ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠣᠢ᠌ᠯᠠᠭ᠋ᠠᠭᠰᠠᠨ ᠵᠶ᠋ᠠᠷ᠂ 2023 ᠣᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 2024 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ᠂ ᠮᠠᠨ᠎ᠤ ᠣᠷᠣᠨ ᠠᠵᠢᠯ ᠠᠯᠳᠠᠭᠰᠠᠳ᠎ᠤᠨ ᠳᠠᠭ᠋ᠠᠳᠬᠠᠯ ᠪᠠ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ᠎ᠤᠨ ᠨᠣᠷᠮ᠎ᠠ ᠵᠢ ᠱᠠᠲᠤᠴᠢ ᠴᠢᠨᠠᠷᠲᠠᠢ᠎ᠪᠠᠷ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠵᠢᠱ᠌ᠢᠯᠲᠡ᠎ᠪᠠᠷ ᠪᠥᠬᠥ ᠣᠷᠣᠨ᠎ᠤ ᠳᠠᠭ᠋ᠠᠳᠬᠠᠯ᠎ᠳᠤ ᠣᠷᠣᠯᠴᠠᠭᠰᠠᠨ ᠪᠠᠢ᠌ᠭᠤᠯᠭ᠎ᠠ ᠨᠢᠭᠡᠴᠢ᠎ᠨᠦᠭᠦᠳ᠎ᠤᠨ ᠰᠦᠢ᠍ᠳᠬᠡᠯ ᠲᠤᠰᠢᠶᠠᠬᠤ ᠳᠠᠷᠤᠭ᠋ᠠᠰᠤ ᠵᠢ 52 ᠳ᠋ᠦᠩᠰᠢᠭᠤᠷ ᠲᠦᠭᠦᠷᠢᠭ ᠣᠷᠴᠢᠮ ᠬᠥᠩᠭᠡᠷᠡᠭᠦᠯᠦᠨ᠎ᠡ᠃
ᠣᠢ᠌ᠯᠠᠭ᠋ᠠᠭᠰᠠᠨ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠣᠢ᠌ᠷ᠎ᠠ᠎ᠳᠤ 《ᠠᠵᠢᠯ ᠠᠯᠳᠠᠭᠰᠠᠳ᠎ᠤᠨ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ᠎ᠤᠨ ᠨᠣᠷᠮ᠎ᠠ ᠵᠢ ᠱᠠᠲᠤᠴᠢ ᠴᠢᠨᠠᠷᠲᠠᠢ᠎ᠪᠠᠷ ᠪᠠᠭᠤᠷᠠᠭᠤᠯᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠠᠵᠢᠯ ᠠᠯᠳᠠᠭᠰᠠᠳ᠎ᠤᠨ ᠳᠠᠭ᠋ᠠᠳᠬᠠᠯ᠎ᠳᠤ ᠶᠡᠷᠦᠩᠬᠡᠢ ᠰᠦᠢ᠍ᠳᠬᠡᠯ᠎ᠤᠨ ᠨᠣᠷᠮ᠎ᠠ ᠵᠢ 1% ᠪᠠᠢ᠌ᠯᠭ᠋ᠠᠬᠤ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠦᠨ᠎ᠡ᠂ ᠡᠭᠦᠨ᠎ᠳᠤ ᠪᠠᠢ᠌ᠭᠤᠯᠭ᠎ᠠ ᠨᠢᠭᠡᠴᠢ ᠵᠢᠨ ᠰᠦᠢ᠍ᠳᠬᠡᠯ᠎ᠤᠨ ᠨᠣᠷᠮ᠎ᠠ 0.5%᠂ ᠬᠤᠪᠢ ᠬᠥᠮᠥᠨ᠎ᠤ ᠰᠦᠢ᠍ᠳᠬᠡᠯ᠎ᠤᠨ ᠨᠣᠷᠮ᠎ᠠ 0.5% ᠪᠣᠯᠣᠨ᠎ᠠ᠃ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ᠎ᠤᠨ ᠨᠣᠷᠮ᠎ᠠ ᠵᠢᠨ ᠨᠠᠢ᠍ᠮᠠᠨ ᠲᠥᠷᠥᠯ᠎ᠤᠨ ᠰᠦᠢ᠍ᠳᠬᠡᠯ᠎ᠤᠨ ᠨᠣᠷᠮ᠎ᠠ ᠵᠢ ᠶᠡᠷᠦᠩᠬᠡᠢ᠎ᠳᠤ᠎ᠨᠢ ᠲᠣᠭᠲᠠᠪᠤᠷᠢᠲᠠᠢ ᠪᠠᠢ᠌ᠯᠭ᠋ᠠᠬᠤ ᠵᠢ ᠪᠠᠲᠤᠯᠠᠭᠰᠠᠨ ᠰᠠᠭᠤᠷᠢᠨ ᠳᠡᠭᠡᠷ᠎ᠡ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠠᠭᠤᠷᠢ ᠮᠥᠩᠭᠥᠨ᠎ᠤ ᠨᠡᠶ᠋ᠢᠲᠡ ᠦᠯᠡᠳᠡᠪᠦᠷᠢ᠎ᠪᠠᠷ ᠲᠥᠯᠥᠵᠦ ᠪᠣᠯᠬᠤ ᠰᠠᠷ᠎ᠠ ᠵᠢᠨ ᠲᠣᠭ᠎ᠠ᠎ᠨᠢ 24 ᠰᠠᠷ᠎ᠠ (ᠪᠠᠭᠲᠠᠭ᠋ᠠᠨ᠎ᠠ)᠎ᠠᠴᠠ ᠳᠡᠭᠡᠭᠰᠢᠬᠢ ᠠᠢ᠌ᠮᠠᠭ ᠬᠣᠲᠠ᠎ᠳᠤ ᠪᠣᠯ ᠣᠲᠣ ᠵᠢᠨ ᠬᠡᠷᠡᠭᠵᠢᠭᠦᠯᠵᠦ ᠪᠠᠢ᠌ᠭ᠎ᠠ ᠰᠦᠢ᠍ᠳᠬᠡᠯ᠎ᠤᠨ ᠨᠣᠷᠮ᠎ᠠ᠎ᠪᠠᠷ ᠰᠠᠭᠤᠷᠢ ᠪᠣᠯᠭ᠋ᠠᠨ 50%᠎ᠪᠠᠷ ᠪᠠᠭᠤᠷᠠᠭᠤᠯᠤᠨ᠎ᠠ; ᠨᠡᠶ᠋ᠢᠲᠡ ᠦᠯᠡᠳᠡᠪᠦᠷᠢ᠎ᠪᠠᠷ ᠲᠥᠯᠥᠵᠦ ᠪᠣᠯᠬᠤ ᠰᠠᠷ᠎ᠠ ᠵᠢᠨ ᠲᠣᠭ᠎ᠠ᠎ᠨᠢ 18 ᠰᠠᠷ᠎ᠠ (ᠪᠠᠭᠲᠠᠭ᠋ᠠᠨ᠎ᠠ)᠎ᠠᠴᠠ 23 ᠰᠠᠷ᠎ᠠ ᠵᠢᠨ ᠬᠣᠭᠤᠷᠤᠨᠳᠤᠬᠢ ᠠᠢ᠌ᠮᠠᠭ ᠬᠣᠲᠠ᠎ᠳᠤ ᠪᠣᠯ ᠣᠲᠣ ᠵᠢᠨ ᠬᠡᠷᠡᠭᠵᠢᠭᠦᠯᠵᠦ ᠪᠠᠢ᠌ᠭ᠎ᠠ ᠰᠦᠢ᠍ᠳᠬᠡᠯ᠎ᠤᠨ ᠨᠣᠷᠮ᠎ᠠ᠎ᠪᠠᠷ ᠰᠠᠭᠤᠷᠢ ᠪᠣᠯᠭ᠋ᠠᠨ 20%᠎ᠪᠠᠷ ᠪᠠᠭᠤᠷᠠᠭᠤᠯᠤᠨ᠎ᠠ; ᠨᠡᠶ᠋ᠢᠲᠡ ᠦᠯᠡᠳᠡᠪᠦᠷᠢ᠎ᠪᠠᠷ ᠲᠥᠯᠥᠵᠦ ᠪᠣᠯᠬᠤ ᠰᠠᠷ᠎ᠠ ᠵᠢᠨ ᠲᠣᠭ᠎ᠠ᠎ᠨᠢ 18 ᠰᠠᠷ᠎ᠠ᠎ᠠᠴᠠ ᠳᠣᠷᠣᠭᠰᠢᠬᠢ ᠠᠢ᠌ᠮᠠᠭ ᠬᠣᠲᠠ᠎ᠳᠤ ᠪᠣᠯ ᠣᠲᠣ ᠵᠢᠨ ᠬᠡᠷᠡᠭᠵᠢᠭᠦᠯᠵᠦ ᠪᠠᠢ᠌ᠭ᠎ᠠ ᠰᠦᠢ᠍ᠳᠬᠡᠯ᠎ᠤᠨ ᠨᠣᠷᠮ᠎ᠠ᠎ᠪᠠᠷ ᠭᠦᠢ᠍ᠴᠡᠳᠬᠡᠬᠦ ᠪᠣᠯᠣᠨ᠎ᠠ᠃ ᠣᠲᠣ ᠵᠢᠨ ᠬᠡᠷᠡᠭᠵᠢᠭᠦᠯᠵᠦ ᠪᠠᠢ᠌ᠭ᠎ᠠ ᠰᠦᠢ᠍ᠳᠬᠡᠯ᠎ᠤᠨ ᠨᠣᠷᠮ᠎ᠠ ᠭᠡᠳᠡᠭ ᠪᠣᠯ 2018 ᠣᠨ᠎ᠤ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ᠎ᠤᠨ ᠨᠣᠷᠮ᠎ᠠ ᠵᠢ ᠱᠠᠲᠤᠴᠢ ᠴᠢᠨᠠᠷᠲᠠᠢ᠎ᠪᠠᠷ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ᠎ᠠᠴᠠ ᠡᠮᠦᠨ᠎ᠡ ᠳᠣᠬᠢᠷᠠᠭᠤᠯᠤᠨ ᠬᠡᠷᠡᠭᠵᠢᠭᠦᠯᠵᠦ ᠪᠠᠢ᠌ᠭᠰᠠᠨ ᠰᠦᠢ᠍ᠳᠬᠡᠯ᠎ᠤᠨ ᠨᠤᠷᠮ᠎ᠠ ᠵᠢ ᠵᠢᠭ᠋ᠠᠵᠤ ᠪᠤᠢ᠃
ᠲᠤᠰ ᠤᠳᠠᠭ᠎ᠠ ᠠᠵᠢᠯ ᠠᠯᠳᠠᠭᠰᠠᠳ᠎ᠤᠨ ᠳᠠᠭ᠋ᠠᠳᠬᠠᠯ ᠪᠠ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ᠎ᠤᠨ ᠨᠣᠷᠮ᠎ᠠ ᠵᠢ ᠱᠠᠲᠤᠴᠢ ᠴᠢᠨᠠᠷᠲᠠᠢ᠎ᠪᠠᠷ ᠪᠠᠭᠤᠷᠠᠭᠤᠯᠤᠭᠰᠠᠨ᠎ᠨᠢ ᠰᠦᠢ᠍ᠳᠬᠡᠯ᠎ᠤᠨ ᠨᠣᠷᠮ᠎ᠠ ᠵᠢ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢᠨ ᠦᠷᠭᠦᠯᠵᠢᠯᠡᠬᠦᠢ᠌ᠴᠡ ᠴᠢᠨᠠᠷ᠎ᠢ ᠤᠯᠠᠮ ᠨᠢᠭᠡ ᠠᠯᠬᠤᠮ ᠪᠠᠲᠤᠯᠠᠵᠤ᠂ ᠨᠡᠢ᠌ᠭᠡᠮ᠎ᠤᠨ ᠵᠢᠱ᠌ᠢᠯᠲᠡ ᠵᠢ ᠲᠣᠭᠲᠠᠪᠤᠷᠢᠵᠢᠭᠤᠯᠬᠤ᠎ᠳᠤ ᠠᠰᠢᠭᠲᠠᠢ ᠮᠥᠷᠲᠡᠭᠡᠨ ᠠᠵᠤ ᠠᠬᠤᠢ᠌ᠯᠠᠯ᠎ᠤᠨ ᠳᠠᠷᠤᠭ᠋ᠠᠰᠤ ᠵᠢ ᠬᠥᠩᠭᠡᠷᠡᠭᠦᠯᠬᠦ᠂ ᠠᠵᠤ ᠠᠬᠤᠢ᠌ᠯᠠᠯ᠎ᠤᠨ ᠢᠲᠡᠭᠡᠯ᠎ᠢ ᠬᠥᠭᠵᠢᠭᠡᠬᠦ᠂ ᠠᠵᠤ ᠠᠬᠤᠢ᠌ᠯᠠᠯ᠎ᠤᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠬᠦ᠂ ᠠᠵᠢᠯ ᠣᠯᠬᠤ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠬᠤ᠎ᠳᠤ ᠨᠡᠩ ᠠᠰᠢᠭᠲᠠᠢ ᠪᠠᠢ᠌ᠳᠠᠭ᠃ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠠᠷᠭ᠎ᠠ ᠬᠡᠮᠵᠢᠶ᠎ᠡ᠎ᠪᠠᠨ ᠰᠢᠯᠢᠳᠡᠭᠵᠢᠭᠦᠯᠵᠦ᠂ ᠰᠢᠭᠤᠳ ᠨᠠᠢ᠌ᠳᠠᠪᠤᠷᠢᠵᠢᠭᠤᠯᠤᠨ ᠰᠢᠭᠤᠳ ᠬᠦᠷᠭᠡᠵᠦ᠂ ᠠᠵᠤ ᠠᠬᠤᠢ᠌ᠯᠠᠯ᠎ᠳᠤ ᠥᠪᠡᠷ᠎ᠤᠨ ᠥᠷᠲᠡᠭ ᠦᠭᠡᠢ᠎ᠪᠠᠷ ᠲᠥᠷᠥ ᠵᠢᠨ ᠪᠣᠳᠣᠯᠭ᠎ᠠ ᠵᠢ ᠬᠦᠷᠲᠡᠭᠡᠵᠦ᠂ ᠰᠦᠢ᠍ᠳᠬᠡᠯ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ ᠦᠳᠲᠡᠷ ᠲᠦᠷᠭᠡᠨ ᠨᠠᠢ᠌ᠳᠠᠪᠤᠷᠢᠵᠢᠭᠤᠯᠤᠨ ᠦᠷ᠎ᠡ ᠠᠰᠢᠭ ᠣᠯᠬᠤ ᠵᠢ ᠠᠬᠢᠭᠤᠯᠵᠤ᠂ ᠠᠵᠤ ᠠᠬᠤᠢ᠌ᠯᠠᠯ᠎ᠤᠨ ᠬᠥᠭᠵᠢᠯᠲᠡ᠎ᠳᠤ ᠬᠦᠴᠦᠨ ᠨᠡᠮᠡᠷᠢᠯᠡᠨ᠎ᠡ᠃