ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ 7 ᠳ᠋ᠤᠭ᠋ᠠᠷ ᠰᠠᠷ᠎ᠠ ᠵᠢᠨ 10᠎ᠤ ᠡᠳᠦᠷ 《ᠪᠥᠬᠥ ᠣᠷᠣᠨ᠎ᠤ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ》 ᠭᠡᠬᠦ ᠲᠧᠯᠸᠢᠰ ᠳ᠋ᠢᠶᠠᠩᠬᠤᠸᠠ ᠬᠤᠷᠠᠯ᠎ᠢ ᠬᠤᠷᠠᠯᠳᠤᠭᠤᠯᠵᠤ᠂ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠴᠣᠬᠢᠯᠲᠠ ᠥᠭᠴᠦ ᠴᠡᠭᠴᠡᠯᠡᠬᠦ ᠲᠤᠰᠬᠠᠢ ᠠᠵᠢᠯᠯᠠᠭ᠎ᠠ ᠵᠢ ᠪᠠᠢ᠌ᠷᠢᠯᠠᠭᠤᠯᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠤᠳᠤᠷᠢᠳᠤᠯᠭ᠎ᠠ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ 11 ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠳᠠᠳ ᠬᠤᠷᠠᠯ᠎ᠳᠤ ᠣᠷᠣᠯᠴᠠᠪᠠ᠃ ᠡᠯ᠎ᠡ ᠠᠢ᠌ᠮᠠᠭ ᠬᠣᠲᠠ᠂ ᠬᠣᠰᠢᠭᠤ ᠰᠢᠶᠠᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠳᠠᠳ ᠲᠤᠬᠠᠢ ᠵᠢᠨ ᠭᠠᠵᠠᠷ᠎ᠤᠨ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃
ᠬᠤᠷᠠᠯ᠎ᠠᠴᠠ ᠵᠢᠭ᠋ᠠᠬᠰᠠᠨ᠎ᠨᠢ᠂ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠬᠠᠤᠯᠢ ᠶᠣᠰᠣᠭ᠋ᠠᠷ ᠴᠣᠬᠢᠯᠲᠠ ᠥᠭᠴᠦ ᠴᠡᠭᠴᠡᠯᠡᠬᠦ ᠪᠣᠯ ᠨᠠᠮ ᠪᠣᠯᠣᠨ ᠤᠯᠤᠰ᠎ᠤᠨ ᠢᠮᠠᠭᠲᠠ ᠵᠢᠨ ᠴᠢᠭᠯᠡᠯᠲᠡ ᠪᠣᠯᠣᠨ᠎ᠠ᠃ ᠡᠯ᠎ᠡ ᠭᠠᠵᠠᠷ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ 《ᠳᠥᠷᠪᠡᠨ ᠤᠬᠠᠮᠰᠠᠷ》᠎ᠢ ᠪᠠᠲᠤ ᠪᠡᠬᠢ ᠪᠤᠶ ᠪᠣᠯᠭ᠋ᠠᠬᠤ᠂ 《ᠳᠥᠷᠪᠡᠨ ᠢᠲᠡᠭᠡᠯ》 ᠵᠶ᠋ᠡᠨ ᠪᠠᠲᠤᠳᠬᠠᠬᠤ᠂ 《ᠬᠣᠶᠠᠷ᠎ᠢ ᠲᠤᠬᠳᠠᠭ᠋ᠠᠬᠰᠠᠨ》᠎ᠢ ᠬᠦᠷᠢᠶᠡᠯᠡᠬᠦ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ ᠦᠨᠳᠤᠷᠴᠨ᠎ᠠᠴᠠ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠡᠷᠡᠰ ᠲᠤᠭᠤᠰᠢᠯᠠᠭᠤᠯᠵᠤ᠂ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠵᠢ ᠡᠷᠡᠰ ᠶᠠᠪᠤᠬᠳᠠᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠬᠦᠷᠢᠶ᠎ᠡ ᠴᠠᠷᠠᠭ᠎ᠠ᠎ᠳᠤ᠎ᠬᠢ ᠬᠦᠨᠳᠦ ᠶᠡᠬᠡ ᠠᠶᠤᠯ ᠲᠦᠭᠰᠢᠭᠦᠷᠢ ᠵᠢᠨ ᠳᠠᠯᠳᠠ ᠬᠡᠮ᠎ᠢ ᠰᠡᠷᠭᠡᠢ᠌ᠯᠡᠨ ᠠᠷᠢᠯᠭ᠋ᠠᠵᠤ᠂ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠴᠣᠬᠢᠯᠲᠠ ᠥᠭᠴᠦ ᠴᠡᠭᠴᠡᠯᠡᠬᠦ ᠲᠤᠰᠬᠠᠢ ᠠᠵᠢᠯᠯᠠᠭ᠎ᠠ᠎ᠪᠠᠷ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠠᠢ᠌ᠴᠠᠭ᠋ᠠᠨ ᠦᠵᠡᠵᠦ᠂ ᠨᠠᠮ᠎ᠳᠤ᠎ᠪᠠᠨ ᠦᠨᠡᠨᠴᠢ ᠰᠢᠳᠤᠷᠭᠤ ᠪᠠᠢ᠌ᠬᠤ᠎ᠪᠠᠨ ᠢᠯᠡᠳᠬᠡᠬᠦ ᠬᠡᠷᠡᠭᠳᠡᠢ᠃
ᠬᠤᠷᠠᠯ᠎ᠠᠴᠠ ᠴᠢᠬᠤᠯᠠᠴᠢᠯᠠᠬᠰᠠᠨ᠎ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠬᠠᠤᠯᠢ ᠪᠤᠰᠤ ᠵᠣᠬᠢᠶᠠᠨ ᠪᠠᠢ᠌ᠭᠤᠯᠤᠯᠲᠠ᠎ᠳᠤ ᠴᠣᠬᠢᠯᠲᠠ ᠥᠭᠴᠦ ᠴᠡᠭᠴᠡᠯᠡᠬᠦ ᠲᠤᠬᠠᠢ ᠦᠵᠡᠯ ᠰᠠᠨᠠᠭ᠋ᠠᠨ᠎ᠤ ᠤᠬᠠᠮᠰᠠᠷ᠂ ᠤᠯᠤᠰ ᠲᠦᠷᠦ ᠵᠢᠨ ᠤᠬᠠᠮᠰᠠᠷ ᠪᠣᠯᠣᠨ ᠠᠵᠢᠯᠯᠠᠭ᠎ᠠ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠬᠦᠴᠦᠨ ᠵᠶ᠋ᠡᠨ ᠲᠦᠪᠯᠡᠷᠡᠬᠦᠯᠤᠨ ᠪᠠᠢ᠌ᠵᠤ ᠦᠨᠳᠦᠰᠦ᠎ᠠᠴᠠ᠎ᠨᠢ ᠵᠠᠰᠠᠵᠤ᠂ ᠣᠨᠳᠣᠣ ᠰᠠᠨᠠᠭ᠎ᠠ᠎ᠲᠠᠢ ᠪᠠᠢ᠌ᠭ᠎ᠠ ᠬᠥᠮᠥᠰ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠤᠭ᠎ᠢ ᠡᠷᠭᠦᠵᠦ ᠬᠠᠤᠯᠢ ᠵᠢ ᠵᠥᠷᠢᠴᠡᠵᠦ ᠰᠠᠬᠢᠯᠭ᠎ᠠ ᠵᠢ ᠰᠠᠮᠠᠭᠤᠷᠠᠭᠤᠯᠬᠤ ᠶᠠᠪᠤᠳᠠᠯ ᠦᠢ᠍ᠯᠡᠳᠬᠦ᠎ᠠᠴᠠ ᠰᠡᠷᠭᠡᠢ᠌ᠯᠡᠬᠦ ᠬᠡᠷᠡᠭᠲᠡᠢ᠃ ᠴᠣᠬᠢᠯᠲᠠ ᠥᠭᠬᠦ ᠭᠣᠣᠯᠳᠠᠯᠭ᠎ᠠ᠎ᠪᠠᠨ ᠲᠤᠪᠤᠢ᠍ᠢ᠍ᠯᠭ᠋ᠠᠵᠤ᠂ ᠴᠣᠬᠢᠯᠲᠠ ᠥᠭᠴᠦ ᠴᠡᠭᠴᠡᠯᠡᠬᠦ ᠠᠵᠢᠯ᠎ᠢ ᠬᠠᠨᠳᠤᠯᠭ᠎ᠠ᠎ᠲᠠᠢ᠂ ᠤᠨᠤᠪᠴᠢᠳᠠᠢ ᠬᠢᠵᠤ᠂ ᠤᠯᠠᠨ ᠲᠦᠮᠡᠨ᠎ᠤ ᠠᠰᠢᠭ ᠲᠤᠰᠠ ᠵᠢ ᠬᠣᠬᠢᠷᠠᠭᠤᠯᠤᠭᠰᠠᠨ᠂ ᠨᠡᠢ᠌ᠭᠡᠮ᠎ᠤᠨ ᠡᠮᠬᠢ ᠳᠢᠭᠯᠢᠮ᠎ᠢ ᠰᠠᠮᠠᠭᠤᠷᠠᠭᠤᠯᠤᠭᠰᠠᠨ᠂ ᠤᠯᠤᠰ᠎ᠤᠨ ᠠᠮᠤᠷ ᠲᠦᠪᠰᠢᠨ᠎ᠢ ᠰᠦᠷᠳᠡᠭᠦᠯᠦᠭᠰᠡᠨ ᠬᠠᠤᠯᠢ ᠪᠤᠰᠤ ᠪᠠᠢ᠌ᠳᠠᠯ᠎ᠳᠤ ᠭᠣᠣᠯᠳᠠᠭᠤᠯᠵᠤ᠂ ᠴᠣᠬᠢᠯᠲᠠ ᠥᠭᠬᠦ ᠶᠣᠰᠣᠲᠠᠢ ᠵᠢ᠎ᠨᠢ ᠪᠦᠬᠦᠨ᠎ᠢ ᠴᠣᠬᠢᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠭᠵᠢᠯᠲᠡ ᠵᠢᠨ ᠣᠷᠣᠨ ᠵᠠᠢ ᠵᠢ ᠥᠨᠴᠥᠭ ᠪᠤᠯᠤᠩ ᠦᠯᠡᠳᠡᠭᠡᠯ ᠦᠭᠡᠢ᠎ᠪᠠᠷ ᠲᠠᠰᠤᠷᠠᠯᠲᠠ ᠦᠭᠡᠢ ᠴᠡᠪᠡᠷᠰᠢᠭᠦᠯᠬᠦ ᠬᠡᠷᠡᠭᠲᠡᠢ᠃ ᠡᠭᠦᠷᠭᠡ ᠵᠢᠨ ᠱᠠᠭ᠋ᠠᠷᠳᠠᠯᠭ᠎ᠠ ᠵᠢ ᠡᠵᠡᠮᠳᠡᠵᠦ᠂ ᠴᠣᠬᠢᠯᠲᠠ ᠥᠭᠴᠦ ᠴᠡᠭᠴᠡᠯᠡᠬᠦ᠎ᠪᠠᠷ ᠰᠦᠷᠳᠡᠬᠦᠯᠬᠦ ᠦᠢ᠍ᠯᠡᠳᠤᠯ ᠦᠵᠡᠬᠦᠯᠵᠤ᠂ ᠡᠯ᠎ᠡ ᠰᠠᠯᠠᠭ᠎ᠠ ᠮᠥᠴᠢᠷ᠎ᠤᠨ 《ᠨᠢᠭᠡ ᠬᠥᠯᠭᠡ ᠰᠢᠲᠠᠷ᠎ᠠ》 ᠵᠢᠨ ᠦᠵᠡᠯ ᠰᠠᠨᠠᠭ᠎ᠠ ᠵᠢ ᠪᠤᠢ ᠪᠣᠯᠭ᠋ᠠᠵᠤ᠂ 《ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠴᠣᠬᠢᠯᠲᠠ ᠥᠭᠴᠦ ᠴᠡᠭᠴᠡᠯᠡᠬᠦ ᠲᠤᠰᠬᠠᠢ ᠠᠵᠢᠯᠯᠠᠭ᠎ᠠ ᠵᠢ ᠥᠷᠨᠢᠭᠦᠯᠬᠦ ᠠᠵᠢᠯ᠎ᠤᠨ ᠲᠥᠰᠥᠯ》 ᠶᠣᠰᠣᠭ᠋ᠠᠷ ᠨᠢᠭᠲᠠ ᠴᠢᠩᠭ᠎ᠠ ᠵᠣᠬᠢᠶᠠᠨ ᠪᠠᠢ᠌ᠭᠤᠯᠵᠤ᠂ ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠠᠯᠬᠤᠮ ᠳᠠᠷᠠᠭ᠎ᠠ᠎ᠲᠠᠢ ᠠᠬᠢᠭᠤᠯᠤᠨ᠂ ᠬᠠᠷᠢᠯᠴᠠᠨ ᠬᠠᠮᠵᠢᠯᠴᠠᠵᠤ᠂ ᠴᠣᠬᠢᠯᠲᠠ ᠥᠭᠬᠦ ᠬᠦᠴᠦᠷᠬᠡᠭ ᠶᠡᠬᠡ ᠬᠠᠮ ᠬᠦᠴᠦᠨ᠎ᠢ ᠪᠦᠷᠢᠯᠳᠦᠭᠦᠯᠬᠦ ᠬᠡᠷᠡᠭᠲᠡᠢ᠃
ᠬᠤᠷᠠᠯ᠎ᠠᠴᠠ ᠱᠠᠭ᠋ᠠᠷᠳᠠᠭᠰᠠᠨ᠎ᠨᠢ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠠᠵᠢᠯ ᠵᠶ᠋ᠠᠨ ᠨᠢᠭᠡᠳᠦᠯᠲᠡᠢ ᠲᠥᠯᠥᠪᠯᠡᠬᠦ᠎ᠪᠠᠨ ᠴᠢᠩᠭ᠋ᠠᠳᠬᠠᠵᠤ᠂ ᠲᠢᠩᠬᠢᠮ (ᠲᠣᠪᠴᠢᠶ᠎ᠠ) ᠬᠣᠭᠣᠷᠣᠨᠳᠣᠬᠢ ᠬᠤᠯᠪᠤᠭ᠋ᠠᠲᠤ ᠬᠤᠷᠠᠯ᠎ᠤᠨ ᠲᠣᠭᠲᠠᠴᠠ ᠵᠢᠨ ᠦᠢ᠍ᠯᠡᠳᠦᠯ᠎ᠢ ᠪᠠᠳᠠᠷᠠᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ᠂ ᠠᠮᠤᠷ ᠲᠦᠪᠰᠢᠨ ᠵᠡᠷᠭᠡ ᠬᠠᠮᠢᠶ᠎ᠠ ᠪᠦᠬᠦᠢ ᠡᠭᠦᠷᠭᠡ ᠴᠢᠳᠠᠪᠤᠷᠢ ᠵᠢᠨ ᠬᠠᠷᠢᠭᠤᠴᠠᠯᠭ᠋ᠠᠲᠤ ᠰᠠᠯᠠᠭ᠎ᠠ ᠮᠥᠴᠢᠷ᠎ᠤᠨ ᠴᠢᠳᠠᠮᠠᠭ᠋ᠠᠢ ᠴᠢᠨᠠᠷ᠎ᠢ ᠭᠦᠢ᠍ᠴᠡᠳ ᠳᠠᠶ᠋ᠢᠴᠢᠯᠠᠨ᠂ ᠪᠠᠢ᠌ᠷᠢᠯᠠᠭᠤᠯᠤᠯᠲᠠ᠎ᠲᠠᠢ᠂ ᠨᠠᠢ᠌ᠳᠠᠪᠤᠷᠢᠵᠢᠭᠤᠯᠤᠯᠲᠠ᠎ᠲᠠᠢ᠂ ᠱᠠᠯᠠᠪᠳᠠᠭᠤᠯᠤᠯᠳᠠᠲᠠᠢ᠂ ᠳ᠋ᠦᠩᠨᠡᠯᠲᠡ᠎ᠲᠠᠢ ᠪᠠᠢ᠌ᠬᠤ ᠬᠡᠷᠡᠭᠲᠡᠢ᠃ ᠬᠠᠤᠯᠢ᠎ᠪᠠᠷ ᠵᠠᠰᠠᠬᠤ ᠰᠡᠳᠬᠢᠬᠦᠢ ᠪᠠ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠠᠷᠢᠮᠲᠠᠯᠠᠵᠤ᠂ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠵᠢᠷᠤᠮᠵᠢᠭᠤᠯᠵᠤ᠂ ᠴᠣᠬᠢᠯᠲᠠ ᠥᠭᠴᠦ ᠴᠡᠭᠴᠡᠯᠡᠬᠦ ᠠᠵᠢᠯᠯᠠᠭ᠎ᠠ ᠵᠢᠨ ᠭᠡᠷᠡᠴᠢ ᠪᠠᠷᠢᠮᠲᠠ᠎ᠨᠢ ᠪᠠᠲᠤᠲᠠᠢ᠂ ᠪᠣᠳᠠᠲᠤ ᠶᠠᠪᠤᠳᠠᠯ᠎ᠨᠢ ᠲᠣᠳᠣᠷᠬᠠᠢ᠂ ᠠᠯᠬᠤᠮ ᠲᠠᠷᠠᠭ᠎ᠠ᠎ᠨᠢ ᠵᠢᠷᠤᠮᠵᠢᠭᠤᠨ᠂ ᠬᠠᠤᠯᠢ ᠴᠠᠭ᠋ᠠᠵᠠ ᠵᠢᠨ ᠬᠡᠷᠡᠭᠯᠡᠯᠲᠡ᠎ᠨᠢ ᠣᠨᠣᠪᠴᠢᠲᠠᠢ ᠪᠠᠢ᠌ᠬᠤ ᠵᠢ ᠪᠠᠲᠤᠯᠠᠵᠤ᠂ ᠤᠯᠤᠰ ᠲᠦᠷᠦ᠂ ᠬᠠᠤᠯᠢ ᠴᠠᠭ᠋ᠠᠵᠠ᠂ ᠨᠡᠢ᠌ᠭᠡᠮ᠎ᠤᠨ ᠦᠷ᠎ᠡ ᠠᠰᠢᠭ᠎ᠤᠨ ᠣᠷᠭ᠋ᠠᠨᠢᠭ ᠨᠢᠭᠡᠳᠦᠯ᠎ᠢ ᠪᠡᠶᠡᠯᠡᠭᠦᠯᠬᠦ ᠬᠡᠷᠡᠭᠲᠡᠢ᠃ ᠲᠤᠰ ᠲᠤᠰᠬᠠᠢ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠬᠠᠮᠲᠤᠷᠠᠨ ᠬᠠᠤᠯᠢ ᠬᠡᠷᠡᠭᠵᠢᠭᠦᠯᠦᠯᠲᠡ ᠵᠢ ᠪᠠᠢ᠌ᠴᠠᠭ᠋ᠠᠬᠤ᠂ ᠬᠠᠤᠯᠢ ᠬᠡᠷᠡᠭᠵᠢᠭᠦᠯᠦᠯᠲᠡ ᠵᠢᠨ ᠮᠡᠳᠡᠭᠡ ᠵᠠᠩᠭᠢ ᠵᠢ ᠨᠡᠪᠲᠡᠷᠡᠭᠦᠯᠬᠦ᠂ ᠬᠡᠷᠡᠭ᠎ᠢ ᠪᠠᠢ᠌ᠴᠠᠭ᠋ᠠᠵᠤ ᠬᠠᠮᠵᠢᠯᠴᠠᠬᠤ᠂ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠨᠡᠬᠡᠮᠵᠢᠯᠡᠬᠦ᠎ᠪᠠᠷ ᠭᠣᠣᠯᠳᠠᠯᠭ᠎ᠠ ᠪᠣᠯᠭ᠋ᠠᠭᠰᠠᠨ ᠬᠠᠤᠯᠢ ᠬᠡᠷᠡᠭᠵᠢᠭᠦᠯᠬᠦ ᠲᠣᠭᠲᠠᠴᠠ ᠪᠦᠷᠢᠯᠳᠦᠬᠦ ᠵᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠬᠠᠷᠢᠭᠤᠴᠠᠯᠭ᠎ᠠ ᠡᠭᠦᠷᠭᠡᠯᠡᠬᠦ᠎ᠪᠠᠨ ᠴᠢᠩᠭ᠋ᠠᠳᠬᠠᠵᠤ᠂ ᠨᠢᠮᠪᠠᠢ ᠵᠣᠬᠢᠶᠠᠨ ᠪᠠᠢ᠌ᠭᠤᠯᠤᠨ ᠯᠠᠪᠳᠠᠭᠤᠨ ᠠᠬᠢᠭᠤᠯᠵᠤ᠂ ᠰᠦᠷ ᠬᠦᠴᠦᠨ᠎ᠢ ᠪᠠᠳᠠᠷᠠᠭᠤᠯᠵᠤ᠂ ᠦᠷ᠎ᠡ ᠪᠦᠲᠦᠮᠵᠢ ᠭᠠᠷᠭ᠋ᠠᠨ᠂ ᠰᠢ ᠵᠢᠨ ᠫᠢᠡᠭ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠵᠢ ᠰᠢᠯᠢᠳᠡᠭ ᠠᠮᠵᠢᠯᠲᠠ᠎ᠲᠠᠢ ᠪᠡᠶᠡᠯᠡᠭᠦᠯᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠪᠦᠬᠦ ᠲᠠᠯ᠎ᠠ᠎ᠪᠠᠷ ᠪᠠᠢ᠌ᠭᠤᠯᠬᠤ ᠵᠡᠷᠬᠡ 《ᠬᠣᠶᠠᠷ ᠶᠡᠬᠡ ᠶᠠᠪᠤᠳᠠᠯ》᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ᠃