ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠲᠢᠩᠬᠢᠮ᠎ᠤᠨ ᠳᠡᠳ᠋ ᠳᠠᠷᠤᠭ᠎ᠠ ᠴᠧᠩ ᠬᠣᠩ ᠯᠢᠶᠠᠩ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠲᠤ ᠪᠠᠢ᠌ᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2024-01-18

    ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠳᠡᠳ᠋ ᠳᠠᠷᠤᠭ᠎ᠠ ᠴᠧᠩ ᠬᠣᠩ ᠯᠢᠶᠠᠩ 12 ᠳ᠋ᠤᠭ᠋ᠠᠷ ᠰᠠᠷ᠎ᠠ ᠵᠢᠨ 1᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠲᠤ ᠪᠠᠢ᠌ᠴᠠᠭ᠋ᠠᠨ ᠰᠤᠳᠤᠯᠵᠤ ᠠᠵᠢᠯ ᠵᠢᠯᠣᠭᠣᠳᠪᠠ᠂  ᠡᠷᠡᠬᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ ᠬᠠᠮᠳᠤ ᠪᠠᠢ᠌ᠴᠠᠭ᠋ᠠᠨ ᠰᠤᠳᠤᠯᠤᠬᠰᠠᠨ ᠪᠠᠢ᠌ᠨ᠎ᠠ᠃
    ᠲᠢᠩᠬᠢᠮ᠎ᠤᠨ ᠳᠡᠳ᠋ ᠳᠠᠷᠤᠭ᠎ᠠ ᠴᠧᠩ ᠬᠣᠩ ᠯᠢᠶᠠᠩ ᠡᠷᠡᠭᠦᠯᠵᠢᠯ᠎ᠤᠨ ᠪᠣᠯᠪᠠᠰᠤᠷᠠᠯ᠎ᠤᠨ ᠲᠢᠩᠬᠢᠮ᠂ ᠬᠢᠮᠡᠯ ᠮᠥᠴᠢ᠂ ᠵᠦᠭᠰᠢᠷᠡᠬᠦᠯᠬᠦ ᠪᠠᠭ᠋ᠠᠵᠢ ᠬᠢᠬᠦ ᠦᠢ᠍ᠯᠡᠳᠪᠦᠷᠢ ᠵᠢᠨ ᠲᠠᠰᠤᠭ᠂ ᠰᠢᠲᠠᠮᠠᠬᠠᠢ ᠬᠡᠢ᠂ ᠳᠤᠯᠠᠭ᠋ᠠᠯᠭ᠎ᠠ ᠵᠢᠨ ᠵᠤᠤᠬᠠᠨ᠎ᠤ ᠭᠡᠷ ᠪᠠ ᠠᠯᠪᠠᠯᠠᠬᠤ ᠲᠣᠭᠣᠷᠢᠭ᠎ᠲᠤ ᠲᠤᠰᠠᠯᠠᠬᠤ ᠪᠠᠭ᠋ᠠᠵᠢ ᠵᠢᠨ ᠦᠢ᠍ᠯᠡᠳᠪᠦᠷᠢᠯᠡᠯ᠂ ᠦᠢ᠍ᠯᠡᠴᠢᠯᠡᠭᠡᠨ᠎ᠤ ᠪᠠᠲᠤᠯᠠᠭ᠎ᠠ᠂ ᠠᠶᠤᠯ ᠦᠬᠡᠢ ᠵᠢᠨ ᠬᠠᠮᠢᠶᠠᠷᠤᠯᠲᠠ ᠵᠡᠷᠭᠡ ᠲᠠᠯ᠎ᠠ ᠵᠢᠨ ᠪᠠᠢ᠌ᠳᠠᠯ᠎ᠤᠨ ᠲᠠᠨᠢᠯᠴᠠᠭᠤᠯᠭ᠎ᠠ ᠵᠢ ᠰᠣᠨᠣᠰᠴᠤ᠂ ᠬᠢᠮᠡᠯ ᠮᠥᠴᠢ᠂ ᠵᠦᠭᠰᠢᠷᠡᠬᠦᠯᠬᠦ ᠪᠠᠭ᠋ᠠᠵᠢ ᠬᠢᠬᠦ᠂ ᠬᠡᠦᠬᠡᠳ᠎ᠤᠨ  ᠬᠦᠯ ᠵᠦᠭᠰᠢᠷᠡᠬᠦᠯᠬᠦ ᠱᠠᠬᠠᠢ ᠵᠡᠷᠭᠡ ᠲᠤᠰᠠᠯᠠᠬᠤ ᠪᠠᠭ᠋ᠠᠵᠢ ᠵᠢ ᠦᠢ᠍ᠯᠡᠳᠬᠦ ᠶᠠᠪᠤᠴᠠ ᠪᠣᠯᠣᠨ ᠤᠷᠠᠯᠠᠯ᠎ᠢ ᠨᠠᠷᠢᠨ ᠣᠢ᠌ᠯᠠᠭ᠋ᠠᠪᠠ᠃ ᠴᠸᠡᠭ ᠬᠤᠡᠭ ᠯᠢᠶᠠᠡᠭ ᠡᠷᠡᠬᠦᠯᠵᠢᠯ᠎ᠤᠨ ᠲᠤᠰᠠᠯᠠᠬᠤ ᠪᠠᠭ᠋ᠠᠵᠢ ᠵᠢᠨ ᠲᠦᠪ᠎ᠤᠨ ᠬᠢᠮᠡᠯ ᠮᠥᠴᠢ᠂ ᠵᠦᠭᠰᠢᠷᠡᠬᠦᠯᠬᠦ ᠪᠠᠭ᠋ᠠᠵᠢ ᠦᠢ᠍ᠯᠡᠳᠬᠦ ᠲᠦᠪᠰᠢᠨ ᠪᠣᠯᠣᠨ ᠭᠠᠯ ᠤᠨᠲᠠᠷᠠᠭ᠋ᠠᠬᠤ ᠲᠥᠬᠦᠭᠡᠷᠦᠮᠵᠢ ᠵᠢ ᠪᠦᠷᠢᠨ ᠲᠥᠬᠥᠷᠵᠢᠭᠦᠯᠦᠨ ᠪᠠᠢ᠌ᠳᠠᠯ᠎ᠢ ᠭᠦᠢ᠍ᠴᠡᠳ ᠨᠤᠲᠠᠯᠠᠬᠤ ᠵᠢᠨ ᠬᠠᠮᠲᠤ᠄ 《ᠡᠷᠡᠬᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ᠎ᠤ ᠬᠢᠵᠦ ᠪᠠᠢ᠌ᠭ᠎ᠠ ᠠᠵᠢᠯ ᠦᠢ᠍ᠯᠡᠰ ᠪᠣᠯ ᠡᠷᠬᠢᠮ ᠳᠡᠭᠡᠳᠦ ᠶᠤᠮ᠂ ᠡᠷᠡᠭᠦᠯᠵᠢᠯ᠎ᠤᠨ ᠲᠤᠰᠠᠯᠠᠬᠤ ᠪᠠᠭ᠋ᠠᠵᠢ ᠲᠣᠬᠢᠷᠠᠭᠤᠯᠬᠤ ᠠᠵᠢᠯ᠎ᠨᠢ ᠵᠡᠮᠳᠡᠭ ᠬᠥᠮᠥᠨ᠎ᠳᠤ ᠰᠢᠭᠤᠳ ᠦᠢ᠍ᠯᠡᠴᠢᠯᠡᠵᠤ ᠪᠠᠢ᠌ᠭ᠎ᠠ ᠪᠤᠯᠬᠤᠷ 〈ᠠᠷᠠᠳ᠎ᠤᠨ ᠶᠠᠪᠤᠳᠠᠯ ᠠᠷᠠᠳ᠎ᠤᠨ ᠲᠥᠯᠥᠭᠡ ᠬᠢᠬᠦ᠂ ᠠᠷᠠᠳ᠎ᠤᠨ ᠶᠠᠪᠤᠳᠠᠯ᠎ᠢ ᠠᠷᠠᠳ ᠵᠶ᠋ᠠᠨ ᠬᠠᠢ᠌ᠷᠠᠯᠠᠬᠤ》 ᠠᠵᠢᠯ᠎ᠤᠨ ᠣᠢ᠌ᠯᠠᠭ᠋ᠠᠭᠳᠠᠬᠤᠨ᠎ᠢ ᠦᠢ᠍ᠯᠡᠳᠦᠯᠭᠡᠵᠢᠭᠦᠯᠵᠦ᠂ ᠨᠡᠶ᠋ᠢᠲᠡ ᠵᠢᠨ ᠠᠰᠠᠷᠠᠮᠵᠢ᠎ᠪᠠᠷ ᠦᠨᠳᠦᠰᠦ ᠪᠣᠯᠭ᠋ᠠᠬᠤ᠂ ᠨᠡᠢ᠌ᠭᠡᠮ᠎ᠳᠤ ᠦᠢ᠍ᠯᠡᠴᠢᠯᠡᠬᠦ ᠵᠢ ᠪᠠᠷᠢᠮᠲᠠᠯᠠᠵᠤ᠂ ᠨᠡᠩ ᠤᠯᠠᠨ ᠨᠡᠩ ᠰᠠᠢ᠌ᠨ ᠦᠢ᠍ᠯᠡᠳᠬᠦᠨ ᠪᠠ ᠦᠢ᠍ᠯᠡᠴᠢᠯᠡᠭᠡ ᠵᠢ ᠴᠢᠷᠮᠠᠢ᠌ᠨ ᠡᠭᠦᠳᠴᠦ᠂ ᠬᠦᠴᠢᠷᠳᠡᠯᠲᠡᠢ ᠤᠯᠠᠨ ᠲᠦᠮᠡᠨ᠎ᠢ ᠪᠡᠶᠡᠴᠢᠯᠡᠨ ᠣᠢ᠌ᠯᠠᠭ᠋ᠠᠬᠤ ᠪᠠ ᠵᠢᠷᠭ᠋ᠠᠯᠲᠤ ᠲᠥᠷᠥᠭᠳᠡᠯ᠎ᠲᠠᠢ ᠪᠣᠯᠭ᠋ᠠᠬᠤ ᠬᠡᠷᠡᠭᠲᠡᠢ᠃ ᠠᠶᠤᠯ ᠦᠬᠡᠢ ᠵᠢᠨ ᠬᠥᠪᠴᠢ ᠵᠢ ᠴᠠᠭ ᠢᠮᠠᠭᠲᠠ ᠴᠢᠩᠭ᠋ᠠᠷᠠᠭᠤᠯᠵᠤ᠂ ᠠᠵᠢᠯᠲᠠᠨ ᠠᠵᠢᠯᠴᠢᠨ᠎ᠤ ᠭᠠᠯ ᠤᠨᠲᠠᠷᠠᠭ᠋ᠠᠬᠤ ᠲᠥᠬᠦᠭᠡᠷᠦᠮᠵᠢ ᠵᠢᠨ ᠲᠤᠬᠠᠢ ᠪᠣᠳᠠᠲᠠᠢ ᠪᠣᠯᠪᠠᠰᠤᠷᠠᠯ᠎ᠢ ᠴᠢᠩᠭ᠋ᠠᠳᠬᠠᠵᠤ᠂ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ 〈ᠡᠬᠦᠳᠡᠴᠢ〉 ᠪᠣᠯᠬᠤ ᠬᠡᠷᠡᠭᠲᠡᠢ》 ᠬᠡᠵᠡᠢ᠃
    ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠳᠡᠳ᠋ ᠳᠠᠷᠤᠭ᠎ᠠ ᠴᠧᠩ ᠬᠣᠩ ᠯᠢᠶᠠᠩ ᠪᠠᠰᠨ ᠥᠪᠥᠷ ᠮᠣᠩᠭᠣᠯ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠪᠠ ᠨᠠᠰᠤᠵᠢᠯ᠎ᠳᠤ ᠲᠣᠬᠢᠷᠠᠬᠤ ᠪᠦᠲᠦᠭᠡᠭᠳᠡᠬᠦᠨ᠎ᠤ ᠦᠵᠡᠭᠦᠯᠦᠯᠭᠡ ᠵᠢᠨ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠲᠥᠪ᠂ ᠬᠥᠬᠡᠬᠣᠲᠠ ᠵᠢᠨ ᠬᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠯᠲᠠ ᠵᠢᠨ ᠵᠢᠱ᠌ᠢᠶ᠎ᠡ ᠦᠵᠡᠭᠦᠯᠬᠦ ᠲᠥᠪ᠎ᠲᠤ ᠬᠦᠷᠴᠦ᠂ ᠡᠯ᠎ᠡ ᠲᠥᠷᠥᠯ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠪᠠ ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ ᠵᠢ ᠨᠠᠷᠢᠨ ᠤᠢ᠌ᠯᠠᠭ᠋ᠠᠬᠰᠠᠨ᠎ᠤ ᠲᠠᠷᠠᠭ᠎ᠠ᠄  《ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢ ᠨᠠᠰᠤᠵᠢᠯ᠎ᠤᠨ ᠠᠰᠠᠷᠠᠮᠵᠢ᠂ ᠵᠡᠮᠳᠡᠭᠴᠦᠳ᠎ᠲᠤ ᠲᠤᠰᠠᠯᠠᠬᠤ᠂ ᠡᠮ ᠡᠮᠨᠡᠯᠭᠡ᠂ ᠡᠷᠡᠭᠦᠯ ᠮᠡᠨᠳᠤ ᠵᠡᠷᠭᠡ ᠬᠦᠷᠢᠶ᠎ᠡ ᠴᠠᠷᠠᠭ᠎ᠠ᠎ᠲᠠᠢ ᠭᠦᠨᠵᠡᠭᠡᠢ  ᠠᠭᠤᠰᠤᠯᠴᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠠᠵᠤ ᠦᠢ᠍ᠯᠡᠰ ᠪᠣᠯᠣᠨ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦ ᠨᠡᠮᠡᠷᠢᠯᠡᠬᠦ ᠵᠢᠨ ᠬᠠᠮᠲᠤ ᠭᠠᠯ᠎ᠤᠨ ᠠᠶᠤᠯ᠎ᠢ ᠰᠡᠷᠬᠡᠢ᠌ᠯᠡᠬᠦ᠂ ᠴᠠᠬᠢᠯᠭ᠋ᠠᠨ᠎ᠤ ᠤᠳᠠᠰᠤ ᠵᠢ ᠰᠠᠢ᠌ᠳᠤᠷ ᠪᠠᠢ᠌ᠴᠠᠭ᠋ᠠᠬᠤ ᠵᠡᠷᠭᠡ ᠡᠯ᠎ᠡ ᠵᠦᠢ᠍ᠯ ᠎ᠤᠨ ᠠᠵᠢᠯ᠎ᠢ ᠰᠠᠢ᠌ᠲᠤᠷ ᠬᠢᠵᠦ᠂  ᠬᠦᠮᠦᠨ ᠬᠠᠷ᠎ᠠ᠂ ᠲᠠᠯᠠᠪᠤᠷ᠂ ᠲᠦᠬᠦᠬᠡᠷᠤᠮᠵᠢ ᠵᠢᠨ ᠠᠶᠤᠯ ᠦᠬᠡᠢ ᠵᠢᠨ ᠰᠠᠭᠤᠷᠢ ᠵᠢ ᠪᠠᠲᠤ ᠰᠠᠭᠤᠷᠢ ᠲᠠᠯᠪᠢᠬᠤ ᠬᠡᠷᠡᠭᠲᠡᠢ》 ᠬᠡᠯ᠎ᠡ᠃

 

 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠂ ᠬᠠᠷᠠᠮᠦ᠋ᠷᠡᠨ᠎ᠤ ᠵᠠᠭ᠋ᠠᠭ᠎ᠤᠨ ᠲᠠᠪᠤᠳᠤᠭ᠋ᠠᠷ ᠡᠭᠡᠯᠵᠢ ᠵᠢᠨ ᠬᠠᠮᠲᠤᠷᠠᠭᠰᠠᠨ ᠪᠠᠢ᠌ᠴᠠᠭ᠋ᠠᠯᠲᠠ ᠵᠢᠨ ᠳ᠋ᠦᠩᠨᠡᠯᠲᠡ ᠵᠢᠨ ᠬᠤᠷᠠᠯ ᠬᠢᠩᠭ᠋ᠠᠨ ᠠᠢ᠌ᠮᠠᠭ᠎ᠲᠤ ᠬᠤᠷᠠᠯᠳᠤᠪᠠ
《ᠥᠪᠥᠷ ᠮᠣᠩᠭᠣᠯ᠎ᠤᠨ ᠲᠤᠰᠠᠯᠠᠮᠵᠢ ᠵᠢᠨ ᠰᠤᠪᠠᠭ》 ᠨᠡᠪᠳᠡᠷᠡᠪᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠦᠪ᠎ᠤᠨ᠎ᠬᠢᠨ ᠰᠢᠨ᠎ᠡ ᠤᠨ᠎ᠢ ᠤᠭᠲᠤᠬᠤ ᠰᠣᠨᠢᠷᠬᠠᠯᠲᠤ ᠤᠷᠤᠯᠳᠤᠭ᠋ᠠᠨ ᠡᠷᠬᠢᠯᠡᠪᠡ
ᠠᠷᠠᠳ᠎ᠤᠨ ᠶᠠᠪᠤᠳᠠᠯ᠎ᠤᠨ ᠶᠠᠮᠤᠨ 29 ᠠᠷᠭ᠎ᠠ᠎ᠪᠠᠷ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠪᠡ
 
            