ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
《ᠥᠪᠥᠷ ᠮᠣᠩᠭᠣᠯ᠎ᠤᠨ ᠲᠤᠰᠠᠯᠠᠮᠵᠢ ᠵᠢᠨ ᠰᠤᠪᠠᠭ》 ᠨᠡᠪᠳᠡᠷᠡᠪᠡ
ᠨᠡᠶᠢᠲᠡᠯᠡᠭᠰᠡᠨ ᠴᠠᠭ᠄ 2024-01-17

    《ᠥᠪᠥᠷ ᠮᠣᠩᠭᠣᠯ᠎ᠤᠨ ᠲᠤᠰᠠᠯᠠᠮᠵᠢ ᠵᠢᠨ ᠰᠤᠪᠠᠭ》᠎ᠢ ᠨᠡᠪᠳᠡᠷᠡᠬᠦᠯᠬᠦ ᠨᠡᠬᠡᠬᠡᠯᠳᠡ ᠵᠢᠨ ᠶᠤᠰᠤᠯᠠᠯ 12 ᠳ᠋ᠤᠭ᠋ᠠᠷ ᠰᠠᠷ᠎ᠠ ᠵᠢᠨ 8᠎ᠤ ᠡᠳᠦᠷ᠂ ᠤᠯᠠᠭ᠋ᠠᠨᠴᠠᠪ ᠬᠣᠲᠠ᠎ᠳᠤ ᠶᠠᠪᠤᠭᠳᠠᠪᠠ᠃
    ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠲᠤ᠂ ᠠᠷᠠᠳ᠎ᠤᠨ ᠶᠠᠪᠤᠳᠠᠯ᠎ᠤᠨ ᠶᠠᠮᠤᠨ᠎ᠤ ᠣᠷᠣᠯᠭ᠎ᠠ  ᠪᠠᠭ᠎ᠠ ᠭᠡᠷ ᠪᠦᠯᠢ ᠵᠢ ᠮᠠᠭ᠋ᠠᠳᠯᠠᠨ ᠲᠣᠭᠲᠠᠭ᠋ᠠᠬᠤ ᠠᠵᠢᠯ᠎ᠤᠨ ᠵᠢᠯᠤᠭᠣᠳᠬᠤ ᠲᠥᠪ᠎ᠤᠨ ᠡᠷᠬᠢᠯᠡᠭᠴᠢ ᠴᠧᠨ ᠰᠢᠶᠦ᠋ᠨ ᠴᠦᠢ᠂ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠤᠳᠤᠷᠢᠳᠤᠯᠭ᠎ᠠ ᠡᠬᠢᠯᠡᠯᠲᠡ ᠵᠢᠨ ᠶᠣᠰᠣᠯᠠᠯ᠎ᠳᠤ ᠤᠷᠤᠯᠴᠠᠵᠠᠢ᠃
    《ᠥᠪᠥᠷ ᠮᠣᠩᠭᠣᠯ᠎ᠤᠨ ᠲᠤᠰᠠᠯᠠᠮᠵᠢ ᠵᠢᠨ ᠰᠤᠪᠠᠭ》᠎ᠨᠢ ᠠᠷᠠᠳ᠎ᠤᠨ ᠶᠠᠪᠤᠳᠠᠯ᠎ᠤᠨ ᠶᠠᠮᠤᠨ᠎ᠤ ᠣᠷᠣᠯᠭ᠎ᠠ ᠪᠠᠭ᠎ᠠ ᠭᠡᠷ ᠪᠦᠯᠢ ᠵᠢ ᠮᠠᠭ᠋ᠠᠳᠯᠠᠨ ᠲᠣᠭᠲᠠᠭ᠋ᠠᠬᠤ ᠵᠢᠯᠤᠭᠣᠳᠬᠤ ᠲᠥᠪ᠎ᠤᠨ᠎ᠬᠢᠨ᠎ᠤ ᠡᠬᠦᠳᠦᠭᠰᠡᠨ ᠨᠡᠢ᠌ᠭᠡᠮ᠎ᠤᠨ ᠲᠤᠰᠠᠯᠠᠮᠵᠢ ᠭᠤᠶᠤᠴᠢᠯᠠᠬᠤ ᠪᠠ ᠡᠷᠬᠡ ᠣᠯᠭᠣᠨ ᠬᠠᠷᠭᠤᠭᠤᠯᠬᠤ ᠤᠷᠤᠴᠨ ᠪᠤᠯᠤᠬᠰᠠᠨ᠎ᠤ ᠬᠤᠪᠢ᠎ᠳᠤ ᠨᠡᠢ᠌ᠭᠡᠮ᠎ᠤᠨ ᠲᠤᠰᠠᠯᠠᠮᠵᠢ ᠵᠢᠨ ᠶᠡᠷᠦᠩᠬᠡᠢ᠌ᠯᠡᠭᠰᠡᠨ ᠲᠠᠪᠴᠠᠩ᠎ᠢ ᠵᠣᠯᠭ᠋ᠠᠭᠤᠯᠬᠤ᠎ᠪᠠᠷ ᠳᠠᠮᠵᠢᠭᠤᠯᠤᠨ᠂ ᠭᠥᠯᠢᠶᠡᠨ ᠠᠪᠴᠤ ᠰᠢᠢ᠍ᠳᠪᠦᠷᠢᠯᠡᠬᠦ ᠰᠢᠰᠲ᠋ᠧᠮ᠂ ᠨᠡᠢ᠌ᠭᠡᠮ᠎ᠤᠨ ᠲᠤᠰᠠᠯᠠᠮᠵᠢ ᠭᠤᠶᠤᠴᠢᠯᠠᠬᠰᠠᠨ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠬᠠᠷᠭᠤᠭᠤᠯᠤᠨ ᠪᠠᠢ᠌ᠴᠠᠭ᠋ᠠᠬᠤ ᠰᠢᠰᠲ᠋ᠧᠮ᠂ ᠨᠡᠢ᠌ᠭᠡᠮ᠎ᠤᠨ  ᠲᠤᠰᠠᠯᠠᠮᠵᠢ ᠵᠢᠨ ᠰᠢᠰᠲ᠋ᠧᠮ ᠪᠠ ᠨᠡᠢ᠌ᠭᠡᠮ᠎ᠤᠨ ᠲᠤᠰᠠᠯᠠᠮᠵᠢ ᠵᠢᠨ ᠰᠦᠯᠵᠢᠶ᠎ᠡ ᠵᠢ ᠨᠠᠪᠲᠠᠷᠡᠭᠦᠯᠵᠦ᠂ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠤᠨ ᠪᠥᠬᠥ ᠶᠠᠪᠤᠴᠠ ᠵᠢ ᠰᠦᠯᠵᠢᠶᠡᠨ ᠳᠡᠭᠡᠷ᠎ᠡ ᠭᠦᠢ᠍ᠴᠡᠳᠬᠡᠬᠦ ᠪᠤᠯᠭ᠋ᠠᠨ᠎ᠠ᠃
       《ᠥᠪᠥᠷ ᠮᠣᠩᠭᠣᠯ᠎ᠤᠨ ᠲᠤᠰᠠᠯᠠᠮᠵᠢ ᠵᠢᠨ ᠰᠤᠪᠠᠭ》᠎ᠨᠢ ᠬᠠᠷᠭᠤᠭᠤᠯᠵᠤ ᠭᠠᠷ᠎ᠤᠨ ᠦᠰᠦᠭ ᠵᠢᠷᠤᠬᠤ ᠡᠷᠬᠡ ᠣᠯᠭᠣᠭᠰᠠᠨ ᠪᠢᠴᠢᠭ᠂ ᠲᠤᠰᠠᠯᠠᠮᠵᠢ ᠵᠢᠨ ᠨᠠᠷᠢᠨ ᠲᠠᠩᠰᠠ᠂ ᠰᠢᠨ᠎ᠡ ᠭᠤᠶᠤᠴᠢᠯᠠᠯ᠎ᠢ ᠭᠦᠢ᠍ᠴᠡᠳᠬᠡᠬᠦ᠂ ᠭᠤᠶᠤᠴᠢᠯᠠᠯ᠎ᠤᠨ ᠠᠬᠢᠴᠠ ᠵᠢ ᠯᠠᠪᠯᠠᠬᠤ᠂  ᠦᠬᠦᠭᠰᠡᠨ ᠠᠮᠢᠳᠤ ᠵᠢ ᠭᠡᠷᠡᠴᠢᠯᠡᠬᠦ᠂ ᠨᠡᠢ᠌ᠭᠡᠮ᠎ᠤᠨ ᠲᠤᠰᠠᠯᠠᠮᠵᠢ ᠵᠢᠨ ᠮᠡᠳᠡᠭᠡ ᠵᠠᠩᠭᠢ ᠵᠢᠨ ᠺᠠᠷᠲ᠎ᠢ ᠵᠡᠷᠭᠡ 6 ᠴᠢᠳᠠᠮᠵᠢ᠎ᠲᠠᠢ ᠤᠴᠢᠷ᠎ᠠᠴᠠ ᠬᠦᠴᠢᠷᠳᠡᠯᠲᠡᠢ ᠣᠯᠠᠨ ᠲᠦᠮᠡᠨ ᠡᠬᠦᠳᠡᠨ᠎ᠠᠴᠠ᠎ᠪᠠᠨ ᠭᠠᠷᠬᠤ ᠦᠭᠡᠢ᠎ᠪᠠᠷ ᠨᠡᠢ᠌ᠭᠡᠮ᠎ᠤᠨ ᠲᠤᠰᠠᠯᠠᠮᠵᠢ ᠭᠤᠶᠤᠴᠢᠯᠠᠬᠤ᠂ ᠬᠦᠯᠢᠶᠡᠨ ᠠᠪᠬᠤ᠎ᠠᠴᠠ ᠠᠪᠤᠭ᠋ᠠᠳ ᠪᠠᠢ᠌ᠴᠠᠭ᠋ᠠᠬᠤ᠂ ᠬᠠᠷᠭᠤᠭᠤᠯᠵᠤ ᠨᠤᠲᠠᠯᠠᠬᠤ ᠬᠦᠷᠲᠡᠯᠡᠬᠢ ᠪᠥᠬᠥ ᠶᠠᠪᠤᠴᠠ ᠵᠢ ᠴᠥᠮ ᠰᠦᠯᠵᠢᠶᠡᠨ ᠳᠡᠭᠡᠷ᠎ᠡ ᠬᠦᠢ᠍ᠴᠡᠳᠬᠡᠳᠡᠭ ᠵᠶ᠋ᠡᠷ ᠶᠠᠪᠤᠵᠤ ᠰᠠᠭᠤᠬᠤ᠎ᠳᠤ ᠳᠥᠭᠥᠮ ᠦᠭᠡᠢ᠂ ᠵᠠᠮ ᠬᠠᠷᠢᠯᠴᠠᠭ᠎ᠠ ᠲᠦᠬᠦᠮ ᠦᠭᠡᠢ᠂  ᠬᠦᠨᠳᠡᠯᠡᠨ ᠭᠠᠵᠠᠷ ᠪᠠᠢ᠌ᠭ᠎ᠠ᠂ ᠲᠥᠷᠥ ᠵᠢᠨ ᠪᠣᠳᠣᠯᠭ᠎ᠠ ᠵᠢ ᠰᠠᠢ᠌ᠨ ᠮᠡᠳᠡᠬᠦ ᠦᠬᠡᠢ᠂ ᠮᠡᠳᠡᠭᠡ ᠵᠠᠩᠭᠢ ᠨᠡᠪᠲᠡᠷᠡᠬᠦ ᠦᠭᠡᠢ ᠬᠦᠴᠢᠷᠳᠡᠯᠲᠡᠢ ᠣᠯᠠᠨ ᠲᠦᠮᠡᠨ᠎ᠳᠤ ᠳᠥᠲᠡ ᠲᠦᠷᠭᠡᠨ ᠦᠢ᠍ᠯᠡᠴᠢᠯᠡᠭᠡ ᠬᠠᠩᠭ᠋ᠠᠵᠤ᠂ ᠣᠯᠠᠨ ᠲᠦᠮᠡᠨ᠎ᠳᠤ ᠲᠥᠬᠥᠮ ᠦᠵᠡᠭᠦᠯᠬᠦ᠂ ᠬᠠᠮᠢᠶᠠᠷᠤᠯᠳᠠ ᠵᠢ ᠵᠢᠷᠤᠮᠵᠢᠭᠤᠯᠬᠤ ᠪᠠ ᠣᠶᠤᠨᠴᠢ ᠲᠤᠰᠠᠯᠠᠮᠵᠢ ᠵᠢᠨ ᠰᠠᠭᠤᠷᠢ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃
      《ᠥᠪᠥᠷ ᠮᠣᠩᠭᠣᠯ᠎ᠤᠨ ᠲᠤᠰᠠᠯᠠᠮᠵᠢ ᠵᠢᠨ ᠰᠤᠪᠠᠭ》᠎ᠤᠨ 1.0 ᠰᠤᠪᠠᠭ᠎ᠢ ᠨᠢᠭᠡᠨᠲᠡ ᠨᠡᠬᠡᠬᠡᠵᠤ᠂ 《ᠠᠷᠠᠳ᠎ᠤᠨ ᠶᠠᠪᠤᠳᠠᠯ᠎ᠤᠨ ᠲᠤᠰᠠᠯᠠᠮᠵᠢ ᠵᠢᠨ ᠨᠠᠷᠢᠨ ᠲᠠᠩᠰᠠ》 ᠵᠢᠨ ᠴᠢᠳᠠᠮᠵᠢ ᠵᠢ ᠬᠡᠷᠡᠭᠯᠡᠵᠦ ᠡᠬᠢᠯᠡᠬᠡᠳ᠂ ᠠᠷᠠᠳ᠎ᠤᠨ ᠶᠠᠪᠤᠳᠠᠯ᠎ᠤᠨ 14 ᠲᠥᠷᠥᠯ᠎ᠤᠨ ᠨᠥᠬᠥᠪᠦᠷᠢ ᠵᠢ ᠰᠦᠯᠵᠢᠶᠡᠨ᠎ᠳᠤ ᠤᠷᠤᠭᠤᠯᠤᠬᠰᠠᠨ ᠵᠶ᠋ᠡᠷ ᠮᠡᠷᠬᠡᠨ ᠴᠤᠬᠤᠷ᠎ᠢ ᠰᠢᠷᠪᠢᠪᠡᠯ ᠲᠤᠰᠠᠯᠠᠮᠵᠢ ᠵᠢᠨ ᠨᠦᠬᠦᠪᠤᠷᠢ᠂ ᠲᠦᠷᠤ ᠵᠢᠨ ᠪᠤᠳᠤᠯᠭ᠎ᠠ ᠵᠢ ᠪᠠᠷᠢᠨ ᠮᠡᠳᠡᠴᠢᠬᠡᠨ᠎ᠡ᠃ ᠡᠨᠡ ᠪᠤᠯ ᠭᠣᠣᠯ ᠰᠡᠳᠦᠪᠲᠦ ᠬᠥᠮᠦᠵᠢᠯ᠎ᠤᠨ ᠲᠤᠮᠳᠠ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ᠎ᠤ 《ᠣᠯᠠᠨ ᠲᠦᠮᠡᠨ᠎ᠳᠤ ᠪᠣᠳᠠᠲᠠᠢ ᠶᠠᠪᠤᠳᠠᠯ᠂ ᠰᠠᠢ᠌ᠨ ᠶᠠᠪᠤᠳᠠᠯ ᠬᠢᠵᠦ ᠦᠭᠬᠦ》 ᠱᠠᠭ᠋ᠠᠷᠳᠠᠯᠭ᠎ᠠ ᠵᠢ ᠪᠡᠶᠡᠯᠡᠬᠦᠯᠵᠤ ᠪᠠᠢ᠌ᠭ᠎ᠠ ᠠᠵᠢᠯᠯᠠᠭ᠎ᠠ ᠶᠤᠮ᠃
     《ᠥᠪᠥᠷ ᠮᠣᠩᠭᠣᠯ᠎ᠤᠨ ᠲᠤᠰᠠᠯᠠᠮᠵᠢ ᠵᠢᠨ ᠰᠤᠪᠠᠭ》᠎ᠢ ᠳᠡᠯᠭᠡᠷᠡᠭᠦᠯᠦᠨ ᠬᠡᠷᠡᠭᠯᠡᠬᠦ ᠲᠤᠷᠰᠢᠯᠲᠠ ᠵᠢᠨ ᠠᠵᠢᠯ᠎ᠨᠢ ᠬᠦᠴᠢᠷᠳᠡᠯᠲᠡᠢ ᠣᠯᠠᠨ ᠲᠦᠮᠡᠨ᠎ᠳᠤ ᠳᠥᠭᠥᠮ ᠦᠵᠡᠭᠦᠯᠬᠦ ᠪᠠ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠎ᠪᠠᠷ ᠬᠠᠷᠠᠯᠲᠠ ᠪᠣᠯᠭ᠋ᠠᠵᠤ᠂ ᠰᠦᠯᠵᠢᠶᠡᠨ ᠳᠡᠭᠡᠷ᠎ᠡ ᠭᠤᠶᠤᠴᠢᠯᠠᠬᠤ ᠶᠠᠪᠤᠴᠨ ᠵᠢ ᠲᠡᠭᠦᠯᠳᠡᠷᠵᠢᠭᠦᠯᠵᠦ᠂  ᠲᠤᠰᠠᠯᠠᠮᠵᠢ ᠵᠢᠨ ᠡᠬᠢ ᠪᠠᠶᠠᠯᠢᠭ᠎ᠢ  ᠡᠮᠬᠢᠯᠡᠨ᠂ ᠬᠦᠴᠢᠷᠳᠡᠯᠲᠡᠢ ᠣᠯᠠᠨ ᠲᠦᠮᠡᠨ᠎ᠤ ᠣᠯᠠᠨ ᠲᠠᠯ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠬᠠᠩᠭ᠋ᠠᠵᠤ᠂  ᠲᠤᠰᠠᠯᠠᠮᠵᠢ ᠵᠢᠨ ᠦᠢ᠍ᠯᠡᠴᠢᠯᠡᠭᠡᠨ᠎ᠤ ᠬᠦᠴᠦᠨ ᠴᠢᠳᠠᠪᠤᠷᠢ ᠵᠢ ᠢᠯᠡᠳᠲᠡ ᠳᠡᠭᠡᠭᠰᠢᠯᠡᠭᠦᠯᠦᠨ᠂ ᠠᠷᠠᠳ᠎ᠤᠨ ᠵᠣᠪᠠᠨᠢᠯ᠎ᠢ ᠦᠨᠡᠨ ᠬᠦ᠌ ᠰᠢᠢ᠍ᠳᠪᠦᠷᠢᠯᠡᠵᠦ᠂ ᠠᠷᠠᠳ᠎ᠤᠨ ᠠᠮᠢᠳᠤᠷᠠᠯ᠎ᠳᠤ ᠠᠰᠢᠭ ᠬᠦᠷᠳᠡᠬᠡᠨ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠵᠤ᠂ ᠬᠦᠴᠢᠷᠳᠡᠯᠲᠡᠢ ᠣᠯᠠᠨ ᠲᠦᠮᠡᠨ᠎ᠳᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠬᠤᠪᠢᠶᠠᠯᠴᠠᠭᠤᠯᠵᠤ᠂ ᠪᠥᠬᠥ ᠣᠷᠣᠨ᠎ᠤ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠨᠡᠮᠡᠷᠢᠯᠡᠵᠦ᠂ ᠮᠠᠨ᠎ᠤ ᠣᠷᠣᠨ᠎ᠤ ᠠᠷᠠᠳ᠎ᠤᠨ ᠠᠮᠢᠳᠤᠷᠠᠯ᠎ᠤᠨ ᠬᠠᠭᠤᠳᠠᠰᠤᠨ᠎ᠳᠤ ᠰᠢᠨ᠎ᠡ ᠪᠦᠲᠦᠮᠵᠢ ᠨᠡᠮᠡᠷᠢᠯᠡᠬᠦ᠎ᠨᠢ ᠯᠠᠪᠳᠠᠢ᠃


 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠦᠪ᠎ᠤᠨ᠎ᠬᠢᠨ ᠰᠢᠨ᠎ᠡ ᠤᠨ᠎ᠢ ᠤᠭᠲᠤᠬᠤ ᠰᠣᠨᠢᠷᠬᠠᠯᠲᠤ ᠤᠷᠤᠯᠳᠤᠭ᠋ᠠᠨ ᠡᠷᠬᠢᠯᠡᠪᠡ
ᠠᠷᠠᠳ᠎ᠤᠨ ᠶᠠᠪᠤᠳᠠᠯ᠎ᠤᠨ ᠶᠠᠮᠤᠨ 29 ᠠᠷᠭ᠎ᠠ᠎ᠪᠠᠷ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠪᠡ
 
            