ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠰᠤᠷᠤᠯᠴᠠᠨ ᠰᠡᠳᠬᠢᠵᠦ ᠦᠢ᠍ᠯᠡᠳᠦᠯᠭᠡᠵᠢᠭᠦᠯᠦᠨ ᠤᠬᠠᠵᠤ ᠰᠡᠳᠬᠢᠯ ᠵᠢᠷᠤᠬᠡ ᠨᠠᠮ᠎ᠤᠨ ᠵᠶ᠋ᠠᠨ ᠵᠦᠭ ᠴᠤᠬᠢᠯᠠᠵᠤ᠂ ᠡᠷᠡᠮᠡᠬᠡᠢ᠌ᠯᠡᠨ ᠤᠷᠤᠭᠰᠢᠯᠠᠵᠤ ᠰᠢᠨ᠎ᠡ ᠭᠠᠪᠢᠶ᠎ᠠ ᠪᠠᠶ᠋ᠢᠭᠤᠯᠬᠤ》 ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲᠸᠮ᠎ᠤᠨ ᠭᠣᠣᠯ ᠰᠡᠳᠦᠪᠲᠦ ᠬᠥᠮᠦᠵᠢᠯ᠎ᠤᠨ ᠮᠡᠳᠡᠯᠭᠡ ᠵᠢᠨ ᠤᠷᠤᠯᠳᠤᠭ᠋ᠠᠨ ᠶᠠᠪᠤᠭᠤᠯᠪᠠ
ᠨᠡᠶᠢᠲᠡᠯᠡᠭᠰᠡᠨ ᠴᠠᠭ᠄ 2023-09-27

    ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠦᠷᠭᠦᠯᠵᠢᠯᠡᠨ ᠭᠦᠨᠵᠡᠭᠡᠢ᠌ᠷᠡᠭᠦᠯᠦᠨ ᠪᠤᠳᠠᠳᠠᠢ᠌ᠵᠢᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠵᠢ ᠪᠡᠶᠡᠯᠡᠬᠦᠯᠬᠦ ᠵᠢ ᠠᠬᠢᠭᠤᠯᠤᠨ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ 《ᠬᠣᠶᠠᠷ ᠶᠡᠬᠡ ᠶᠠᠪᠤᠳᠠᠯ》᠎ᠢ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ᠎ᠤ ᠠᠵᠢᠯ᠎ᠳᠤ ᠨᠢᠮᠪᠠᠢ ᠨᠠᠢ᠌ᠳᠠᠪᠤᠷᠢᠵᠢᠭᠤᠯᠬᠤ ᠵᠢᠨ ᠲᠦᠯᠤᠬᠡ᠂ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 7 ᠰᠠᠷ᠎ᠠ ᠵᠢᠨ 13 ᠎ᠤ ᠡᠳᠦᠷ  《ᠰᠤᠷᠤᠯᠴᠠᠨ ᠰᠡᠳᠬᠢᠵᠦ ᠦᠢ᠍ᠯᠡᠳᠦᠯᠭᠡᠵᠢᠭᠦᠯᠦᠨ ᠤᠬᠠᠵᠤ ᠰᠡᠳᠬᠢᠯ ᠵᠢᠷᠤᠬᠡ ᠨᠠᠮ᠎ᠤᠨ ᠵᠦᠭ ᠴᠤᠬᠢᠯᠠᠵᠤ᠂ ᠡᠷᠡᠮᠡᠬᠡᠢ᠌ᠯᠡᠨ ᠤᠷᠤᠭᠰᠢᠯᠠᠵᠤ ᠰᠢᠨ᠎ᠡ ᠭᠠᠪᠢᠶ᠎ᠠ ᠪᠠᠶ᠋ᠢᠭᠤᠯᠬᠤ》᠎ᠪᠠᠷ ᠭᠣᠣᠯ ᠰᠡᠳᠦᠪ  ᠪᠤᠯᠭ᠋ᠠᠬᠰᠠᠨ᠂ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲᠸᠮ᠎ᠤᠨ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠮᠡᠳᠡᠯᠭᠡ ᠵᠢᠨ ᠤᠷᠤᠯᠳᠤᠭ᠋ᠠᠨ ᠶᠠᠪᠤᠭᠤᠯᠵᠤ᠂ ᠪᠦᠬᠦ ᠣᠷᠣᠨ᠎ᠤ ᠡᠯ᠎ᠡ ᠠᠢ᠌ᠮᠠᠭ᠎ᠤᠨ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠤᠯᠤᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠪᠠᠢ᠌ᠭᠤᠯᠭ᠎ᠠ᠂ ᠰᠢᠭᠤᠳ ᠬᠠᠷᠢᠶ᠎ᠠ ᠪᠠᠢ᠌ᠭᠤᠯᠭ᠎ᠠ ᠵᠢᠨ 15 ᠲᠥᠯᠥᠭᠡᠯᠡᠭᠴᠢᠳ᠎ᠤᠨ ᠠᠩᠭᠢ ᠤᠷᠤᠯᠳᠤᠭ᠋ᠠᠨ᠎ᠳᠤ ᠤᠷᠤᠯᠴᠠᠬᠰᠠᠨ ᠪᠠᠢ᠌ᠨ᠎ᠠ᠃ 
   ᠭᠣᠣᠯ ᠰᠡᠳᠦᠪᠲᠦ ᠬᠥᠮᠦᠵᠢᠯ᠎ᠤᠨ ᠮᠡᠳᠡᠯᠭᠡ ᠵᠢᠨ ᠤᠷᠤᠯᠳᠤᠭ᠋ᠠᠨ᠎ᠢ ᠪᠡᠯᠡᠳᠬᠡᠯ ᠤᠷᠤᠯᠳᠤᠭ᠋ᠠᠨ᠂ ᠠᠩᠬᠠᠨ᠎ᠤ ᠤᠷᠤᠯᠳᠤᠭ᠋ᠠᠨ᠂ ᠰᠢᠢ᠍ᠳᠪᠦᠷᠢᠲᠦ ᠤᠷᠤᠯᠳᠤᠭ᠋ᠠᠨ ᠭᠡᠵᠦ ᠭᠤᠷᠪᠠᠨ ᠱᠠᠲᠤ  ᠬᠤᠪᠢᠶᠠᠵᠤ ᠶᠠᠪᠤᠬᠳᠠᠭᠤᠯᠤᠬᠰᠠᠨ ᠶᠤᠮ᠃ ᠤᠷᠤᠯᠳᠤᠭ᠋ᠠᠨ᠎ᠠᠴᠠ ᠡᠮᠦᠨ᠎ᠡ᠂ ᠠᠷᠠᠳ᠎ᠤᠨ ᠶᠠᠪᠤᠳᠠᠯ᠎ᠤᠨ ᠲᠢᠩᠬᠢᠮ᠎ᠤᠨ ᠭᠣᠣᠯ ᠰᠡᠳᠦᠪᠲᠦ ᠬᠥᠮᠦᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ᠎ᠬᠢᠨ᠎ᠤ ᠲᠣᠭᠲᠠᠭ᠋ᠠᠭᠰᠠᠨ ᠰᠤᠷᠤᠯᠴᠠᠬᠤ ᠨᠣᠮ᠎ᠤᠨ ᠭᠠᠷᠴᠠᠭ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ ᠪᠣᠯᠣᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠡᠷᠭᠡ ᠰᠤᠷᠤᠯᠴᠠᠬᠤ ᠠᠭᠤᠯᠭ᠎ᠠ ᠵᠢᠨ ᠲᠣᠭᠣᠷᠢᠨ᠎ᠳᠤ ᠤᠷᠤᠯᠳᠤᠭ᠋ᠠᠨ᠎ᠤ ᠰᠡᠳᠦᠪ᠎ᠤᠨ ᠬᠥᠮᠥᠷᠭᠡ ᠵᠢ ᠨᠢᠮᠪᠠᠢ ᠨᠠᠢ᠌ᠷᠠᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠢ ᠳᠠᠶ᠋ᠢᠴᠢᠯᠠᠨ ᠢᠳᠡᠪᠬᠢᠲᠡᠢ ᠣᠷᠣᠯᠴᠠᠭᠤᠯᠵᠤ᠂ ᠪᠥᠬᠥ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ᠎ᠳᠤ ᠰᠤᠷᠤᠯᠴᠠᠯᠭ᠎ᠠ ᠵᠢᠨ ᠬᠠᠯᠠᠭᠤᠨ ᠥᠷᠨᠢᠯᠲᠡ ᠭᠠᠷᠭ᠋ᠠᠬᠰᠠᠨ ᠪᠢᠯᠨ᠃
      ᠪᠡᠯᠡᠳᠬᠡᠯ ᠤᠷᠤᠯᠳᠤᠭ᠋ᠠᠨ ᠪᠠ ᠠᠩᠬᠠᠨ᠎ᠤ ᠤᠷᠤᠯᠳᠤᠭ᠋ᠠᠨ ᠵᠶ᠋ᠠᠷ ᠳᠠᠮᠵᠢᠨ ᠰᠢᠢ᠍ᠳᠪᠦᠷᠢᠲᠦ ᠤᠷᠤᠯᠳᠤᠭ᠋ᠠᠨ᠎ᠳᠤ ᠤᠷᠤᠯᠴᠠᠬᠤ ᠡᠷᠬᠡ ᠵᠢ ᠤᠯᠤᠬᠰᠠᠨ 8 ᠲᠥᠯᠥᠭᠡᠯᠡᠭᠴᠢᠳ᠎ᠤᠨ ᠠᠩᠭᠢ ᠵᠢᠨ᠎ᠬᠢᠨ 《ᠵᠣᠷᠢᠭᠰᠠᠨ᠎ᠳᠤ᠎ᠪᠠᠨ ᠬᠦᠷᠬᠦ》 《ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠬᠤ》 《ᠡᠷᠡᠯᠬᠡᠭᠯᠡᠨ ᠤᠷᠤᠭᠰᠢᠯᠠᠬᠤ》 《ᠬᠠᠷᠰᠢ ᠰᠠᠭ᠋ᠠᠳ᠎ᠢ ᠢᠯᠠᠨ ᠳᠠᠪᠠᠬᠤ》 ᠵᠡᠷᠭᠡ ᠰᠢᠷᠦᠭᠦᠨ ᠥᠷᠢᠰᠦᠯᠳᠦᠭᠡᠨ ᠵᠶ᠋ᠡᠷ ᠳᠡᠮᠵᠢᠨ᠂  ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠰᠢᠭᠤᠳ ᠬᠠᠷᠢᠶ᠎ᠠ ᠨᠢᠬᠡᠴᠢ ᠪᠤᠯᠬᠤ ᠠᠰᠠᠷᠠᠮᠵᠢ ᠵᠢᠨ  ᠱᠠᠡᠭᠨᠠᠯᠳᠤ ᠰᠤᠭᠤᠯᠤᠭ᠎ᠠ ᠵᠢᠨ ᠲᠥᠪ᠎ᠤᠨ ᠲᠥᠯᠥᠭᠡᠯᠡᠭᠴᠢᠳ᠎ᠤᠨ ᠠᠩᠭᠢ ᠮᠡᠳᠡᠯᠭᠡ ᠵᠢᠨ ᠤᠷᠤᠯᠳᠤᠭ᠋ᠠᠨ᠎ᠤ ᠨᠢᠭᠡᠳᠦᠭᠡᠷ ᠳᠡᠰ᠎ᠤᠨ ᠱᠠᠩᠨᠠᠯ᠎ᠢ ᠬᠦᠷᠳᠡᠵᠤ᠂ ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠲᠥᠯᠥᠭᠡᠯᠡᠭᠴᠢᠳ᠎ᠤᠨ ᠠᠩᠭᠢ᠂ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ  ᠲᠥᠯᠥᠭᠡᠯᠡᠭᠴᠢᠳ᠎ᠤᠨ ᠠᠩᠭᠢ᠂ ᠠᠷᠠᠳ᠎ᠤᠨ ᠶᠠᠪᠤᠳᠠᠯ᠎ᠤᠨ ᠲᠢᠩᠬᠢᠮ᠎ᠤᠨ ᠪᠠᠢ᠌ᠭᠤᠯᠭ᠎ᠠ ᠵᠢᠨ ᠲᠥᠯᠥᠭᠡᠯᠡᠭᠴᠢᠳ᠎ᠤᠨ ᠠᠩᠭᠢ ᠬᠤᠶᠠᠳᠤᠭ᠋ᠠᠷ ᠲᠡᠰ ᠎ᠲᠤ ᠲᠤᠳᠤᠷᠠᠨ᠂ ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠲᠥᠯᠥᠭᠡᠯᠡᠭᠴᠢᠳ᠎ᠤᠨ ᠠᠩᠭᠢ᠂ ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠲᠥᠯᠥᠭᠡᠯᠡᠭᠴᠢᠳ᠎ᠤᠨ ᠠᠩᠭᠢ᠂ ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠲᠥᠯᠥᠭᠡᠯᠡᠭᠴᠢᠳ᠎ᠤᠨ ᠠᠩᠭᠢ᠂ ᠦᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠲᠥᠯᠥᠭᠡᠯᠡᠭᠴᠢᠳ᠎ᠤᠨ ᠠᠩᠭᠢ ᠭᠤᠷᠪᠠᠳᠤᠭ᠋ᠠᠷ ᠳᠡᠰ᠎ᠤᠨ ᠱᠠᠩᠨᠠᠯ᠎ᠢ ᠬᠦᠷᠳᠡᠬᠡᠳ᠂ ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠲᠥᠯᠥᠭᠡᠯᠡᠭᠴᠢᠳ᠎ᠤᠨ ᠠᠩᠭᠢ᠂ ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠲᠥᠯᠥᠭᠡᠯᠡᠭᠴᠢᠳ᠎ᠤᠨ ᠠᠩᠭᠢ᠂ ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠲᠥᠯᠥᠭᠡᠯᠡᠭᠴᠢᠳ᠎ᠤᠨ ᠠᠩᠭᠢ᠂ ᠣᠷᠳᠣᠰ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ  ᠲᠥᠯᠥᠭᠡᠯᠡᠭᠴᠢᠳ᠎ᠤᠨ ᠠᠩᠭᠢ᠂ ᠪᠠᠶᠠᠨᠨᠠᠭᠤᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠲᠥᠯᠥᠭᠡᠯᠡᠭᠴᠢᠳ᠎ᠤᠨ ᠠᠩᠭᠢ᠂ ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠲᠥᠯᠥᠭᠡᠯᠡᠭᠴᠢᠳ᠎ᠤᠨ ᠠᠩᠭᠢ ᠪᠤᠯᠤᠨ ᠡᠷᠢᠶᠡᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠲᠥᠯᠥᠭᠡᠯᠡᠭᠴᠢᠳ᠎ᠤᠨ ᠠᠩᠭᠢ ᠰᠢᠯᠢᠳᠡᠭ ᠱᠠᠩᠨᠠᠯ ᠵᠶ᠋ᠡᠷ ᠡᠡᠭᠭᠡᠷ ᠵᠶ᠋ᠡᠨ ᠮᠢᠯᠢᠶᠠᠯᠭ᠋ᠠᠯ᠎ᠠ᠃
   ᠲᠣᠰ ᠭᠣᠣᠯ ᠰᠡᠳᠦᠪᠲᠦ ᠬᠥᠮᠦᠵᠢᠯ᠎ᠤᠨ ᠮᠡᠳᠡᠯᠭᠡ ᠵᠢᠨ ᠤᠷᠤᠯᠳᠤᠭ᠋ᠠᠨ᠎ᠨᠢ ᠪᠥᠬᠥ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠠ ᠨᠠᠮ᠎ᠤᠨ ᠭᠡᠰᠢᠭᠦᠨ ᠺᠠᠳ᠋ᠷᠴᠤᠳ᠎ᠤᠨ ᠢᠳᠡᠪᠬᠢᠲᠡᠢ ᠬᠦᠷᠢᠶᠡᠯᠡᠯ᠎ᠢ ᠤᠯᠤᠬᠰᠠᠨ ᠵᠶ᠋ᠡᠷ ᠲᠡᠳᠡ ᠢᠳᠡᠪᠬᠢᠲᠡᠢ ᠣᠷᠣᠯᠴᠠᠵᠤ᠂ ᠰᠢᠨ᠎ᠡ ᠴᠠᠭ ᠦᠶ᠎ᠡ ᠵᠢᠨ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ᠎ᠤᠨ ᠤᠯᠤᠰ ᠲᠥᠷᠥ ᠵᠢᠨ ᠣᠨᠣᠯ᠎ᠤᠨ ᠲᠦᠪᠰᠢᠨ ᠪᠠ ᠰᠠᠢ᠌ᠨ ᠰᠠᠢ᠌ᠬᠠᠨ ᠣᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠭᠦᠢ᠍ᠴᠡᠳ ᠢᠯᠡᠷᠡᠭᠦᠯᠪᠡ᠃ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠳᠠᠷᠠᠭ᠋ᠠᠴᠢ᠎ᠪᠠᠷ ᠭᠣᠣᠯ ᠰᠡᠳᠦᠪᠲᠦ ᠬᠥᠮᠦᠵᠢᠯ᠎ᠤᠨ 《ᠦᠵᠡᠯ ᠰᠠᠨᠠᠭ᠎ᠠ ᠵᠢ ᠰᠤᠷᠤᠯᠴᠠᠬᠤ᠂ ᠨᠠᠮᠴᠢ ᠴᠢᠨᠠᠷ᠎ᠢ ᠴᠢᠩᠭ᠋ᠠᠳᠬᠠᠬᠤ᠂ ᠦᠢ᠍ᠯᠡᠳᠦᠯᠭᠡ ᠵᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶ᠋ᠢᠭᠤᠯᠬᠤ》 ᠶᠡᠷᠦᠩᠬᠡᠢ ᠱᠠᠭ᠋ᠠᠷᠳᠠᠯᠭ᠎ᠠ᠎ᠳᠤ ᠦᠷᠭᠦᠯᠵᠢᠯᠡᠨ ᠠᠩᠬᠠᠷᠤᠯ ᠵᠶ᠋ᠠᠨ ᠲᠥᠪᠯᠡᠷᠡᠭᠦᠯᠵᠦ᠂ ᠰᠤᠷᠤᠯᠴᠠᠯᠭ᠎ᠠ᠎ᠪᠠᠷ ᠰᠦᠭ ᠰᠦᠨᠡᠰᠦ ᠵᠢ ᠱᠤᠭᠤᠬᠤ᠂ ᠰᠤᠷᠤᠯᠴᠠᠯᠭ᠎ᠠ᠎ᠪᠠᠷ ᠤᠶᠤᠨ ᠤᠬᠠᠭ᠋ᠠᠨ᠎ᠢ ᠨᠡᠮᠡᠭᠳᠡᠭᠦᠯᠬᠦ᠂ ᠰᠤᠷᠤᠯᠴᠠᠯᠭ᠎ᠠ᠎ᠪᠠᠷ ᠰᠤᠷᠲᠠᠯ᠎ᠢ ᠲᠥᠪ ᠪᠤᠯᠭ᠋ᠠᠬᠤ᠂ ᠰᠤᠷᠤᠯᠴᠠᠯᠭ᠎ᠠ᠎ᠪᠠᠷ ᠠᠵᠢᠯ᠎ᠢ ᠠᠬᠢᠭᠤᠯᠬᠤ ᠲᠠᠯ᠎ᠠ᠎ᠪᠠᠷ ᠠᠵᠢᠯᠯᠠᠭ᠎ᠠ ᠠᠪᠴᠤ᠂ ᠪᠣᠳᠠᠲᠤ ᠦᠷ᠎ᠡ ᠪᠦᠲᠦᠮᠵᠢ ᠵᠢ  ᠡᠷᠬᠢᠮᠯᠡᠬᠦ ᠪᠤᠯᠤᠨ᠎ᠠ᠃ ᠮᠥᠨ ᠲᠣᠭᠲᠠᠭᠰᠠᠨ ᠬᠦᠳᠡᠯᠬᠡᠬᠡᠨ᠎ᠢ ᠬᠤᠪᠢᠷᠠᠭᠤᠯᠬᠤ ᠦᠭᠡᠢ᠂  ᠦᠪᠡᠷᠲᠡᠭᠡᠨ ᠰᠤᠡᠭᠭᠤᠬᠤ ᠬᠦᠳᠡᠯᠬᠡᠬᠡᠨ᠎ᠢ ᠥᠪᠡᠷᠮᠢᠴᠡ ᠣᠨᠴᠠᠯᠢᠭ᠎ᠲᠠᠢ᠂ ᠰᠢᠨ᠎ᠡ ᠬᠦᠳᠡᠯᠬᠡᠬᠡᠨ ᠵᠶ᠋ᠡᠷ ᠭᠢᠯᠠᠰ ᠴᠡᠭ᠎ᠲᠠᠢ ᠪᠣᠯᠭ᠋ᠠᠵᠤ᠂ ᠭᠣᠣᠯ ᠰᠡᠳᠦᠪᠲᠦ ᠬᠥᠮᠦᠵᠢᠯ᠎ᠠᠴᠠ ᠡᠬᠦᠳᠦᠭᠰᠡᠨ ᠴᠤᠭ ᠵᠢᠪᠬᠤᠭ᠎ᠠ᠂  ᠨᠢᠭᠲᠠᠷᠠᠭᠤᠯᠤᠭᠰᠠᠨ ᠵᠦᠪ ᠡᠨ᠋ᠸᠷᠬᠢ᠂ ᠢᠯᠡᠷᠡᠭᠦᠯᠦᠭᠰᠡᠨ ᠰᠠᠢ᠌ᠨ ᠰᠤᠷᠲᠠᠯ᠎ᠢ ᠬᠦᠴᠢᠷ᠎ᠢ ᠲᠤᠭᠤᠯᠤᠨ ᠪᠡᠷᠬᠡ ᠵᠢ ᠳᠠᠪᠠᠬᠤ᠂ ᠠᠵᠢᠯ ᠬᠢᠵᠦ ᠦᠢ᠍ᠯᠡᠰ ᠪᠣᠰᠬᠠᠬᠤ ᠬᠥᠳᠡᠯᠭᠡᠬᠦ ᠬᠦᠴᠦᠨ ᠪᠣᠯᠭ᠋ᠠᠨ ᠂ ᠳᠡᠰ ᠳᠡᠪᠰᠢᠬᠦ ᠵᠢ ᠲᠤᠪᠤᠢ᠍ᠢ᠍ᠯᠭ᠋ᠠᠵᠦ᠂ ᠰᠡᠳᠬᠢᠯ ᠵᠶ᠋ᠡᠨ ᠨᠢᠭᠲᠠᠷᠠᠭᠤᠯᠵᠤ ᠬᠦᠴᠦᠨ ᠵᠶ᠋ᠡᠨ ᠬᠠᠮᠳᠤᠳᠬᠠᠵᠤ ᠪᠠᠢ᠌ᠭ᠋ᠠᠳ 《ᠬᠣᠶᠠᠷ ᠶᠡᠬᠡ ᠶᠠᠪᠤᠳᠠᠯ》᠎ᠢ ᠰᠠᠢ᠌ᠲᠤᠷ ᠠᠳᠬᠤᠬᠤ ᠳᠤᠮᠳᠠ ᠠᠷᠠᠳ᠎ᠤᠨ ᠶᠠᠪᠤᠳᠠᠯ᠎ᠤᠨ᠎ᠬᠢᠨ᠎ᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭ᠋ᠠᠬᠤ ᠦᠡᠭᠭᠡ ᠲᠦᠷᠰᠤ ᠵᠢ ᠨᠡᠩ ᠰᠠᠢ᠌ᠲᠤᠷ ᠢᠯᠡᠷᠡᠭᠦᠯᠵᠦ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ  ᠴᠢᠨᠠᠷ ᠰᠠᠢ᠌ᠲᠠᠢ ᠬᠥᠭᠵᠢᠯᠲᠡ ᠵᠢ ᠴᠢᠷᠮᠠᠢ᠌ᠨ ᠠᠬᠢᠭᠤᠯᠬᠤ ᠬᠡᠷᠡᠭᠲᠡᠢ᠃
   ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠯᠢᠦ ᠴᠧᠩ ᠮᠢᠨ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠵᠠᠩ ᠱᠤᠸᠠᠩ ᠽᠦᠸᠧ ᠪᠤᠯᠤᠨ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠵᠢᠨ ᠲᠥᠯᠥᠭᠡᠯᠡᠭᠴᠢ᠂ ᠲᠢᠩᠬᠢᠮ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ ᠰᠢᠢ᠍ᠳᠪᠦᠷᠢᠲᠦ ᠤᠷᠤᠯᠳᠤᠭ᠋ᠠᠨ᠎ᠢ ᠰᠣᠨᠢᠷᠬᠠᠪᠠ᠃

 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠤᠳᠤᠷᠢᠳᠤᠯᠭ᠎ᠠ ᠪᠤᠭᠤᠲᠤ ᠬᠣᠲᠠ᠎ᠳᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠂ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠢ ᠪᠠᠢ᠌ᠴᠠᠭ᠋ᠠᠨ ᠰᠤᠳᠤᠯᠪᠠ
ᠮᠠᠨ᠎ᠤ ᠣᠷᠣᠨ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠴᠣᠬᠢᠯᠲᠠ ᠥᠭᠴᠦ ᠴᠡᠭᠴᠡᠯᠡᠬᠦ ᠲᠤᠰᠬᠠᠢ ᠠᠵᠢᠯᠯᠠᠭ᠎ᠠ ᠵᠢ ᠪᠠᠢ᠌ᠷᠢᠯᠠᠭᠤᠯᠪᠠ
ᠦᠨᠳᠦᠰᠦᠨ ᠱᠠᠲᠤᠨ᠎ᠤ ᠨᠡᠢ᠌ᠭᠡᠮ᠎ᠤᠨ ᠲᠤᠰᠠᠯᠠᠮᠵᠢ ᠵᠢᠨ ᠴᠢᠳᠠᠪᠤᠷᠢ ᠵᠢᠨ ᠪᠠᠢ᠌ᠭᠤᠯᠤᠯᠲᠠ ᠵᠢᠨ ᠲᠤᠬᠠᠢ ᠶᠠᠷᠢᠯᠴᠠᠬᠤ ᠬᠤᠷᠠᠯ ᠰᠢᠯᠢ ᠵᠢᠨ ᠭᠣᠣᠯ ᠠᠢ᠌ᠮᠠᠭ᠎ᠲᠤ ᠬᠤᠷᠠᠯᠳᠤᠪᠠ
ᠢᠯᠢ ᠪᠠᠯᠭ᠋ᠠᠰᠤᠨ᠎ᠤ ᠪᠠᠭ᠎ᠠ ᠺᠦ᠋ ᠮᠦᠸᠸ ᠲᠣᠰᠬᠣᠨ᠎ᠤ 《ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠦᠢ᠍ᠯᠡᠴᠢᠯᠡᠭᠡ ᠵᠢ ᠭᠦᠨᠵᠡᠭᠡᠢ᠌ᠷᠡᠭᠦᠯᠵᠦ ᠰᠠᠢ᠌ᠨ ᠰᠠᠢ᠌ᠬᠠᠨ ᠭᠡᠷ ᠣᠷᠣᠨ ᠵᠶ᠋ᠠᠨ ᠭᠡᠢ᠌ᠭᠦᠯᠬᠦ》 ᠲᠤᠷᠰᠢᠯᠲᠠ ᠵᠢᠨ ᠴᠡᠭ᠎ᠤᠨ ᠠᠵᠢᠯ ᠡᠷᠴᠢᠮ᠎ᠲᠠᠢ ᠶᠠᠪᠤᠭᠳᠠᠵᠤ ᠪᠤᠢ
ᠠᠷᠠᠳ᠎ᠤᠨ ᠶᠠᠪᠤᠳᠠᠯ᠎ᠤᠨ ᠲᠢᠩᠬᠢᠮ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ 2023 ᠣᠨ᠎ᠤ ᠪᠦᠬᠦ ᠣᠷᠣᠨ᠎ᠤ 《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》᠎ᠤᠨ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠡᠷᠬᠢᠯᠡᠪᠡ
 
            