ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠥᠪᠥᠷ ᠮᠣᠩᠭᠣᠯ᠎ᠤᠨ ᠬᠣᠲᠠ ᠬᠥᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠠᠳᠠᠯᠢ ᠬᠤᠭᠤᠴᠠᠭ᠋ᠠᠨ᠎ᠤ᠎ᠬᠢ᠎ᠠᠴᠠ ᠳᠤᠮᠳᠠᠴᠢ᠎ᠪᠠᠷ 6.6%᠎ᠪᠠᠷ ᠨᠡᠮᠡᠭᠳᠡᠪᠡ
ᠨᠡᠶᠢᠲᠡᠯᠡᠭᠰᠡᠨ ᠴᠠᠭ᠄ 2023-09-27

    ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠣᠢ᠌ᠯᠠᠭ᠋ᠠᠭᠰᠠᠨ ᠵᠶ᠋ᠠᠷ᠂ 2023 ᠣᠨ᠎ᠤ ᠪᠥᠬᠥ ᠣᠷᠣᠨ᠎ᠤ ᠨᠡᠢ᠌ᠭᠡᠮ᠎ᠤᠨ ᠲᠤᠰᠠᠯᠠᠮᠵᠢ ᠵᠢᠨ ᠪᠠᠷᠢᠮᠵᠢᠶ᠎ᠠ ᠵᠢ ᠨᠡᠢ᠌ᠲᠡᠯᠡᠵᠦ᠂ 2023 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠪᠥᠬᠥ ᠣᠷᠣᠨ᠎ᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ᠂ ᠣᠨᠴᠠ ᠬᠦᠴᠢᠷᠳᠡᠯᠲᠡᠢ ᠬᠥᠮᠥᠰ᠎ᠤᠨ ᠦᠨᠳᠦᠰᠦᠨ ᠠᠮᠢᠳᠤᠷᠠᠯ᠎ᠤᠨ ᠪᠠᠷᠢᠮᠵᠢᠶ᠎ᠠ᠂ ᠣᠨᠴᠠ ᠬᠦᠴᠢᠷᠳᠡᠯᠲᠡᠢ ᠬᠥᠮᠥᠰ᠎ᠢ ᠬᠠᠷᠠᠭ᠋ᠠᠯᠵᠠᠵᠤ ᠰᠤᠪᠢᠯᠠᠬᠤ ᠪᠠᠷᠢᠮᠵᠢᠶ᠎ᠠ ᠵᠢ ᠳᠠᠬᠢᠨᠲᠠ ᠳᠡᠭᠡᠭᠰᠢᠯᠡᠭᠦᠯᠵᠦ᠂ ᠪᠥᠬᠥ ᠣᠷᠣᠨ᠎ᠤ ᠡᠯ᠎ᠡ ᠭᠠᠵᠠᠷ᠎ᠤᠨ ᠬᠣᠲᠠ ᠬᠥᠳᠡᠭᠡ ᠵᠢᠨ ᠵᠥᠷᠢᠶ᠎ᠡ ᠵᠢ ᠤᠯᠠᠮ ᠨᠢᠭᠡ ᠠᠯᠬᠤᠮ ᠪᠠᠭ᠋ᠠᠰᠬᠠᠪᠠ᠃
      2023 ᠣᠨ᠎ᠳᠤ᠂ ᠪᠥᠬᠥ ᠣᠷᠣᠨ᠎ᠤ ᠬᠣᠲᠠ ᠬᠥᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠳᠤᠮᠳᠠᠴᠢ ᠪᠠᠷᠢᠮᠵᠢᠶ᠎ᠠ᠎ᠨᠢ ᠲᠣᠰ ᠲᠣᠰ 840 ᠲᠥᠭᠥᠷᠢᠭ / ᠰᠠᠷ᠎ᠠ᠂ 670 ᠲᠥᠭᠥᠷᠢᠭ / ᠰᠠᠷ᠎ᠠ᠎ᠳᠤ ᠬᠦᠷᠴᠦ᠂ 2022 ᠣᠨ᠎ᠤ᠎ᠬᠢ᠎ᠠᠴᠠ ᠲᠣᠰ ᠲᠣᠰ 27 ᠲᠥᠭᠥᠷᠢᠭ / ᠰᠠᠷ᠎ᠠ᠂ 60 ᠲᠥᠭᠥᠷᠢᠭ / ᠰᠠᠷ᠎ᠠ ᠨᠡᠮᠡᠭᠳᠡᠵᠦ᠂ ᠪᠥᠬᠥ ᠣᠷᠣᠨ᠎ᠤ ᠬᠣᠲᠠ ᠬᠥᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠳᠤᠮᠳᠠᠴᠢ᠎ᠪᠠᠷ 6.6%᠎ᠪᠠᠷ ᠨᠡᠮᠡᠭᠳᠡᠵᠦ᠂ ᠬᠥᠳᠡᠭᠡ ᠲᠣᠰᠬᠤᠨ ᠮᠠᠯᠵᠢᠬᠤ ᠣᠷᠣᠨ᠎ᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠳᠤᠮᠳᠠᠴᠢ ᠪᠠᠷᠢᠮᠵᠢᠶ᠎ᠠ ᠵᠢᠨ ᠬᠣᠲᠠ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠳᠤᠮᠳᠠᠴᠢ ᠪᠠᠷᠢᠮᠵᠢᠶ᠎ᠠ ᠎ᠳᠤ᠎ᠬᠢ ᠡᠵᠡᠯᠡᠬᠦ ᠬᠠᠷᠢᠴᠠᠯ᠎ᠨᠢ 79.8%᠎ᠳᠤ ᠬᠥᠷᠪᠡ᠃ ᠪᠥᠬᠥ ᠣᠷᠣᠨ᠎ᠤ ᠬᠣᠲᠠ ᠬᠥᠳᠡᠭᠡ ᠵᠢᠨ ᠣᠨᠴᠠ ᠬᠦᠴᠢᠷᠳᠡᠯᠲᠡᠢ ᠬᠥᠮᠥᠰ᠎ᠤᠨ ᠦᠨᠳᠦᠰᠦᠨ ᠠᠮᠢᠳᠤᠷᠠᠯ᠎ᠤᠨ ᠳᠤᠮᠳᠠᠴᠢ ᠪᠠᠷᠢᠮᠵᠢᠶ᠎ᠠ᠎ᠨᠢ ᠲᠣᠰ ᠲᠣᠰ 1380 ᠲᠥᠭᠥᠷᠢᠭ / ᠰᠠᠷ᠎ᠠ᠂ 1020 ᠲᠥᠭᠥᠷᠢᠭ / ᠰᠠᠷ᠎ᠠ᠎ᠳᠤ ᠬᠦᠷᠴᠦ᠂ 2022 ᠣᠨ᠎ᠤ᠎ᠬᠢ᠎ᠠᠴᠠ ᠲᠣᠰ ᠲᠣᠰ 22 ᠲᠥᠭᠥᠷᠢᠭ / ᠰᠠᠷ᠎ᠠ᠂ 81 ᠲᠥᠭᠥᠷᠢᠭ / ᠰᠠᠷ᠎ᠠ ᠨᠡᠮᠡᠭᠳᠡᠵᠦ᠂ ᠪᠥᠬᠥ ᠣᠷᠣᠨ᠎ᠤ ᠬᠣᠲᠠ ᠬᠥᠳᠡᠭᠡ ᠵᠢᠨ ᠣᠨᠴᠠ ᠬᠦᠴᠢᠷᠳᠡᠯᠲᠡᠢ ᠬᠥᠮᠥᠰ᠎ᠤᠨ ᠦᠨᠳᠦᠰᠦᠨ ᠠᠮᠢᠳᠤᠷᠠᠯ᠎ᠤᠨ ᠪᠠᠷᠢᠮᠵᠢᠶ᠎ᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠳᠤᠮᠳᠠᠴᠢ᠎ᠪᠠᠷ 5.1%᠎ᠪᠠᠷ ᠨᠡᠮᠡᠭᠳᠡᠪᠡ᠃ ᠠᠮᠢᠳᠤᠷᠠᠯ ᠵᠶ᠋ᠠᠨ ᠠᠷᠭ᠋ᠠᠴᠠᠭ᠋ᠠᠬᠤ ᠴᠢᠳᠠᠪᠤᠷᠢ᠎ᠪᠠᠨ ᠬᠡᠰᠡᠭ ᠲᠠᠯ᠎ᠠ᠎ᠪᠠᠷ ᠠᠯᠳᠠᠭᠰᠠᠨ ᠣᠨᠴᠠ ᠬᠦᠴᠢᠷᠳᠡᠯᠲᠡᠢ ᠬᠥᠮᠥᠰ᠎ᠤᠨ ᠬᠠᠷᠠᠭ᠋ᠠᠯᠵᠠᠨ ᠰᠤᠪᠢᠯᠠᠬᠤ ᠳᠤᠮᠳᠠᠴᠢ ᠪᠠᠷᠢᠮᠵᠢᠶ᠎ᠠ᠎ᠨᠢ 495 ᠲᠥᠭᠥᠷᠢᠭ / ᠰᠠᠷ᠎ᠠ᠎ᠳᠤ ᠬᠦᠷᠴᠦ᠂ ᠠᠮᠢᠳᠤᠷᠠᠯ ᠵᠶ᠋ᠠᠨ ᠠᠷᠭ᠋ᠠᠴᠠᠭ᠋ᠠᠬᠤ ᠴᠢᠳᠠᠪᠤᠷᠢ᠎ᠪᠠᠨ ᠪᠦᠷᠢᠮᠦᠰᠦᠨ ᠠᠯᠳᠠᠭᠰᠠᠨ ᠣᠨᠴᠠ ᠬᠦᠴᠢᠷᠳᠡᠯᠲᠡᠢ ᠬᠥᠮᠥᠰ᠎ᠤᠨ ᠬᠠᠷᠠᠭ᠋ᠠᠯᠵᠠᠨ ᠰᠤᠪᠢᠯᠠᠬᠤ ᠳᠤᠮᠳᠠᠴᠢ ᠪᠠᠷᠢᠮᠵᠢᠶ᠎ᠠ᠎ᠨᠢ 1266 ᠲᠥᠭᠥᠷᠢᠭ / ᠰᠠᠷ᠎ᠠ᠎ᠳᠤ ᠬᠥᠷᠪᠡ᠃
      ᠪᠥᠬᠥ ᠣᠷᠣᠨ᠎ᠤ ᠨᠡᠢ᠌ᠭᠡᠮ᠎ᠤᠨ ᠲᠤᠰᠠᠯᠠᠮᠵᠢ ᠵᠢᠨ ᠬᠣᠲᠠ ᠬᠥᠳᠡᠭᠡ ᠵᠢᠨ ᠨᠢᠭᠡᠳᠦᠯᠲᠡᠢ ᠲᠥᠯᠥᠪᠯᠡᠭᠡ ᠵᠢ ᠲᠦᠷᠭᠡᠳᠬᠡᠬᠦ ᠵᠢᠨ ᠲᠤᠰᠠᠳᠠ᠂ 2023 ᠣᠨ᠎ᠳᠤ ᠠᠯᠠᠱ᠌ᠠ ᠠᠢ᠌ᠮᠠᠭ᠎ᠢ ᠪᠥᠬᠥ ᠣᠷᠣᠨ᠎ᠤ ᠠᠢ᠌ᠮᠠᠭ ᠬᠣᠲᠠ ᠵᠢᠨ ᠱᠠᠲᠤᠨ᠎ᠤ ᠨᠡᠢ᠌ᠭᠡᠮ᠎ᠤᠨ ᠲᠤᠰᠠᠯᠠᠮᠵᠢ ᠵᠢᠨ ᠬᠣᠲᠠ ᠬᠥᠳᠡᠭᠡ ᠵᠢᠨ ᠨᠢᠭᠡᠳᠦᠯᠲᠡᠢ ᠲᠥᠯᠥᠪᠯᠡᠭᠡ ᠵᠢᠨ ᠲᠤᠷᠰᠢᠯᠲᠠ ᠵᠢᠨ ᠴᠡᠭ ᠪᠣᠯᠭ᠋ᠠᠬᠤ᠎ᠪᠠᠷ ᠲᠣᠭᠲᠠᠭ᠋ᠠᠵᠤ᠂ ᠬᠥᠬᠡᠬᠣᠲᠠ ᠵᠢᠨ ᠬᠣᠲᠣᠩ ᠠᠷᠠᠳ᠎ᠤᠨ ᠲᠣᠭᠣᠷᠢᠭ᠂ ᠬᠥᠯᠥᠨ ᠪᠣᠶ᠋ᠢᠷ ᠬᠣᠲᠠ ᠵᠢᠨ ᠣᠷᠴᠣᠨ᠎ᠤ ᠥᠪᠡᠷᠲᠡᠭᠡᠨ ᠵᠠᠰᠠᠬᠤ ᠬᠣᠰᠢᠭᠤ ᠪᠠ ᠣᠷᠳᠣᠰ ᠬᠣᠲᠠ ᠵᠢᠨ ᠳ᠋ᠦᠩᠱ᠌ᠧᠩ ᠲᠣᠭᠣᠷᠢᠭ᠂ ᠣᠲᠣᠭ ᠬᠣᠰᠢᠭᠤ ᠵᠢ ᠪᠥᠬᠥ ᠣᠷᠣᠨ᠎ᠤ ᠬᠣᠰᠢᠭᠤ ᠰᠢᠶᠠᠨ᠎ᠤ ᠱᠠᠲᠤᠨ᠎ᠤ ᠨᠡᠢ᠌ᠭᠡᠮ᠎ᠤᠨ ᠲᠤᠰᠠᠯᠠᠮᠵᠢ ᠵᠢᠨ ᠬᠣᠲᠠ ᠬᠥᠳᠡᠭᠡ ᠵᠢᠨ ᠨᠢᠭᠡᠳᠦᠯᠲᠡᠢ ᠲᠥᠯᠥᠪᠯᠡᠭᠡ ᠵᠢᠨ ᠲᠤᠷᠰᠢᠯᠲᠠ ᠵᠢᠨ ᠴᠡᠭ ᠪᠣᠯᠭ᠋ᠠᠬᠤ᠎ᠪᠠᠷ ᠲᠣᠭᠲᠠᠭ᠋ᠠᠪᠠ᠃ ᠣᠳᠣ ᠪᠣᠯᠲᠠᠯ᠎ᠠ᠂ ᠪᠥᠬᠥ ᠣᠷᠣᠨ᠎ᠤ 44 ᠬᠣᠰᠢᠭᠤ ᠰᠢᠶᠠᠨ (ᠬᠣᠲᠠ᠂ ᠲᠣᠭᠣᠷᠢᠭ)᠎ᠳᠤ ᠨᠢᠭᠡᠨᠲᠡ ᠬᠣᠲᠠ ᠬᠥᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠵᠢ ᠨᠢᠭᠡᠳᠦᠯᠲᠡᠢ ᠪᠣᠯᠭ᠋ᠠᠵᠤ᠂ ᠬᠣᠲᠠ ᠬᠥᠳᠡᠭᠡ ᠵᠢᠨ ᠦᠢ᠍ᠯᠡᠴᠢᠯᠡᠭᠡ ᠵᠢ ᠠᠳᠠᠯᠢ ᠲᠡᠭᠰᠢ ᠪᠣᠯᠭ᠋ᠠᠬᠤ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠵᠦ᠂ ᠬᠦᠴᠢᠷᠳᠡᠯᠲᠡᠢ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ ᠪᠠ ᠠᠮᠤᠷ  ᠠᠮᠤᠭᠤᠯᠠᠩ ᠲᠥᠷᠥᠭᠳᠡᠯ᠎ᠢ ᠤᠯᠠᠮ ᠨᠢᠭᠡ ᠠᠯᠬᠤᠮ ᠴᠢᠩᠭ᠋ᠠᠳᠬᠠᠪᠠ᠃

           

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠬᠥᠮᠥᠨ ᠲᠣᠮᠢᠯᠠᠨ 《ᠬᠥᠳᠡᠭᠡ ᠲᠣᠰᠬᠣᠨ᠎ᠢ ᠠᠯᠳᠠᠷᠰᠢᠭᠤᠯᠣᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ》 ᠪᠦᠬᠦ ᠤᠯᠤᠰ᠎ᠤᠨ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠢ ᠪᠦᠲᠦᠭᠡᠨ ᠪᠠᠢ᠌ᠭᠤᠯᠬᠤ ᠪᠤᠯᠪᠠᠰᠤᠷᠠᠯ᠎ᠳᠤ ᠣᠷᠤᠯᠴᠠᠭᠤᠯᠪᠠ
ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ ᠰᠢᠨ᠎ᠡ ᠵᠢ ᠡᠬᠦᠳᠤᠨ ᠲᠡᠷᠢᠬᠦᠨ᠎ᠳᠤ᠎ᠨᠢ ᠤᠷᠤᠬᠰᠢᠯᠠᠵᠤ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠦᠪ᠎ᠤᠨ ᠴᠢᠨᠠᠷ ᠰᠠᠢ᠌ᠲᠠᠢ ᠬᠥᠭᠵᠢᠯᠲᠡ᠎ᠳᠤ ᠬᠦᠴᠤ ᠨᠡᠮᠡᠷᠢᠯᠡᠵᠤ ᠪᠠᠢ᠌ᠨ᠎ᠠ
ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠰᠤᠷᠤᠯᠴᠠᠨ ᠰᠡᠳᠬᠢᠵᠦ ᠦᠢ᠍ᠯᠡᠳᠦᠯᠭᠡᠵᠢᠭᠦᠯᠦᠨ ᠤᠬᠠᠵᠤ ᠰᠡᠳᠬᠢᠯ ᠵᠢᠷᠤᠬᠡ ᠨᠠᠮ᠎ᠤᠨ ᠵᠶ᠋ᠠᠨ ᠵᠦᠭ ᠴᠤᠬᠢᠯᠠᠵᠤ᠂ ᠡᠷᠡᠮᠡᠬᠡᠢ᠌ᠯᠡᠨ ᠤᠷᠤᠭᠰᠢᠯᠠᠵᠤ ᠰᠢᠨ᠎ᠡ ᠭᠠᠪᠢᠶ᠎ᠠ ᠪᠠᠶ᠋ᠢᠭᠤᠯᠬᠤ》 ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲᠸᠮ᠎ᠤᠨ ᠭᠣᠣᠯ ᠰᠡᠳᠦᠪᠲᠦ ᠬᠥᠮᠦᠵᠢᠯ᠎ᠤᠨ ᠮᠡᠳᠡᠯᠭᠡ ᠵᠢᠨ ᠤᠷᠤᠯᠳᠤᠭ᠋ᠠᠨ ᠶᠠᠪᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠤᠳᠤᠷᠢᠳᠤᠯᠭ᠎ᠠ ᠪᠤᠭᠤᠲᠤ ᠬᠣᠲᠠ᠎ᠳᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠂ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠢ ᠪᠠᠢ᠌ᠴᠠᠭ᠋ᠠᠨ ᠰᠤᠳᠤᠯᠪᠠ
ᠮᠠᠨ᠎ᠤ ᠣᠷᠣᠨ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠴᠣᠬᠢᠯᠲᠠ ᠥᠭᠴᠦ ᠴᠡᠭᠴᠡᠯᠡᠬᠦ ᠲᠤᠰᠬᠠᠢ ᠠᠵᠢᠯᠯᠠᠭ᠎ᠠ ᠵᠢ ᠪᠠᠢ᠌ᠷᠢᠯᠠᠭᠤᠯᠪᠠ
 
            