ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠦᠪ᠎ᠤᠨ᠎ᠬᠢᠨ ᠰᠢᠨ᠎ᠡ ᠤᠨ᠎ᠢ ᠤᠭᠲᠤᠬᠤ ᠰᠣᠨᠢᠷᠬᠠᠯᠲᠤ ᠤᠷᠤᠯᠳᠤᠭ᠋ᠠᠨ ᠡᠷᠬᠢᠯᠡᠪᠡ
ᠨᠡᠶᠢᠲᠡᠯᠡᠭᠰᠡᠨ ᠴᠠᠭ᠄ 2024-01-17

     12 ᠳ᠋ᠤᠭ᠋ᠠᠷ ᠰᠠᠷ᠎ᠠ ᠵᠢᠨ 27᠎ᠤ ᠦᠳᠡ ᠵᠢᠨ ᠡᠮᠦᠨ᠎ᠡ ᠤᠷᠤᠯᠳᠤᠭ᠋ᠠᠨ᠎ᠤ ᠲᠠᠯᠠᠪᠠᠢ᠎ᠳᠤ 《ᠴᠢᠷᠮᠠᠢ》 《ᠯᠠᠪᠳᠠᠭᠤᠨ ᠤᠷᠤ》 ᠭᠡᠵᠤ ᠬᠦᠴᠤ ᠨᠡᠮᠡᠵᠤ᠂ ᠤᠷᠢᠶ᠎ᠠ ᠬᠠᠰᠬᠢᠷᠬᠤ ᠲᠠᠭᠤᠨ ᠴᠤᠤᠷᠢᠶᠠᠳᠤᠵᠤ ᠪᠠᠢ᠌ᠯ᠎ᠠ᠃
     ᠬᠡᠢ᠌ᠮᠤᠷᠢ ᠮᠠᠨᠳᠤᠬᠰᠠᠨ ᠬᠠᠭᠤᠴᠢᠨ ᠤᠨ ᠵᠶ᠋ᠡᠨ ᠦᠳᠡᠵᠦ᠂ ᠬᠡᠰᠢᠭ ᠲᠠᠯᠠᠯᠤᠬᠰᠠᠨ ᠰᠢᠨ᠎ᠡ ᠤᠨ ᠵᠶ᠋ᠡᠨ ᠤᠭᠲᠤᠬᠤ ᠲᠠᠰᠢᠷᠠᠮ ᠵᠶ᠋ᠡᠷ ᠺᠠᠳ᠋ᠷ ᠠᠵᠢᠯᠲᠠᠨ᠎ᠤ ᠣᠶᠤᠨ᠎ᠤ ᠠᠮᠢᠳᠤᠷᠠᠯ᠎ᠢ ᠪᠠᠶᠠᠯᠢᠬ᠍ᠵᠢᠭᠤᠯᠵᠤ᠂ ᠺᠠᠳ᠋ᠷ ᠠᠵᠢᠯᠲᠠᠨ ᠠᠵᠢᠯᠴᠢᠨ᠎ᠤ ᠨᠢᠭᠲᠠᠷᠠᠯ ᠪᠦᠯᠬᠦᠮᠳᠡᠯ᠎ᠢ ᠴᠢᠡᠭᠭ᠋ᠠᠳᠬᠠᠬᠤ ᠵᠢᠨ ᠲᠦᠯᠤᠬᠡ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ᠎ᠲᠤ ᠰᠢᠨ᠎ᠡ ᠵᠢᠯ᠎ᠢ ᠤᠭᠲᠤᠬᠤ ᠠᠵᠢᠯᠲᠠᠨ ᠠᠵᠢᠯᠴᠢᠨ᠎ᠤ ᠰᠤᠨᠢᠷᠬᠠᠯᠳᠤ ᠤᠷᠤᠯᠳᠤᠭ᠋ᠠᠨ ᠡᠷᠬᠢᠯᠡᠵᠤ᠂ 40 ᠭᠠᠷᠤᠢ ᠤᠷᠤᠯᠴᠠᠬ᠍ᠴᠢ 《ᠡᠰᠡᠷᠬᠦᠴᠡᠰᠢ ᠦᠬᠡᠢ ᠪᠠᠭ》 《ᠪᠦᠷᠢᠨ ᠴᠢᠳᠠᠪᠤᠷᠢᠳᠤ ᠪᠠᠭ》 《ᠲᠠᠮᠢᠷᠯᠢᠭ ᠪᠠᠭ》 ᠵᠡᠷᠬᠡ ᠵᠢᠷᠭᠤᠭ᠋ᠠᠨ ᠪᠠᠭ ᠬᠤᠪᠢᠶᠠᠵᠤ᠂ ᠰᠤᠨᠢᠷᠬᠠᠯᠳᠤ ᠤᠷᠤᠯᠳᠤᠭ᠋ᠠᠨ᠎ᠳᠤ ᠤᠷᠤᠯᠴᠠᠨ ᠬᠦᠴᠤ ᠤᠬᠠᠭ᠋ᠠᠨ ᠵᠶ᠋ᠡᠨ ᠰᠤᠷᠢᠵᠤ᠂ ᠪᠡᠶ᠎ᠡ ᠮᠠᠬᠠᠪᠤᠳ ᠵᠶ᠋ᠡᠨ ᠴᠢᠬᠢᠷᠠᠬ᠍ᠵᠢᠭᠤᠯᠤᠬᠰᠠᠨ ᠪᠠᠢ᠌ᠨ᠎ᠠ᠃
    《ᠬᠠᠭᠤᠷᠠᠢ ᠲᠡᠬᠡᠷ᠎ᠡ ᠬᠦᠷᠯᠢᠡᠭ ᠲᠤᠬᠯᠠᠬᠤ》 《ᠦᠡᠭᠭᠡᠳᠤ ᠪᠦᠮᠪᠦᠬᠡ᠎ᠪᠠᠷ ᠠᠵᠨ᠎ᠪᠠᠨ ᠰᠤᠷᠢᠬᠤ》 ᠵᠡᠷᠬᠡ ᠬᠠᠮᠳᠤ ᠵᠢᠨ ᠤᠷᠤᠯᠳᠤᠭ᠋ᠠᠨ᠂ 《ᠲᠠᠪᠠᠭ ᠨᠢᠰᠬᠡᠬᠦ》 《ᠭᠤᠯᠸᠹ ᠪᠦᠮᠪᠦᠬᠡ ᠬᠠᠶᠠᠬᠤ》 ᠵᠡᠷᠬᠡ ᠬᠤᠪᠢ ᠬᠦᠮᠦᠨ᠎ᠤ ᠤᠷᠤᠯᠳᠤᠭ᠋ᠠᠨ᠎ᠢ  ᠶᠠᠪᠤᠬᠳᠠᠭᠤᠯᠵᠠᠢ᠃ ᠬᠦᠮᠦᠰ ᠤᠷᠤᠯᠳᠤᠭ᠋ᠠᠨ᠎ᠳᠤ ᠤᠷ᠎ᠠ ᠤᠬᠠᠭ᠋ᠠᠨ ᠵᠶ᠋ᠡᠨ ᠰᠢᠪᠬᠠᠨ ᠢᠳᠡᠪᠬᠢᠳᠡᠢ ᠤᠷᠤᠯᠴᠠᠵᠤ ᠠᠯᠠᠭ᠎ᠠ ᠲᠠᠰᠢᠯᠳᠠ᠂ ᠤᠷᠢᠶ᠎ᠠ ᠬᠠᠰᠬᠢᠷᠬᠤ ᠲᠠᠭᠤᠨ ᠨᠢᠵᠢᠬᠢᠨᠡᠵᠤ᠂ ᠢᠨᠢᠶᠡᠳᠤ ᠪᠠᠶᠠᠷ᠎ᠤᠨ ᠲᠠᠭᠤ ᠴᠠᠯᠬᠢᠯᠠᠵᠤ ᠪᠠᠢ᠌ᠯ᠎ᠠ᠃ ᠡᠢ᠌ᠨ ᠬᠦ᠌ ᠬᠤᠶᠠᠷ ᠴᠠᠭ ᠭᠠᠷᠤᠢ ᠰᠢᠷᠤᠬᠦᠨ  ᠦᠷᠢᠰᠤᠯᠳᠦᠭᠰᠡᠨ᠎ᠤ ᠳ᠋ᠦᠡᠭ᠎ᠳᠤ ᠬᠠᠮᠳᠤ ᠪᠠ ᠬᠤᠪᠢ ᠬᠦᠮᠦᠨ᠎ᠤ ᠤᠷᠤᠯᠳᠤᠭ᠋ᠠᠨ᠎ᠤ ᠨᠢᠬᠡ᠂ ᠬᠤᠶᠠᠳᠤᠭ᠋ᠠᠷ᠂ ᠭᠤᠷᠪᠠᠳᠤᠭ᠋ᠠᠷ ᠲᠡᠰ᠎ᠤᠨ ᠱᠠᠡᠭᠨᠠᠯᠳᠠᠳ ᠰᠢᠯᠭ᠋ᠠᠷᠠᠵᠠᠢ᠃
     ᠤᠷᠤᠯᠳᠤᠭ᠋ᠠᠨ᠎ᠳᠤ ᠤᠷᠤᠯᠴᠠᠬᠰᠠᠳ᠄ 《ᠲᠤᠰ ᠤᠷᠤᠯᠳᠤᠭ᠋ᠠᠨ ᠪᠡᠶ᠎ᠡ ᠰᠡᠳᠬᠢᠯ᠎ᠤᠨ ᠲᠠᠷᠤᠭ᠋ᠠᠰᠤ ᠵᠢ ᠬᠦᠡᠭᠭᠡᠷᠡᠬᠦᠯᠦᠭᠰᠡᠨ ᠵᠶ᠋ᠡᠷ ᠪᠠᠷᠠᠬᠤ ᠦᠬᠡᠢ ᠪᠠᠶᠠᠷ ᠬᠦᠭᠵᠢᠯᠳᠤ ᠠᠭᠤᠷ ᠠᠮᠢᠰᠬᠤᠯ᠎ᠤᠨ ᠲᠤᠮᠳᠠ ᠪᠦᠯᠬᠦᠮᠳᠡᠯ ᠨᠦᠬᠦᠷᠯᠡᠯ᠎ᠢ ᠵᠤᠵᠠᠭ᠋ᠠᠳᠬᠠᠪᠠ᠂ ᠬᠤᠢ᠌ᠰᠢᠳᠠ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠨᠡᠡᠭ ᠤᠷᠬᠢᠯᠤᠮ᠎ᠠ ᠬᠠᠯᠠᠭᠤᠨ ᠰᠡᠳᠬᠢᠯᠬᠡ᠎ᠪᠠᠷ ᠤᠶᠤᠨ ᠴᠢᠳᠠᠯ᠎ᠪᠠᠨ ᠰᠢᠪᠬᠠᠨ ᠤᠷᠤᠯᠴᠠᠨ᠎ᠠ》 ᠬᠡᠵᠡᠬᠡᠵᠤ ᠪᠠᠢ᠌ᠯ᠎ᠠ᠃
 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠶᠠᠮᠤᠨ 29 ᠠᠷᠭ᠎ᠠ᠎ᠪᠠᠷ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠪᠡ
 
            