ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠤᠳᠤᠷᠢᠳᠤᠯᠭ᠎ᠠ ᠤᠯᠠᠭ᠋ᠠᠨᠴᠠᠪ ᠬᠣᠲᠠ᠎ᠳᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠢ ᠪᠠᠢ᠌ᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2024-01-18

    ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠤᠳᠤᠷᠢᠳᠤᠯᠭ᠎ᠠ ᠨᠠᠷ 12 ᠳ᠋ᠤᠭ᠋ᠠᠷ ᠰᠠᠷ᠎ᠠ ᠵᠢᠨ 8᠎ᠤ ᠡᠳᠦᠷ ᠤᠯᠠᠭ᠋ᠠᠨᠴᠠᠪ ᠬᠣᠲᠠ᠎ᠳᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠢ ᠪᠠᠢ᠌ᠴᠠᠭ᠋ᠠᠨ ᠰᠤᠳᠤᠯᠪᠠ᠃
      ᠲᠢᠡᠭᠭᠢᠮ᠎ᠤᠨ ᠤᠳᠤᠷᠢᠳᠤᠯᠭ᠎ᠠ ᠨᠠᠷ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠤᠯᠠᠭ᠎ᠠ ᠥᠷᠲᠡᠭᠡᠨ᠎ᠳᠤ ᠭᠦᠨᠵᠡᠭᠡᠢ᠌ᠷᠡᠨ ᠬᠣᠯᠪᠣᠭᠳᠠᠯ ᠪᠦᠬᠦᠢ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠭᠰᠠᠨ ᠪᠠ ᠠᠵᠢᠯ ᠥᠷᠨᠢᠭᠦᠯᠦᠭᠰᠡᠨ ᠪᠠᠢ᠌ᠳᠠᠯ᠎ᠢ ᠪᠠᠢ᠌ᠴᠠᠭ᠋ᠠᠯ᠎ᠠ᠃ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠵᠢᠨᠢᠩ ᠲᠣᠭᠣᠷᠢᠭ᠎ᠤᠨ ᠴᠢᠤᠸᠠᠨ ᠱᠠᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠲᠤ ᠨᠠᠰᠤᠲᠠᠢ᠌ᠴᠤᠳ᠎ᠤᠨ ᠬᠣᠭᠣᠯᠠ ᠤᠮᠳᠠ᠎ᠳᠤ ᠲᠤᠰᠠᠯᠠᠬᠤ᠂ ᠭᠡᠷ᠎ᠲᠤ᠎ᠨᠢ ᠬᠦᠷᠴᠦ ᠦᠢ᠍ᠯᠡᠴᠢᠯᠡᠬᠦ᠂ ᠦᠢ᠍ᠯᠡᠴᠢᠯᠡᠭᠡᠨ᠎ᠤ ᠲᠤᠤᠷᠵᠢᠯ ᠪᠠᠢ᠌ᠭᠤᠯᠤᠭᠰᠠᠨ ᠪᠠ ᠮᠡᠳᠡᠭᠡ ᠵᠠᠡᠭᠬᠢᠴᠢᠯᠠᠯᠳᠠ᠂ ᠪᠠᠷᠢᠮᠵᠢᠶᠠᠵᠢᠭᠰᠠᠨ ᠡᠵᠡᠩᠨᠡᠯᠲᠡ ᠵᠢᠨ ᠪᠠᠢ᠌ᠳᠠᠯ᠎ᠢ ᠭᠦᠨᠵᠡᠭᠡᠢ ᠣᠢ᠌ᠯᠠᠭ᠋ᠠᠵᠤ᠂ ᠠᠶᠤᠯ ᠦᠬᠡᠢ ᠦᠢ᠍ᠯᠡᠳᠪᠦᠷᠢᠯᠡᠯ᠎ᠤᠨ ᠠᠵᠢᠯ᠎ᠤᠨ ᠠᠷᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠪᠣᠳᠠᠲᠠᠢ ᠭᠠᠵᠠᠷ᠎ᠲᠤ᠎ᠨᠢ ᠪᠠᠢ᠌ᠴᠠᠭ᠋ᠠᠨ ᠦᠵᠡᠪᠡ᠃ ᠵᠢᠨᠢᠩ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠤᠯᠠᠭ᠎ᠠ ᠥᠷᠲᠡᠭᠡ ᠵᠢᠨ ᠪᠦᠲᠦᠭᠡᠨ ᠪᠠᠢ᠌ᠭᠤᠯᠤᠯᠲᠠ᠂ ᠴᠢᠳᠠᠮᠵᠢ ᠵᠢᠨ ᠲᠣᠬᠢᠷᠠᠭᠤᠯᠤᠯᠲᠠ᠂ ᠡᠵᠡᠩᠨᠡᠯᠲᠡ ᠬᠠᠮᠢᠶᠠᠷᠤᠯᠲᠠ ᠪᠠ ᠨᠠᠰᠤᠲᠠᠢ᠌ᠴᠤᠳ᠎ᠢ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡᠨ᠎ᠤ ᠪᠠᠢ᠌ᠳᠠᠯ᠎ᠢ ᠨᠠᠷᠢᠨ ᠣᠢ᠌ᠯᠠᠭ᠋ᠠᠭᠰᠠᠨ ᠪᠥᠭᠡᠳ ᠤᠯᠠᠭ᠎ᠠ ᠥᠷᠲᠡᠭᠡ ᠵᠢᠨ ᠡᠵᠡᠩᠨᠡᠯᠲᠡ ᠵᠢᠨ ᠵᠠᠭᠪᠤᠷ᠎ᠢ ᠨᠤᠲᠠᠯᠠᠪᠠ᠃
     ᠲᠢᠡᠭᠭᠢᠮ᠎ᠤᠨ ᠤᠳᠤᠷᠢᠳᠤᠯᠭ᠎ᠠ᠄ 《ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ (ᠥᠷᠲᠡᠭᠡ)᠎ᠤᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠣᠯᠠᠨ ᠶᠠᠩᠵᠤ ᠵᠢᠨ ᠦᠢ᠍ᠯᠡᠴᠢᠯᠡᠭᠡᠨ᠎ᠤ ᠴᠢᠳᠠᠮᠵᠢ ᠵᠢ ᠥᠷᠭᠡᠳᠬᠡᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠠᠴᠠ ᠦᠷᠳᠡᠬᠡ᠂ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠢ ᠬᠤᠯᠪᠤᠬᠰᠠᠨ ᠲᠤᠤᠷᠵᠢᠯ᠎ᠢ ᠪᠠᠢ᠌ᠭᠤᠯᠬᠤ ᠬᠡᠷᠡᠭᠳᠡᠢ᠃ ᠨᠠᠰᠤᠲᠠᠢ᠌ᠴᠤᠳ᠎ᠤᠨ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡᠨ᠎ᠤ  ᠲᠠᠭ᠋ᠠᠭ᠋ᠠᠮᠠᠭ᠋ᠠᠢ ᠡᠵᠡᠡᠭᠨᠡᠯᠳᠡ ᠵᠢᠨ ᠵᠠᠭᠪᠤᠷ᠎ᠢ ᠢᠳᠡᠪᠬᠢᠲᠡᠢ ᠰᠦᠪᠡᠭᠴᠢᠯᠡᠵᠦ᠂ 《ᠠᠳᠠᠯ ᠠᠬᠤᠢ + ᠨᠠᠰᠤᠵᠢᠯ᠎ᠤᠨ ᠠᠰᠠᠷᠠᠮᠵᠢ》 ᠬᠡᠮᠡᠬᠦ ᠬᠣᠭᠣᠯᠠ ᠤᠮᠳᠠ᠎ᠳᠤ ᠲᠤᠰᠠᠯᠠᠬᠤ ᠵᠠᠭᠪᠤᠷ᠎ᠢ ᠬᠥᠭᠵᠢᠭᠦᠯᠦᠨ᠂ ᠤᠨᠴᠠ ᠬᠦᠴᠢᠷᠳᠡᠯᠲᠡᠢ ᠨᠠᠰᠤᠲᠠᠢ᠌ᠴᠤᠳ᠎ᠤᠨ ᠬᠣᠭᠣᠯᠠ ᠤᠮᠳᠠ᠎ᠳᠤ ᠲᠥᠷᠥᠯ ᠬᠤᠪᠢᠶᠠᠨ ᠨᠥᠬᠥᠪᠦᠷᠢ ᠥᠭᠬᠦ ᠠᠵᠢᠯ᠎ᠢ ᠰᠠᠢ᠌ᠲᠤᠷ ᠬᠢᠵᠦ᠂ ᠨᠠᠰᠤᠲᠠᠢ᠌ᠴᠤᠳ᠎ᠤᠨ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡᠨ ᠵᠶ᠋ᠡᠷ 《ᠬᠣᠳᠣᠭᠣᠳᠤ ᠵᠢ᠎ᠨᠢ ᠪᠠᠶᠠᠰᠬᠠᠬᠤ》 《ᠰᠡᠳᠬᠢᠯ᠎ᠢ᠎ᠨᠢ ᠳᠤᠯᠠᠭ᠋ᠠᠴᠠᠭᠤᠯᠵᠤ》᠂ ᠨᠠᠰᠤᠲᠠᠢ᠌ᠴᠤᠳ᠎ᠤᠨ ᠥᠪᠡᠷᠮᠢᠴᠡ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠬᠤ ᠬᠡᠷᠡᠭᠲᠡᠢ᠃ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠭᠤᠯᠭ᠎ᠠ ᠵᠢ ᠢᠳᠡᠪᠬᠢᠲᠡᠢ᠎ᠪᠠᠷ ᠥᠷᠭᠡᠳᠬᠡᠨ᠂ ᠤᠯᠠᠭ᠎ᠠ ᠥᠷᠲᠡᠭᠡ ᠵᠢᠨ ᠦᠢ᠍ᠯᠡᠴᠢᠯᠡᠭᠡᠨ᠎ᠤ ᠵᠠᠭᠪᠤᠷ᠎ᠢ ᠳ᠋ᠦᠩᠨᠡᠨ ᠳᠡᠯᠭᠡᠷᠡᠭᠦᠯᠵᠦ᠂ ᠪᠠᠢ᠌ᠭᠤᠯᠤᠮᠵᠢ ᠵᠢᠨ ᠦᠢ᠍ᠯᠡᠴᠢᠯᠡᠭᠡ ᠵᠢ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠲᠤ ᠬᠦᠷᠲᠡᠯ᠎ᠡ ᠤᠷᠲᠤᠳᠬᠠᠬᠤ ᠵᠢ ᠵᠣᠷᠢᠭᠵᠢᠭᠤᠯᠤᠨ᠂ ᠭᠡᠷ᠎ᠲᠤ᠎ᠨᠢ ᠬᠦᠷᠴᠦ ᠦᠢ᠍ᠯᠡᠴᠢᠯᠡᠬᠦ ᠪᠠ ᠡᠮᠴᠢᠯᠡᠭᠡ ᠰᠤᠪᠢᠯᠠᠯᠲᠠ ᠵᠢ ᠤᠶᠠᠯᠳᠤᠭᠤᠯᠤᠭᠰᠠᠨ ᠲᠤᠰᠬᠠᠢ ᠮᠡᠷᠭᠡᠵᠢᠯ᠎ᠤᠨ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡᠨ᠎ᠤ ᠠᠭᠤᠯᠭ᠎ᠠ ᠵᠢ ᠪᠠᠶᠠᠯᠢᠭᠵᠢᠭᠤᠯᠵᠤ᠂ ᠨᠠᠩ ᠪᠦᠷᠢᠨ ᠲᠡᠭᠦᠯᠳᠡᠷ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠤᠤᠷᠵᠢᠯ᠎ᠢ ᠡᠬᠦᠳᠤᠨ᠂ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠰᠠᠢ᠌ᠲᠤᠷ ᠰᠠᠬᠢᠵᠤ᠂ ᠠᠶᠤᠯ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠪᠠᠳᠤᠳᠬᠠᠨ᠂ ᠴᠠᠭ ᠢᠮᠠᠬᠳᠠ ᠰᠡᠳᠬᠢᠯ ᠲᠠᠯᠪᠢᠬᠤ ᠬᠠᠷᠢᠭᠤᠴᠠᠯᠭ᠋ᠠᠲᠤ ᠰᠡᠳᠬᠢᠯᠭᠡ ᠪᠣᠯᠣᠨ ᠲᠤᠯᠭ᠋ᠠᠮ ᠰᠡᠳᠬᠢᠯᠭᠡ᠎ᠪᠠᠷ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠠᠶᠤᠯ ᠦᠬᠡᠢ ᠵᠢᠨ ᠬᠠᠮᠢᠶᠠᠷᠤᠯᠲᠠ ᠵᠢᠨ ᠠᠵᠢᠯ᠎ᠢ ᠰᠠᠢ᠌ᠲᠤᠷ ᠬᠢᠵᠦ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠠᠷᠠᠳ᠎ᠤᠨ ᠶᠠᠪᠤᠳᠠᠯ᠎ᠤᠨ᠎ᠬᠢᠨ᠎ᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ》 ᠬᠡᠪᠡ᠃
    ᠤᠯᠠᠭ᠋ᠠᠨᠴᠠᠪ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠨᠥᠬᠥᠳ ᠬᠠᠮᠳᠤ ᠪᠠᠢ᠌ᠴᠠᠭ᠋ᠠᠨ ᠰᠤᠳᠤᠯᠵᠠᠢ᠃
 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠲᠢᠩᠬᠢᠮ᠎ᠤᠨ ᠳᠡᠳ᠋ ᠳᠠᠷᠤᠭ᠎ᠠ ᠴᠧᠩ ᠬᠣᠩ ᠯᠢᠶᠠᠩ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠲᠤ ᠪᠠᠢ᠌ᠴᠠᠭ᠋ᠠᠨ ᠰᠤᠳᠤᠯᠪᠠ
ᠥᠪᠥᠷ ᠮᠣᠩᠭᠣᠯ᠂ ᠬᠠᠷᠠᠮᠦ᠋ᠷᠡᠨ᠎ᠤ ᠵᠠᠭ᠋ᠠᠭ᠎ᠤᠨ ᠲᠠᠪᠤᠳᠤᠭ᠋ᠠᠷ ᠡᠭᠡᠯᠵᠢ ᠵᠢᠨ ᠬᠠᠮᠲᠤᠷᠠᠭᠰᠠᠨ ᠪᠠᠢ᠌ᠴᠠᠭ᠋ᠠᠯᠲᠠ ᠵᠢᠨ ᠳ᠋ᠦᠩᠨᠡᠯᠲᠡ ᠵᠢᠨ ᠬᠤᠷᠠᠯ ᠬᠢᠩᠭ᠋ᠠᠨ ᠠᠢ᠌ᠮᠠᠭ᠎ᠲᠤ ᠬᠤᠷᠠᠯᠳᠤᠪᠠ
《ᠥᠪᠥᠷ ᠮᠣᠩᠭᠣᠯ᠎ᠤᠨ ᠲᠤᠰᠠᠯᠠᠮᠵᠢ ᠵᠢᠨ ᠰᠤᠪᠠᠭ》 ᠨᠡᠪᠳᠡᠷᠡᠪᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠦᠪ᠎ᠤᠨ᠎ᠬᠢᠨ ᠰᠢᠨ᠎ᠡ ᠤᠨ᠎ᠢ ᠤᠭᠲᠤᠬᠤ ᠰᠣᠨᠢᠷᠬᠠᠯᠲᠤ ᠤᠷᠤᠯᠳᠤᠭ᠋ᠠᠨ ᠡᠷᠬᠢᠯᠡᠪᠡ
ᠠᠷᠠᠳ᠎ᠤᠨ ᠶᠠᠪᠤᠳᠠᠯ᠎ᠤᠨ ᠶᠠᠮᠤᠨ 29 ᠠᠷᠭ᠎ᠠ᠎ᠪᠠᠷ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠪᠡ
 
            