ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠠᠵᠢᠯᠯᠠᠬᠤ ᠳᠤᠭᠤᠢ᠌ᠯᠠᠩ ᠎ᠤᠨ᠎ᠬᠢᠨ ᠰᠢᠯᠢ ᠵᠢᠨ ᠭᠣᠣᠯ ᠠᠢ᠌ᠮᠠᠭ᠂ ᠤᠯᠠᠭ᠋ᠠᠨᠴᠠᠪ ᠬᠣᠲᠠ ᠪᠣᠯᠣᠨ ᠬᠥᠬᠡᠬᠣᠲᠠ᠎ᠳᠤ 《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》᠎ᠤᠨ ᠰᠣᠨᠣᠰᠣᠭᠣᠷ ᠲᠠᠭ᠋ᠠᠷᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄ 2024-01-04

   ᠬᠠᠮᠢᠶ᠎ᠠ ᠪᠦᠬᠦᠢ ᠮᠠᠲᠸᠷᠢᠶᠠᠯ᠎ᠤᠨ ᠱᠠᠭ᠋ᠠᠷᠳᠠᠯᠭ᠎ᠠ ᠪᠣᠯᠣᠨ ᠡᠯ᠎ᠡ ᠠᠢ᠌ᠮᠠᠭ ᠬᠣᠲᠠ ᠵᠢᠨ ᠮᠡᠳᠡᠭᠦᠯᠦᠭᠰᠡᠨ ᠰᠣᠨᠣᠰᠣᠭᠣᠷ ᠲᠠᠭ᠋ᠠᠷᠠᠭᠤᠯᠬᠤ ᠬᠡᠷᠡᠭᠴᠡᠭᠡ ᠪᠦᠬᠦᠢ ᠬᠦᠮᠦᠰ᠎ᠤᠨ ᠪᠠᠢ᠌ᠳᠠᠯ ᠎ᠳᠤ ᠦᠨᠳᠦᠰᠦᠯᠡᠨ᠂ 10 ᠳ᠋ᠤᠭ᠋ᠠᠷ ᠰᠠᠷ᠎ᠠ ᠵᠢᠨ 14᠎ᠤ ᠡᠳᠦᠷ᠎ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠰᠣᠨᠣᠰᠣᠭᠣᠷ ᠲᠠᠭ᠋ᠠᠷᠠᠭᠤᠯᠬᠤ  ᠦᠢ᠍ᠯᠡᠴᠢᠯᠡᠭᠡᠨ᠎ᠤ ᠠᠵᠢᠯᠯᠠᠬᠤ ᠳᠤᠭᠤᠢ᠌ᠯᠠᠩ ᠎ᠤᠨ᠎ᠬᠢᠨ ᠰᠢᠯᠢ ᠵᠢᠨ ᠭᠣᠣᠯ ᠠᠢ᠌ᠮᠠᠭ᠂ ᠤᠯᠠᠭ᠋ᠠᠨᠴᠠᠪ ᠬᠣᠲᠠ ᠪᠣᠯᠣᠨ ᠬᠥᠬᠡᠬᠣᠲᠠ᠎ᠳᠤ ᠵᠠᠯᠭ᠋ᠠᠭ᠎ᠠ᠎ᠪᠠᠷ ᠰᠣᠨᠣᠰᠣᠭᠣᠷ ᠲᠠᠭ᠋ᠠᠷᠠᠭᠤᠯᠬᠤ ᠠᠵᠢᠯᠯᠠᠭ᠎ᠠ ᠥᠷᠨᠢᠭᠦᠯᠪᠡ᠃ ᠲᠣᠰ ᠤᠳᠠᠭ᠋ᠠᠨ᠎ᠤ ᠠᠵᠢᠯᠯᠠᠭ᠎ᠠ ᠵᠢᠨ ᠰᠣᠨᠣᠰᠣᠭᠣᠷ ᠲᠠᠭ᠋ᠠᠷᠠᠭᠤᠯᠤᠭᠴᠢ᠎ᠨᠢ ᠪᠣᠯ ᠲᠥᠷᠦᠭᠦᠦ ᠬᠣᠭᠣᠴᠠᠭ᠎ᠠ ᠳᠡᠭᠡᠭᠰᠢ ᠮᠡᠳᠡᠭᠦᠯᠦᠭᠰᠡᠨ 《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》᠎ᠤᠨ ᠳᠡᠮᠵᠢᠬᠦ  ᠴᠢᠬᠤᠯᠠᠲᠠᠢ ᠬᠦᠮᠦᠰ᠎ᠤᠨ ᠨᠦᠬᠦᠴᠡᠯ᠎ᠳᠤ ᠨᠡᠢ᠌ᠴᠡᠭᠰᠡᠳ ᠪᠣᠯᠣᠨ᠎ᠠ᠃ ᠣᠳᠣᠬᠠᠨ᠎ᠳᠤ ᠰᠢᠯᠢ ᠵᠢᠨ ᠭᠣᠣᠯ ᠠᠢ᠌ᠮᠠᠭ᠎ᠤᠨ ᠰᠣᠨᠣᠰᠣᠭᠣᠷ ᠲᠠᠭ᠋ᠠᠷᠠᠭᠤᠯᠬᠤ ᠠᠵᠢᠯ᠎ᠨᠢ ᠨᠢᠭᠡᠨᠲᠡ ᠠᠮᠵᠢᠯᠲᠠ᠎ᠲᠠᠢ ᠪᠡᠶᠡᠯᠡᠭᠳᠡᠯ᠎ᠡ᠃
  ᠰᠣᠨᠣᠰᠣᠭᠣᠷ ᠲᠠᠭ᠋ᠠᠷᠠᠭᠤᠯᠤᠭᠴᠢ ᠵᠢᠨ ᠬᠦᠮᠦᠨ᠎ᠤ ᠲᠣᠭ᠎ᠠ ᠨᠡᠯᠢᠶᠡᠳ ᠣᠯᠠᠨ ᠮᠥᠷᠲᠡᠭᠡᠨ ᠡᠭᠦᠷᠭᠡ ᠬᠥᠨᠳᠥ ᠪᠠᠢ᠌ᠯ᠎ᠠ ᠴᠦ᠍ ᠭᠡᠰᠡᠨ ᠲᠤᠬᠠᠢ ᠵᠢᠨ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠠᠭ᠎ᠠ ᠮᠥᠴᠢᠷ᠎ᠤᠨ ᠬᠠᠷᠢᠭᠤᠴᠠᠯᠭ᠋ᠠᠲᠠᠳ ᠪᠣᠯᠣᠨ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠠᠵᠢᠯᠲᠠᠳ᠎ᠤᠨ ᠢᠳᠡᠪᠬᠢᠲᠠᠢ ᠬᠠᠮᠵᠢᠯᠴᠠᠭ᠎ᠠ᠂ ᠵᠣᠬᠢᠰᠲᠠᠢ ᠳᠣᠬᠢᠷᠠᠭᠤᠯᠭ᠎ᠠ᠎ᠪᠠᠷ ᠪᠦᠬᠦᠢ᠌ᠯᠠ ᠠᠵᠢᠯ᠎ᠤᠨ ᠶᠠᠪᠤᠴᠠ᠎ᠨᠢ ᠲᠥᠷᠭᠡᠨ ᠮᠥᠷᠲᠡᠭᠡᠨ ᠪᠦᠲᠦᠮᠵᠢᠲᠠᠢ᠂ ᠡᠮᠬᠢ ᠲᠢᠭᠯᠢᠮ᠎ᠲᠠᠢ ᠶᠠᠪᠤᠭᠳᠠᠯ᠎ᠠ᠃  ᠲᠤᠬᠠᠢ ᠵᠢᠨ ᠲᠠᠯᠠᠪᠤᠷ᠎ᠲᠤ ᠳᠠᠩᠰᠠᠯᠠᠨ ᠲᠡᠮᠲᠡᠭᠯᠡᠬᠦ ᠭᠠᠵᠠᠷ᠂ ᠰᠣᠨᠣᠰᠬᠣ ᠴᠢᠳᠠᠪᠦᠷᠢ ᠵᠢ ᠪᠠᠢ᠌ᠴᠠᠭ᠋ᠠᠬᠤ  ᠲᠠᠰᠤᠭ᠂ ᠴᠢᠬᠢᠨ᠎ᠤ ᠦᠯᠢᠭᠡᠷ ᠬᠡᠪ ᠦᠢ᠍ᠯᠡᠳᠬᠦ ᠲᠠᠰᠤᠭ᠂ ᠰᠣᠨᠣᠰᠣᠭᠣᠷ ᠲᠠᠭ᠋ᠠᠷᠠᠭᠤᠯᠬᠤ ᠲᠠᠰᠤᠭ᠂ ᠲᠠᠢ᠌ᠯᠪᠦᠷᠢ ᠬᠢᠬᠦ  ᠲᠠᠰᠤᠭ ᠭᠠᠷᠭ᠋ᠠᠵᠤ᠂  ᠲᠤᠬᠠᠢ ᠵᠢᠨ ᠲᠠᠯᠠᠪᠤᠷ᠎ᠤᠨ ᠡᠮᠬᠢ ᠲᠢᠩᠯᠢᠮ᠎ᠢ ᠬᠠᠮᠠᠭ᠋ᠠᠯᠠᠬᠤ ᠲᠤᠰᠬᠠᠢ ᠬᠦᠮᠦᠨ ᠳᠣᠬᠢᠷᠠᠭᠤᠯᠵᠠᠢ᠃ ᠡᠪᠡᠳᠴᠢᠲᠡᠳ᠎ᠢ  ᠨᠣᠮᠸᠷ᠎ᠤᠨ ᠳᠡᠰ ᠳᠠᠷᠠᠭ᠎ᠠ᠎ᠪᠠᠷ ᠳᠠᠩᠰᠠᠯᠠᠨ ᠲᠡᠮᠲᠡᠭᠯᠡᠵᠦ᠂ ᠳᠠᠬᠢᠨ ᠰᠣᠨᠣᠰᠬᠣ ᠴᠢᠳᠠᠪᠦᠷᠢ ᠵᠢᠨ ᠪᠠᠢ᠌ᠴᠠᠭ᠋ᠠᠯᠲᠠ ᠬᠢᠵᠦ᠂ ᠴᠢᠬᠢᠨ᠎ᠤ ᠦᠯᠢᠭᠡᠷ ᠬᠡᠪ ᠠᠪᠬᠤ ᠪᠣᠶᠣ ᠰᠢᠭᠤᠳ ᠰᠣᠨᠣᠰᠣᠭᠣᠷ ᠲᠠᠭ᠋ᠠᠷᠠᠭᠤᠯᠬᠤ ᠶᠠᠪᠤᠴᠠ ᠵᠢ ᠭᠦᠢ᠍ᠴᠡᠳᠭᠡᠭᠰᠡᠨ᠎ᠤ ᠰᠡᠭᠦᠯᠡᠷ ᠲᠤᠰᠬᠠᠢ ᠮᠡᠷᠭᠡᠵᠢᠯᠲᠡᠨ᠎ᠠᠴᠠ ᠰᠣᠨᠣᠰᠣᠭᠣᠷ ᠬᠡᠷᠡᠭᠯᠡᠬᠦ ᠲᠤᠬᠠᠢ ᠠᠩᠬᠠᠷᠬᠤ ᠵᠦᠢ᠍ᠯᠡᠰ᠂ ᠰᠣᠨᠣᠰᠣᠭᠣᠷ᠎ᠢ ᠠᠷᠠᠴᠢᠯᠠᠬᠤ ᠠᠷᠭ᠎ᠠ ᠮᠡᠲᠦ ᠵᠢ ᠮᠡᠳᠡᠭᠳᠡᠳᠡᠭ᠃ ᠰᠣᠨᠣᠰᠬᠣ ᠴᠢᠳᠠᠪᠦᠷᠢ ᠵᠢ ᠪᠠᠢ᠌ᠴᠠᠭ᠋ᠠᠬᠤ ᠲᠠᠰᠤᠭ ᠎ᠤᠨ ᠮᠡᠷᠭᠡᠵᠢᠯᠲᠡᠨ᠎ᠠᠴᠠ ᠡᠪᠡᠳᠴᠢᠲᠡᠨ᠎ᠤ ᠰᠣᠨᠣᠰᠪᠦᠷᠢ ᠵᠢᠨ ᠪᠠᠢ᠌ᠳᠠᠯ᠎ᠳᠤ ᠪᠦᠬᠦ ᠲᠠᠯ᠎ᠠ ᠵᠢᠨ ᠪᠠᠢ᠌ᠴᠠᠭ᠋ᠠᠯᠲᠠ ᠬᠢᠬᠦ ᠵᠢᠨ ᠬᠠᠮᠲᠤ ᠨᠠᠷᠢᠯᠢᠭ ᠲᠡᠮᠲᠡᠭᠯᠡᠵᠦ᠂ ᠳᠠᠬᠢᠨ ᠴᠢᠬᠢᠨ᠎ᠤ ᠦᠯᠢᠭᠡᠷ ᠬᠡᠪ ᠦᠢ᠍ᠯᠡᠳᠬᠦ ᠲᠠᠰᠤᠭ᠎ᠤᠨ ᠮᠡᠷᠭᠡᠵᠢᠯᠲᠡᠨ᠎ᠠᠴᠠ ᠴᠢᠬᠢᠨ᠎ᠤ ᠦᠯᠢᠭᠡᠷ ᠬᠡᠪ᠎ᠢ ᠠᠪᠴᠦ ᠰᠢᠷᠪᠢᠬᠦ᠂ ᠺᠣᠮᠫᠢᠦᠲᠸᠷ ᠵᠶ᠋ᠠᠷ ᠵᠢᠷᠤᠵᠤ ᠲᠥᠯᠥᠪᠯᠡᠬᠦ᠂ 3D ᠵᠶ᠋ᠠᠷ ᠳᠠᠷᠤᠮᠠᠯᠯᠠᠬᠤ᠂ ᠥᠩᠭᠡᠯᠡᠵᠦ ᠥᠷᠥᠬᠦ ᠵᠡᠷᠭᠡ ᠠᠵᠢᠯ᠎ᠢ ᠭᠦᠢ᠍ᠴᠡᠳᠭᠡᠳᠡᠭ᠂ ᠳᠠᠪᠰᠢᠩᠭᠤᠢ ᠮᠡᠷᠭᠡᠵᠢᠯ᠎ᠤᠨ  ᠬᠡᠷᠡᠭᠵᠢᠭᠦᠯᠦᠯᠲᠡ᠎ᠨᠢ ᠦᠢ᠍ᠯᠡᠳᠬᠦᠨ᠎ᠤ ᠶᠠᠪᠤᠴᠠ᠎ᠢ ᠥᠨᠳᠦᠷ ᠪᠠᠷᠢᠮᠵᠢᠶ᠎ᠠ ᠪᠣᠯᠣᠨ ᠠᠵᠢᠯ᠎ᠤᠨ ᠱᠠᠭ᠋ᠠᠷᠳᠠᠯᠭ᠎ᠠ᠎ᠳᠤ ᠨᠡᠢ᠌ᠴᠡᠬᠦ ᠵᠢ ᠪᠠᠲᠤᠯᠠᠵᠤ᠂ ᠦᠢ᠍ᠯᠡᠳᠬᠦᠨ᠎ᠤ ᠨᠢᠭᠡᠲᠦᠮᠡᠯ ᠴᠢᠨᠠᠷ ᠪᠣᠯᠣᠨ ᠶᠠᠰᠤ ᠴᠢᠨᠠᠷ᠎ᠤᠨ ᠳᠣᠭᠲᠠᠪᠦᠷᠢᠲᠤ ᠴᠢᠨᠠᠷ᠎ᠢ ᠳᠡᠭᠡᠭᠰᠢᠯᠡᠭᠦᠯᠪᠡ᠃
   ᠬᠦᠷᠦᠯᠴᠡᠨ ᠢᠷᠡᠭᠰᠡᠨ ᠡᠳᠡᠭᠡᠷ ᠡᠪᠡᠳᠴᠢᠲᠡᠳ᠎ᠤᠨ ᠳᠤᠮᠳᠠ᠂ ᠣᠨᠴᠠ ᠵᠠᠷᠢᠮ ᠲᠥᠷᠥᠯᠬᠢ ᠵᠢᠨ ᠰᠣᠨᠣᠷ ᠮᠠᠭᠤᠲᠠᠢ ᠵᠡᠮᠳᠡᠭᠴᠦᠳ᠎ᠠᠴᠠ ᠭᠠᠳᠠᠨ᠎ᠠ ᠪᠣᠰᠣᠳ᠎ᠨᠢ ᠰᠣᠨᠣᠰᠣᠭᠣᠷ ᠲᠠᠭ᠋ᠠᠷᠠᠭᠤᠯᠤᠭ᠋ᠠᠳ ᠮᠠᠰᠢ ᠰᠠᠢ᠌ᠨ ᠦᠷ᠎ᠡ  ᠪᠦᠲᠦᠮᠵᠢ ᠣᠯᠵᠠᠢ᠃ ᠯᠢ ᠴᠦᠨ ᠶᠸ ᠪᠣᠯ ᠳᠠᠷᠢᠬᠢᠨ᠎ᠤ ᠰᠠ ᠡᠪᠡᠳᠴᠢᠲᠡᠨ ᠪᠠᠢ᠌ᠭ᠎ᠠ  ᠶᠤᠮ᠂  ᠪᠠᠭ᠎ᠠ᠎ᠠᠴᠠ᠎ᠪᠠᠨ ᠰᠣᠨᠣᠰᠬᠣ ᠴᠢᠳᠠᠪᠦᠷᠢ᠎ᠨᠢ ᠠᠨᠠᠢ ᠲᠡᠷᠡ᠎ᠪᠠᠷ  ᠬᠦᠮᠦᠨ᠎ᠤ ᠶᠢᠷᠲᠢᠨᠴᠦ ᠵᠢᠨ 58 ᠵᠢᠯ᠎ᠢ  ᠳᠠᠭ  ᠳᠤᠭᠤᠢ ᠲᠤᠭᠤᠯᠵᠦ ᠢᠷᠡᠯ᠎ᠡ᠃ ᠬᠦᠦ᠎ᠨᠢ ᠬᠠᠷᠢ ᠭᠠᠵᠠᠷ ᠬᠦᠴᠦᠨ᠎ᠤ ᠠᠵᠢᠯ ᠬᠢᠳᠡᠭ ᠤᠴᠢᠷ᠎ᠠᠴᠠ ᠲᠡᠷᠡ ᠡᠪᠦᠭᠡᠨ᠎ᠲᠠᠢ᠎ᠪᠠᠨ ᠬᠣᠶᠠᠭᠤᠯᠠᠬᠠᠨ ᠵᠶ᠋ᠠᠨ ᠲᠣᠭ᠎ᠠ᠎ᠲᠠᠢ ᠬᠡᠳᠦᠨ ᠮᠦ᠍ ᠲᠠᠷᠢᠶ᠎ᠠ᠎ᠪᠠᠨ ᠡᠳ᠋ᠯᠡᠵᠦ ᠠᠮᠢᠳᠤᠷᠠᠯ ᠵᠶ᠋ᠠᠨ ᠠᠷᠭ᠋ᠠᠴᠠᠭ᠋ᠠᠳᠠᠭ ᠪᠠᠢ᠌ᠵᠠᠢ᠂ ᠳᠣᠣᠷ᠎ᠠ ᠣᠷᠣᠯᠭ᠋ᠠᠲᠤ ᠭᠡᠷ ᠪᠦᠯᠢ ᠵᠢᠨ ᠬᠤᠪᠢ᠎ᠳᠤ ᠲᠡᠳᠡᠨ᠎ᠤ᠎ᠬᠢᠨ ᠰᠣᠨᠣᠰᠣᠭᠣᠷ ᠲᠠᠭ᠋ᠠᠷᠠᠭᠤᠯᠬᠤ ᠲᠡᠩᠬᠡᠭᠡ ᠴᠢᠳᠠᠯ ᠪᠠᠢ᠌ᠬᠤ ᠦᠭᠡᠢ ᠭᠠᠷ ᠵᠶ᠋ᠠᠨ ᠨᠤᠬᠤᠯᠠᠵᠤ ᠭᠠᠴᠠᠭᠳᠠᠵᠤ ᠶᠠᠪᠤᠭᠰᠠᠨ᠃ ᠮᠡᠷᠭᠡᠵᠢᠯᠲᠡᠳ᠎ᠠᠴᠠ ᠰᠣᠨᠣᠰᠣᠭᠣᠷ᠎ᠢ ᠵᠡᠭᠦᠯᠭᠡᠮᠡᠭᠴᠡ᠂ ᠠᠩᠬ᠎ᠠ ᠤᠳᠠᠭ᠎ᠠ ᠲᠤᠳᠤ ᠣᠯᠵᠣ ᠰᠣᠨᠣᠰᠤᠭᠰᠠᠨ ᠯᠢ ᠴᠦᠨ ᠶᠸ ᠬᠥᠭᠡᠷᠦᠨ ᠪᠠᠶᠠᠷᠯᠠᠵᠤ᠂ ᠴᠢᠷᠠᠢ᠎ᠳᠤ᠎ᠨᠢ ᠬᠡᠦᠬᠡᠳ ᠰᠢᠦᠬᠡᠨ ᠠᠰᠪᠦᠷ ᠴᠠᠭ᠋ᠠᠪᠦᠷ ᠢᠨᠢᠶᠡᠮᠰᠦᠭᠯᠡᠯ ᠵᠶ᠋ᠠᠷ ᠪᠢᠯᠬᠠᠨ᠎ᠠ᠃ 《ᠭᠤᠷᠪᠠᠳᠤᠭ᠋ᠠᠷ ᠠᠪᠠᠭ᠎ᠠ ᠡᠭᠡᠴᠢ ᠪᠣᠯ ᠳᠠᠷᠢᠬᠢᠨ᠎ᠤ ᠰᠠ ᠡᠪᠡᠳᠴᠢᠨ᠎ᠲᠠᠢ ᠮᠥᠷᠲᠡᠭᠡᠨ ᠪᠠᠭ᠎ᠠ᠎ᠠᠴᠠ᠎ᠪᠠᠨ ᠰᠣᠨᠣᠷ ᠮᠠᠭᠤᠲᠠᠢ ᠶᠤᠮ᠂ ᠴᠢᠩᠭ᠎ᠠ ᠳᠠᠭᠤᠨ ᠵᠶ᠋ᠠᠷ ᠬᠠᠰᠬᠢᠷᠬᠤ ᠦᠭᠡᠢ ᠪᠣᠯ ᠣᠯᠵᠣ ᠰᠣᠨᠣᠰᠳᠠᠭ ᠦᠭᠡᠢ᠂ ᠭᠡᠪᠡᠴᠦ ᠲᠡᠷᠡ ᠮᠠᠰᠢ ᠪᠠᠶᠠᠰᠤᠩᠭᠤᠢ ᠮᠥᠷᠲᠡᠭᠡᠨ ᠳᠡᠰᠪᠦᠷᠢ᠎ᠲᠠᠢ ᠬᠦᠮᠦᠨ᠂ ᠥᠨᠥᠳᠥᠷ ᠲᠡᠭᠦᠨ᠎ᠤ ᠢᠩᠬᠢᠵᠦ ᠪᠠᠶᠠᠷᠯᠠᠵᠤ ᠬᠥᠭᠡᠷᠴᠦ ᠪᠠᠢ᠌ᠭ᠎ᠠ ᠵᠢ ᠦᠵᠡᠭᠡᠳ ᠪᠢ ᠶᠡᠬᠡ ᠰᠡᠳᠬᠢᠯ ᠤᠶᠠᠷᠠᠭᠰᠠᠨ᠃ ᠪᠢᠳᠡᠨ᠎ᠢ ᠢᠩᠬᠢᠵᠦ ᠬᠠᠪᠰᠤᠷᠴᠦ ᠳᠡᠮᠵᠢᠵᠦ ᠪᠠᠢ᠌ᠭ᠎ᠠ᠎ᠳᠤ ᠲᠠᠯᠠᠷᠬᠠᠯ᠎ᠠ》 ᠭᠡᠵᠦ ᠲᠡᠭᠦᠨ᠎ᠲᠠᠢ ᠬᠠᠮᠲᠤ ᠢᠷᠡᠭᠰᠡᠨ ᠠᠴᠢ ᠪᠡᠷᠢ᠎ᠨᠢ ᠬᠡᠯᠡᠵᠦ  ᠪᠠᠢ᠌ᠯ᠎ᠠ᠃
    ᠲᠣᠰ ᠤᠳᠠᠭ᠋ᠠᠨ᠎ᠤ 《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》᠎ᠤᠨ ᠰᠣᠨᠣᠰᠣᠭᠣᠷ ᠲᠠᠭ᠋ᠠᠷᠠᠭᠤᠯᠬᠤ ᠦᠢ᠍ᠯᠡᠴᠢᠯᠡᠭᠡᠨ᠎ᠤ ᠠᠵᠢᠯᠯᠠᠭ᠎ᠠ᠎ᠨᠢ ᠰᠢᠯᠢ ᠵᠢᠨ ᠭᠣᠣᠯ ᠠᠢ᠌ᠮᠠᠭ᠎ᠤᠨ ᠨᠦᠬᠦᠴᠡᠯ᠎ᠳᠤ ᠨᠡᠢ᠌ᠴᠡᠬᠦ 102 ᠡᠪᠡᠳᠴᠢᠲᠡᠨ᠎ᠳᠤ 195 ᠰᠣᠨᠣᠰᠣᠭᠣᠷ ᠲᠠᠭ᠋ᠠᠷᠠᠭᠤᠯᠵᠦ ᠥᠭᠴᠡᠢ᠃

                   

 

ᠢᠷᠡᠯᠲᠡ᠄ ᠦᠪᠦᠷ ᠮᠣᠩᠭᠣᠯ᠎ᠤᠨ 《ᠨᠡᠢ᠌ᠭᠡᠮ 》 ᠰᠡᠳᠬᠦᠯ᠎ᠤᠨ ᠬᠣᠷᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠢ ᠵᠢᠨ ᠨᠡᠢ᠌ᠳᠡᠮ᠎ᠤᠨ ᠪᠠᠢ᠌ᠴᠠᠭ᠋ᠠᠯᠲᠠ ᠵᠢᠨ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠨᠡᠢ᠌ᠳᠡᠮ᠎ᠤᠨ ᠪᠠᠢ᠌ᠴᠠᠭ᠋ᠠᠯᠳᠠ ᠵᠢᠨ ᠠᠵᠢᠯ ᠎ᠤᠨ ᠡᠬᠦᠷᠬᠡ ᠵᠢ ᠰᠠᠢ᠌ᠳᠤᠷ ᠪᠡᠶᠡᠯᠡᠬᠦᠯᠵᠤ ᠪᠠᠢ᠌ᠨ᠎ᠠ
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ ᠲᠦᠷᠦᠭᠦᠸ᠋ ᠭᠤᠷᠪᠠᠨ ᠤᠯᠠᠷᠢᠯ᠎ᠤᠨ ᠭᠣᠣᠯᠳᠠᠯᠭ᠎ᠠ᠎ᠲᠠᠢ ᠠᠵᠢᠯ᠎ᠢ ᠲᠣᠬᠢᠷᠠᠭᠤᠯᠬᠤ ᠬᠤᠷᠠᠯ᠎ᠢ ᠬᠤᠷᠠᠯᠳᠤᠭᠤᠯᠪᠠ
ᠪᠦᠬᠦ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠪᠠ 《ᠬᠥᠳᠡᠭᠡ ᠲᠣᠰᠬᠣᠨ᠎ᠢ ᠠᠯᠳᠠᠷᠰᠢᠭᠤᠯᠬᠤ ᠠᠵᠢᠯᠯᠠᠭ᠎ᠠ》 ᠵᠢ ᠲᠠᠢ᠌ᠯᠪᠤᠷᠢᠯᠠᠬᠤ ᠪᠣᠯᠪᠠᠰᠤᠷᠠᠯ᠎ᠤᠨ ᠠᠩᠭᠢ ᠵᠢ ᠬᠥᠬᠡᠬᠣᠲᠠ᠎ᠳᠤ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠤᠳᠤᠷᠢᠳᠤᠯᠭ᠎ᠠ ᠤᠯᠠᠭ᠋ᠠᠨᠴᠠᠪ ᠬᠣᠲᠠ᠎ᠳᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠢ ᠪᠠᠢ᠌ᠴᠠᠭ᠋ᠠᠨ ᠰᠤᠳᠤᠯᠪᠠ
ᠲᠢᠩᠬᠢᠮ᠎ᠤᠨ ᠳᠡᠳ᠋ ᠳᠠᠷᠤᠭ᠎ᠠ ᠴᠧᠩ ᠬᠣᠩ ᠯᠢᠶᠠᠩ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠲᠤ ᠪᠠᠢ᠌ᠴᠠᠭ᠋ᠠᠨ ᠰᠤᠳᠤᠯᠪᠠ
 
            