣᠨ᠎ᠤ ᠵᠢᠭᠤᠯᠴᠢᠯᠠᠯ᠎ᠢ ᠨᠢᠭᠲᠠ ᠠᠭᠤᠰᠤᠯᠴᠠᠭᠤᠯᠤᠨ᠂ ᠭᠠᠵᠠᠷ᠎ᠤᠨ ᠨᠡᠷᠡᠰ᠎ᠤᠨ ᠦᠯᠢᠭᠡᠷ ᠰᠤᠶᠤᠯ᠎ᠢ ᠳᠤᠷᠠᠰᠴᠦ ᠤᠯᠠᠮᠵᠢᠯᠠᠨ ᠣᠨᠴᠠᠯᠢᠭ᠎ᠲᠠᠢ ᠪᠠᠢ᠌ᠯᠭ᠋ᠠᠬᠤ ᠵᠢ ᠪᠡᠶᠡᠯᠡᠭᠦᠯᠪᠡ᠃ 《ᠭᠠᠵᠠᠷ᠎ᠤᠨ ᠨᠡᠷᠡᠰ᠎ᠤᠨ ᠨᠠᠷᠠᠲᠤ ᠲᠡᠮᠳᠡᠭ ᠵᠶ᠋ᠠᠷ ᠬᠦᠳᠡᠭᠡ ᠲᠤᠰᠬᠤᠨ᠎ᠢ ᠬᠥᠭᠵᠢᠭᠦᠯᠬᠦ》᠎ᠲᠠᠢ ᠨᠢᠭᠲᠠ ᠤᠶᠠᠯᠳᠤᠭᠤᠯᠤᠨ᠂ ᠰᠢᠨ᠎ᠡ᠎ᠪᠠᠷ ᠪᠣᠶ ᠪᠣᠯᠤᠭᠰᠠᠨ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠰᠣᠶᠣᠯ᠎ᠤᠨ ᠠᠭᠤᠯᠤᠭᠳᠠᠬᠤᠨ᠎ᠢ ᠲᠠᠰᠤᠷᠠᠯᠲᠠ ᠦᠭᠡᠢ ᠪᠣᠢ᠌ᠵᠢᠭᠤᠯᠵᠤ᠂ ᠶᠡᠷᠦᠩᠬᠡᠢ᠌ᠯᠡᠭᠰᠡᠨ ᠴᠢᠨᠠᠷᠲᠠᠢ ᠵᠢᠱ᠌ᠢᠶ᠎ᠡ ᠦᠵᠡᠭᠦᠯᠬᠦ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ ᠪᠣᠶ ᠪᠣᠯᠭ᠋ᠠᠪᠠ᠃ ᠡᠭᠦᠨ᠎ᠳᠤ᠂ ᠢᠳᠡᠰᠢᠨ ᠮᠥᠭᠥ ᠳᠠᠷᠢᠬᠤ ᠲᠠᠯ᠎ᠠ᠎ᠪᠠᠷ᠂ ᠳᠡᠯᠳᠡᠦ ᠵᠢᠨ ᠳᠠᠷᠢᠬᠤ ᠬᠡᠪᠴᠢᠶ᠎ᠡ ᠵᠢ ᠥᠷᠭᠡᠳᠬᠡᠨ᠂ ᠠᠵᠤ ᠦᠶ᠋ᠢᠯᠡᠰᠵᠢᠯᠲᠡ ᠵᠢᠨ ᠬᠥᠭᠵᠢᠯᠲᠡ ᠵᠢ ᠠᠬᠢᠭᠤᠯᠪᠠ᠃ 《ᠺᠦ᠋ ᠮᠦᠸᠸ ᠵᠢᠨ ᠰᠢᠳᠢᠳᠦ ᠷᠠᠰᠢᠶᠠᠨ ᠳᠡᠯᠳᠡᠦ》 ᠬᠡᠮᠡᠬᠦ ᠲᠠᠸᠠᠷ᠎ᠤᠨ ᠲᠡᠮᠳᠡᠭ᠎ᠢ ᠳᠠᠩᠰᠠᠯᠠᠭᠤᠯᠵᠤ᠂ ᠳᠡᠯᠳᠡᠦ ᠵᠢ ᠡᠳ᠋ᠰᠢᠭᠦᠯᠬᠦ ᠦᠢ᠍ᠯᠡᠳᠪᠦᠷᠢ ᠵᠢᠨ ᠲᠠᠰᠤᠭ᠎ᠢ ᠪᠦᠲᠦᠭᠡᠨ ᠪᠠᠢ᠌ᠭᠤᠯᠵᠤ᠂ ᠳᠡᠯᠳᠡᠦ ᠵᠢᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ ᠪᠣᠶ ᠪᠤᠯᠭ᠋ᠠᠪᠠ᠃ ᠡᠭᠦᠨ᠎ᠠᠴᠠ ᠭᠠᠳᠠᠨ᠎ᠠ ᠪᠤᠯᠳᠤᠷᠤᠤ ᠮᠦᠭᠦ᠂ ᠭᠤᠯᠭᠤᠭᠤᠷ ᠮᠦᠭᠦ ᠵᠡᠷᠭᠡ ᠰᠢᠨ᠎ᠡ ᠲᠦᠷᠦᠯ ᠵᠦᠢ᠍ᠯ᠎ᠢ ᠲᠠᠷᠢᠬᠤ᠎ᠳᠤ ᠵᠠᠬᠢᠶᠠᠯᠠᠭ᠎ᠠ ᠵᠢᠨ ᠬᠡᠯᠪᠡᠷᠢ᠎ᠪᠠᠷ ᠬᠤᠳᠠᠯᠳᠤᠨ ᠠᠪᠬᠤ ᠠᠷᠭ᠎ᠠ ᠵᠢ ᠬᠡᠷᠡᠭᠯᠡᠪᠡ᠃ ᠬᠢᠲᠠᠳ ᠡᠪᠡᠰᠦᠨ ᠡᠮ ᠳᠠᠷᠢᠬᠤ ᠲᠠᠯ᠎ᠠ᠎ᠪᠠᠷ᠂ ᠺᠦ᠋ ᠮᠦᠸᠸ ᠲᠣᠰᠬᠣᠨ 100 ᠮᠦ᠍ ᠭᠠᠵᠠᠷ ᠬᠤᠳᠠᠯᠳᠤᠨ ᠠᠪᠬᠤ᠎ᠪᠠᠷ ᠵᠢᠱ᠌ᠢᠵᠦ᠂ ᠴᠢᠨᠦ᠎ᠠ ᠵᠢᠨ ᠬᠠᠯᠲᠠᠷ᠂ ᠤᠯᠠᠭ᠋ᠠᠨ ᠴᠠᠨ᠎ᠠ᠂ ᠴᠠᠭ᠋ᠠᠨ ᠰᠣᠷᠭᠣᠭ ᠬᠠᠯᠢᠰᠤ ᠵᠡᠷᠭᠡ ᠬᠢᠲᠠᠳ ᠡᠪᠡᠰᠦᠨ ᠡᠮ᠎ᠢ ᠳᠠᠷᠢᠵᠤ᠂ ᠲᠤᠬᠠᠢ ᠵᠢᠨ ᠭᠠᠵᠠᠷ᠎ᠤᠨ ᠡᠪᠡᠰᠦᠨ ᠡᠮ ᠳᠠᠷᠢᠬᠤ ᠠᠵᠤ ᠦᠢ᠍ᠯᠡᠰ᠎ᠢ ᠬᠥᠭᠵᠢᠭᠡᠨ᠂ ᠬᠢᠲᠠᠳ ᠡᠪᠡᠰᠦᠨ ᠡᠮ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠢ ᠪᠠᠢ᠌ᠭᠤᠯᠵᠤ᠂ ᠠᠵᠤ ᠠᠬᠤᠢ ᠵᠢᠨ ᠰᠢᠨ᠎ᠡ ᠨᠡᠮᠡᠭᠳᠡᠯ᠎ᠤᠨ ᠴᠡᠭ᠎ᠢ ᠬᠥᠭᠵᠢᠭᠡᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ᠎ᠪᠠᠷ ᠳᠠᠮᠵᠢᠭᠤᠯᠵᠤ᠂ ᠲᠠᠪᠤᠨ ᠵᠢᠯ᠎ᠤᠨ ᠳᠠᠷᠠᠭ᠎ᠠ ᠠᠵᠤ ᠦᠢ᠍ᠯᠡᠰ᠎ᠤᠨ ᠬᠡᠪᠴᠢᠶ᠎ᠡ ᠵᠢ ᠪᠦᠷᠢᠯᠳᠦᠭᠦᠯᠬᠦ᠎ᠪᠠᠷ ᠵᠢᠱ᠌ᠢᠵᠦ ᠪᠤᠢ᠃ ᠤᠯᠠᠨ ᠲᠦᠮᠡᠨ᠎ᠳᠤ ᠦᠢ᠍ᠯᠡᠴᠢᠯᠡᠬᠦ ᠲᠠᠯ᠎ᠠ᠎ᠪᠠᠷ᠂ ᠨᠠᠮ᠎ᠤᠨ ᠬᠡᠰᠢᠭᠦᠨ ᠪᠠ ᠤᠯᠠᠨ ᠲᠦᠮᠡᠨ᠎ᠳᠤ ᠦᠢ᠍ᠯᠡᠴᠢᠯᠡᠬᠦ ᠲᠥᠪ (ᠬᠣᠶᠠᠷ ᠳᠠᠪᠬᠤᠷ ᠠᠰᠠᠷ᠎ᠤᠨ ᠲᠠᠯᠠᠪᠠᠢ ᠨᠡᠢ᠍ᠢ᠍ᠳᠡ 600 ᠺᠦᠸᠠᠳ᠋ ᠮᠧᠲᠷ)᠎ᠢ ᠰᠢᠨ᠎ᠡ᠎ᠪᠠᠷ ᠪᠠᠢ᠌ᠭᠤᠯᠬᠤ᠎ᠪᠠᠷ ᠵᠢᠱ᠌ᠢᠵᠦ᠂ 2023 ᠣᠨ᠎ᠳᠤ ᠪᠠᠢ᠌ᠷᠢᠰᠢᠯ᠎ᠨᠢ ᠵᠣᠬᠢᠰᠲᠠᠢ᠂ ᠴᠢᠳᠠᠮᠵᠢ᠎ᠨᠢ ᠪᠦᠷᠢᠨ ᠲᠡᠭᠦᠯᠳᠡᠷ᠂ ᠬᠣᠯᠪᠣᠯᠳᠤᠨ ᠨᠡᠪᠲᠡᠷᠡᠯᠴᠡᠭᠰᠡᠨ ᠨᠠᠮ᠎ᠤᠨ ᠬᠡᠰᠢᠭᠦᠨ ᠪᠠ ᠤᠯᠠᠨ ᠲᠦᠮᠡᠨ᠎ᠳᠤ ᠦᠢ᠍ᠯᠡᠴᠢᠯᠡᠬᠦ ᠲᠥᠪ ᠢ ᠭᠣᠣᠯᠳᠠᠯᠭ᠎ᠠ᠎ᠲᠠᠢ ᠪᠠᠢ᠌ᠭᠤᠯᠬᠤ᠎ᠪᠠᠷ ᠪᠤᠢ᠃ ᠨᠢᠭᠡ ᠪᠦᠯᠦᠭ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠰᠣᠶᠣᠯ᠎ᠤᠨ ᠪᠡᠬᠢᠯᠡᠯᠲᠡ ᠵᠢ ᠭᠠᠷᠳᠠᠨ ᠪᠠᠢ᠌ᠭᠤᠯᠵᠤ᠂ ᠭᠠᠵᠠᠷ᠎ᠤᠨ ᠨᠡᠷᠡᠰ᠎ᠤᠨ ᠰᠣᠶᠣᠯ᠎ᠢ ᠠᠭᠤᠳᠠᠯᠤᠨ᠂ ᠭᠠᠵᠠᠷ᠎ᠤᠨ ᠨᠡᠷᠡᠰ᠎ᠤᠨ ᠥᠯᠢᠭᠡᠷ᠎ᠢ ᠰᠠᠢ᠌ᠲᠤᠷ ᠶᠠᠷᠢᠵᠤ᠂ ᠰᠣᠶᠣᠯ᠎ᠤᠨ ᠳᠤᠷᠠᠰᠤᠮᠵᠢ ᠵᠢ ᠤᠯᠠᠮᠵᠢᠯᠠᠨ ᠵᠠᠯᠭ᠋ᠠᠮᠵᠢᠯᠠᠵᠤ᠂ ᠬᠥᠳᠡᠭᠡ ᠲᠣᠰᠬᠣᠨ᠎ᠤ ᠣᠨᠴᠠᠯᠢᠭᠲᠤ ᠡᠬᠢ ᠪᠠᠶᠠᠯᠢᠭ᠎ᠢ ᠤᠬᠠᠭᠤᠯᠤᠨ ᠲᠠᠷᠬᠠᠭ᠋ᠠᠬᠤ ᠬᠡᠪᠴᠢᠶ᠎ᠡ ᠵᠢ ᠦᠷᠭᠡᠳᠭᠡᠭᠰᠡᠨ ᠪᠠᠢ᠌ᠨ᠎ᠠ᠃
ᠭᠤᠷᠪᠠ᠎ᠳᠤ᠂ ᠭᠠᠵᠠᠷ᠎ᠤᠨ ᠨᠡᠷᠡᠰ᠎ᠢ ᠠᠯᠳᠠᠷᠰᠢᠭᠤᠯᠵᠤ᠂ ᠭᠠᠵᠠᠷ᠎ᠤᠨ ᠨᠡᠷᠡᠰ᠎ᠤᠨ ᠦᠢ᠍ᠯᠡᠴᠢᠯᠡᠭᠡ ᠵᠢ ᠰᠠᠢ᠌ᠵᠢᠷᠠᠭᠤᠯᠵᠤ᠂ ᠲᠦᠷᠭᠡᠨ ᠬᠦᠷᠭᠡᠯᠲᠡ ᠵᠢ ᠲᠣᠰᠬᠣᠨ᠎ᠳᠤ ᠣᠷᠣᠭᠤᠯᠬᠤ᠎ᠳᠤ ᠨᠡᠩ ᠣᠨᠣᠪᠴᠢᠲᠠᠢ᠂ ᠪᠦᠲᠦᠭᠡᠭᠳᠡᠬᠦᠨ᠎ᠢ ᠬᠤᠳᠠ ᠤᠷᠤᠭᠤᠯᠬᠤ᠎ᠳᠤ ᠨᠡᠩ ᠰᠢᠯᠤᠭᠤᠨ᠂ ᠲᠣᠭ᠎ᠠ ᠪᠠᠷᠢᠮᠲᠠ ᠵᠢ ᠣᠯᠠᠨ ᠲᠦᠮᠡᠨ ᠠᠰᠢᠭᠯᠠᠬᠤ᠎ᠳᠤ ᠨᠡᠩ ᠣᠨᠣᠪᠴᠢᠲᠠᠢ ᠪᠦᠲᠦᠮᠵᠢᠲᠡᠢ ᠪᠣᠯᠭ᠋ᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠪᠡ᠃ ᠲᠤᠷᠰᠢᠯᠲᠠ ᠵᠢᠨ ᠴᠡᠭ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠲᠥᠰᠥᠯ ᠶᠣᠰᠣᠭ᠋ᠠᠷ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠫᠠᠢ᠌ᠰᠠ ᠲᠡᠮᠳᠡᠭ᠎ᠢ ᠬᠣᠲᠠ ᠬᠥᠳᠡᠭᠡ᠎ᠪᠠᠷ ᠨᠢᠭᠡ ᠴᠣᠭᠴᠠᠵᠢᠭᠤᠯᠬᠤ ᠵᠢ ᠪᠥᠬᠥ ᠲᠠᠯ᠎ᠠ᠎ᠪᠠᠷ ᠲᠦᠯᠬᠢᠨ ᠠᠬᠢᠭᠤᠯᠵᠤ᠂ ᠬᠥᠳᠡᠭᠡ ᠲᠣᠰᠬᠣᠨ᠎ᠳᠤ ᠵᠠᠮ᠎ᠲᠠᠢ᠂ ᠨᠡᠷ᠎ᠡ᠎ᠲᠠᠢ᠂ ᠫᠠᠢ᠌ᠰᠠ ᠲᠡᠮᠳᠡᠭ᠎ᠲᠠᠢ ᠪᠠᠢ᠌ᠬᠤ ᠵᠢ ᠪᠡᠶᠡᠯᠡᠭᠦᠯᠦᠨ᠂ ᠬᠦᠳᠡᠭᠡ ᠲᠤᠰᠬᠤᠨ᠎ᠢ ᠪᠠᠶᠠᠵᠢᠭᠤᠯᠤᠨ ᠬᠦᠳᠡᠭᠡ ᠲᠤᠰᠬᠤᠨ᠎ᠳᠤ ᠠᠰᠢᠭ ᠬᠦᠷᠲᠡᠭᠡᠬᠦ᠎ᠪᠠᠷ ᠭᠤᠤᠯᠯᠠᠭᠤᠯᠵᠤ᠂ ᠲᠠᠷᠢᠶᠠᠯᠠᠩ᠎ᠤᠨ ᠣᠨᠴᠠᠯᠢᠭᠲᠤ ᠪᠦᠲᠦᠭᠡᠭᠳᠡᠬᠦᠨ᠎ᠢ ᠤᠯᠠᠮᠵᠢᠯᠠᠨ ᠲᠠᠷᠬᠠᠭ᠋ᠠᠵᠤ᠂ ᠲᠦᠷᠭᠡᠨ ᠬᠦᠷᠭᠡᠯᠲᠡ ᠵᠢ ᠲᠣᠰᠬᠣᠨ᠎ᠳᠤ ᠣᠷᠣᠭᠤᠯᠬᠤ᠎ᠳᠤ ᠲᠥᠬᠥᠮ ᠦᠵᠡᠭᠦᠯᠦᠨ᠂ 《ᠨᠢᠭᠡ ᠲᠣᠰᠬᠣᠨ᠎ᠳᠤ ᠨᠢᠭᠡ ᠵᠦᠢ᠍ᠯ᠎ᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠢᠭᠡ ᠲᠣᠰᠬᠣᠨ᠎ᠳᠤ ᠨᠢᠭᠡ ᠵᠦᠢ᠍ᠯ᠎ᠤᠨ ᠦᠢ᠍ᠯᠡᠳᠬᠦᠨ᠎ᠢ ᠦᠢ᠍ᠯᠡᠳᠬᠦ》 ᠠᠵᠢᠯ᠎ᠤᠨ ᠰᠡᠳᠬᠢᠮᠵᠢ ᠶᠣᠰᠣᠭ᠋ᠠᠷ᠂ ᠬᠥᠳᠡᠭᠡ ᠲᠣᠰᠬᠣᠨ᠎ᠳᠤ ᠰᠢᠨ᠎ᠡ᠎ᠪᠠᠷ ᠪᠣᠶ ᠪᠣᠯᠤᠭᠰᠠᠨ ᠭᠠᠵᠠᠷ᠎ᠤᠨ ᠨᠡᠷᠡᠰ᠎ᠤᠨ ᠰᠣᠶᠣᠯ᠎ᠤᠨ ᠠᠭᠤᠯᠤᠭᠳᠠᠬᠤᠨ᠎ᠢ ᠪᠣᠢ᠌ᠵᠢᠭᠤᠯᠪᠠ᠃
ᠳᠠᠷᠠᠭ᠋ᠠᠴᠢ ᠵᠢᠨ ᠠᠯᠬᠤᠮ᠎ᠳᠤ᠂ ᠲᠣᠰᠬᠣᠨ᠎ᠤ ᠭᠠᠵᠠᠷ᠎ᠤᠨ ᠨᠡᠷᠡᠰ᠎ᠤᠨ ᠫᠠᠢ᠌ᠰᠠ ᠲᠡᠮᠳᠡᠭ᠎ᠤᠨ ᠤᠳᠤᠷᠢᠳᠤᠮᠵᠢ ᠵᠢᠨ ᠰᠢᠰᠲᠸᠮ᠎ᠢ ᠴᠢᠨᠠᠭᠰᠢᠳᠠ ᠪᠦᠷᠢᠨᠰᠢᠭᠦᠯᠵᠦ᠂ ᠬᠥᠳᠡᠭᠡ ᠲᠣᠰᠬᠣᠨ᠎ᠤ ᠣᠨᠴᠠᠯᠢᠭᠲᠦ ᠦᠢ᠍ᠯᠡᠰ᠎ᠢ ᠬᠦᠭᠵᠢᠭᠦᠯᠬᠦ᠎ᠳᠤ ᠬᠦᠴᠦᠨ ᠨᠡᠮᠡᠷᠢᠯᠡᠨ᠎ᠡ᠃ ᠭᠠᠵᠠᠷ᠎ᠤᠨ ᠨᠡᠷᠡᠰ᠎ᠤᠨ ᠬᠠᠮᠢᠶᠠᠷᠤᠯᠲᠠ ᠪᠠ ᠦᠢ᠍ᠯᠡᠴᠢᠯᠡᠭᠡ ᠵᠢᠨ ᠳᠦᠷᠢᠮᠵᠢᠭᠰᠡᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠭᠠᠵᠠᠷ᠎ᠤᠨ ᠨᠡᠷᠡᠰ᠎ᠤᠨ ᠰᠣᠶᠣᠯ᠎ᠤᠨ ᠬᠠᠮᠠᠭ᠋ᠠᠯᠠᠯᠲᠠ ᠵᠢ ᠴᠢᠩᠭ᠋ᠠᠳᠬᠠᠨ᠂ ᠭᠠᠵᠠᠷ᠎ᠤᠨ ᠨᠡᠷᠡᠰ᠎ᠤᠨ ᠠᠭᠤᠯᠤᠭᠳᠠᠬᠤᠨ᠎ᠤ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ᠂ ᠣᠯᠠᠨ ᠲᠦᠮᠡᠨ᠎ᠤ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠢ᠌ᠲᠤᠷ ᠬᠠᠩᠭ᠋ᠠᠵᠤ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠢ ᠦᠨᠡᠨ ᠬᠦ᠌ 《ᠬᠠᠮᠢᠶᠠᠷᠴᠤ》 《ᠬᠡᠷᠡᠭᠯᠡᠵᠦ》᠂ ᠭᠠᠵᠠᠷ᠎ᠤᠨ ᠨᠡᠷᠡᠰ᠎ᠤᠨ ᠦᠢ᠍ᠯᠡᠴᠢᠯᠡᠭᠡ ᠵᠢ 《 ᠪᠤᠲᠠᠲᠠᠢ᠌ᠵᠢᠭᠤᠯᠤᠨ》 《ᠠᠮᠢᠳᠤᠯᠢᠭ ᠪᠣᠯᠭ᠋ᠠᠵᠤ》᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ᠎ᠳᠤ ᠨᠠᠩ ᠰᠠᠢ᠌ᠲᠤᠷ ᠦᠢ᠍ᠯᠡᠴᠢᠯᠡᠬᠦ ᠪᠤᠯᠤᠨ᠎ᠠ᠃