ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢᠨ ᠰᠢᠨ᠎ᠡ ᠪᠠᠢ᠌ᠳᠠᠯ᠎ᠢ ᠴᠢᠷᠮᠠᠢ᠌ᠨ ᠡᠬᠦᠳᠤᠶᠡ
ᠬᠡᠬᠡᠨᠳᠤᠶᠠᠭ᠎ᠠ ᠤᠷᠴᠢᠭᠤᠯᠪᠠ
ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠳᠤ ᠦᠭᠬᠦᠭᠰᠡᠨ ᠴᠢᠬᠤᠯᠠ ᠵᠢᠭ᠋ᠠᠪᠤᠷᠢ᠎ᠨᠢ ᠰᠢᠨ᠎ᠡ ᠴᠠᠭ ᠦᠶ᠎ᠡ ᠰᠢᠨ᠎ᠡ ᠠᠶᠠᠨ᠎ᠳᠤ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠤᠷᠤᠭᠰᠢᠯᠠᠯᠲᠠ ᠵᠢᠨ ᠴᠢᠭᠯᠡᠯ᠎ᠢ ᠲᠣᠳᠣᠷᠬᠠᠢ ᠵᠢᠭ᠋ᠠᠭ᠋ᠠᠳ ᠦᠨᠳᠦᠰᠦᠨ ᠵᠢᠷᠤᠮᠯᠠᠯ ᠬᠠᠡᠭᠭ᠋ᠠᠬᠰᠠᠨ ᠶᠤᠮ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠡᠭ ᠶᠡᠷᠦᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠤᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ᠎ᠤᠨ ᠠᠷᠠᠳ᠎ᠤᠨ ᠶᠠᠪᠤᠳᠠᠯ᠎ᠤᠨ ᠠᠷᠪᠠᠨ ᠲᠠᠪᠤᠳᠤᠭ᠋ᠠᠷ ᠤᠳᠠᠭ᠎ᠠ ᠵᠢᠨ ᠬᠤᠷᠠᠯ᠎ᠤᠨ ᠪᠠᠢ᠌ᠷᠢᠯᠠᠭᠤᠯᠤᠯᠲᠠ ᠶᠣᠰᠣᠭ᠋ᠠᠷ ᠠᠷᠠᠳ᠎ᠤᠨ ᠲᠥᠯᠥᠭᠡ ᠬᠡᠬᠦ ᠭᠦᠨ ᠵᠤᠵᠠᠭ᠋ᠠᠨ ᠬᠠᠢ᠌ᠷ᠎ᠠ ᠰᠡᠳᠬᠢᠯᠭᠡ᠂ ᠪᠠᠳᠤ ᠴᠢᠡᠭᠭ᠎ᠠ ᠤᠯᠤᠰ ᠲᠦᠷᠦ ᠵᠢᠨ ᠬᠠᠷᠢᠭᠤᠴᠠᠯᠭ᠋ᠠᠲᠤ ᠰᠡᠳᠬᠢᠯᠭᠡ᠂ ᠭᠦᠨᠵᠡᠭᠡᠢ ᠨᠢᠮᠪᠠᠢ ᠠᠵᠢᠯ᠎ᠤᠨ ᠰᠤᠷᠲᠠᠯ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠣᠷᠢᠭ ᠰᠠᠨᠠᠭ᠎ᠠ᠎ᠪᠠᠷ ᠠᠷᠠᠳ᠎ᠤᠨ ᠶᠠᠪᠤᠳᠠᠯ᠎ᠤᠨ ᠠᠵᠢᠯ᠎ᠤᠨ ᠲᠦᠷᠦ ᠵᠢᠨ ᠪᠣᠳᠣᠯᠭ᠎ᠠ ᠳᠦᠷᠢᠮ᠎ᠤᠨ ᠰᠢᠰᠲ᠋ᠧᠮ᠂ ᠦᠢ᠍ᠯᠡᠴᠢᠯᠡᠭᠡ ᠪᠠᠲᠤᠯᠠᠭ᠎ᠠ ᠵᠢᠨ ᠰᠢᠰᠲ᠋ᠧᠮ᠂ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠂ ᠨᠡᠢ᠌ᠭᠡᠮ᠎ᠤᠨ᠎ᠬᠢᠨ᠎ᠤ ᠤᠷᠤᠯᠴᠠᠭ᠎ᠠ ᠵᠢᠨ ᠰᠢᠰᠲ᠋ᠧᠮ᠎ᠢ ᠦᠳᠳᠡᠷ ᠲᠡᠬᠦᠯᠳᠡᠷᠵᠢᠬᠦᠯᠤᠬᠡᠳ ᠲᠦᠭᠡᠮᠡᠯ ᠬᠠᠷᠠᠭ᠋ᠠᠯᠵᠠᠯᠳᠤ᠂ ᠰᠠᠭᠤᠷᠢ ᠴᠢᠨᠠᠷ ᠪᠦᠬᠦᠢ ᠦᠨᠳᠦᠰᠦᠨ ᠪᠠᠳᠤᠯᠠᠭ᠎ᠠ ᠵᠢᠨ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ ᠠᠷᠠᠳ ᠤᠯᠠᠨ᠎ᠢ ᠵᠢᠷᠭ᠋ᠠᠯ ᠲᠡᠬᠦᠯᠳᠡᠷ ᠠᠮᠢᠳᠤᠷᠠᠭᠤᠯᠵᠤ ᠪᠠᠢ᠌ᠨ᠎ᠠ᠃
ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ ᠠᠷᠠᠳ᠎ᠤᠨ ᠶᠠᠪᠤᠳᠠᠯ᠎ᠤᠨ ᠠᠵᠢᠯ᠎ᠤᠨ ᠤᠯᠤᠰ ᠲᠦᠷᠦ ᠵᠢᠨ ᠵᠥᠪ ᠴᠢᠭᠯᠡᠯ᠎ᠢ ᠪᠠᠲᠤ ᠡᠵᠡᠮᠳᠡᠶ᠎ᠡ
ᠰᠢ ᠵᠢᠨ ᠫᠢᠩ ᠶᠡᠷᠦᠩᠬᠡᠢ ᠱᠦᠵᠢ 《ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ ᠨᠠᠮ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠢ》 ᠭᠡᠵᠦ ᠴᠢᠬᠤᠯᠠᠴᠢᠯᠠᠵᠠᠢ᠃ ᠪᠢᠳᠡ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢ ᠶᠤᠰᠤᠴᠢᠯᠠᠨ ᠨᠠᠢ᠌ᠳᠠᠪᠤᠷᠢᠵᠢᠭᠤᠯᠵᠤ᠂ ᠨᠠᠮ᠎ᠤᠨ ᠠᠷᠠᠳ᠎ᠤᠨ ᠶᠠᠪᠤᠳᠠᠯ᠎ᠤᠨ ᠠᠵᠢᠯ᠎ᠳᠤ᠎ᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ᠎ᠪᠠᠷ ᠦᠨᠳᠦᠰᠦᠨ ᠱᠠᠭ᠋ᠠᠷᠳᠠᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠬᠤ᠎ᠪᠠᠷ ᠦᠨᠳᠦᠰᠦᠨ ᠪᠠᠲᠤᠯᠠᠭ᠎ᠠ ᠪᠣᠯᠭ᠋ᠠᠵᠤ᠂ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠰᠠᠨᠠᠭ᠎ᠠ᠎ᠪᠠᠨ ᠨᠢᠭᠲᠠᠷᠠᠭᠤᠯᠤᠨ ᠰᠦᠭ ᠰᠦᠨᠡᠰᠦ ᠵᠢ ᠱᠤᠭᠤᠵᠤ᠂ ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠤᠭ᠋ᠠᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠤᠨ 《ᠨᠢᠭᠡᠳᠦᠭᠡᠷ ᠵᠥᠪᠯᠡᠬᠦ ᠰᠡᠳᠦᠪ》᠎ᠤᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ 《ᠤᠯᠤᠰ ᠲᠥᠷᠥ ᠵᠢᠨ ᠲᠡᠷᠢᠬᠦᠨ ᠴᠢᠬᠤᠯᠠ ᠨᠥᠬᠥᠴᠡᠯ》᠎ᠢ ᠴᠢᠷᠮᠠᠢ᠌ᠨ ᠰᠠᠢ᠌ᠲᠤᠷ ᠪᠡᠶᠡᠯᠡᠬᠦᠯᠤᠬᠡᠳ 《ᠤᠯᠤᠰ᠎ᠤᠨ ᠲᠣᠮᠣ ᠶᠠᠪᠤᠳᠠᠯ》᠎ᠳᠤ ᠠᠡᠭᠬᠠᠷᠤᠯ ᠵᠶ᠋ᠡᠨ ᠲᠦᠪᠯᠡᠷᠡᠬᠦᠯᠤᠨ ᠠᠷᠠᠳ᠎ᠤᠨ ᠶᠠᠪᠤᠳᠠᠯ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠬᠦᠢ᠍ᠴᠡᠳᠬᠡᠵᠤ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ ᠲᠦᠰᠦᠪᠯᠡᠯ ᠵᠢᠨ ᠠᠵᠢᠯ᠎ᠤᠨ ᠰᠡᠳᠬᠢᠮᠵᠢ᠂ ᠪᠠᠢ᠌ᠷᠢᠯᠠᠭᠤᠯᠤᠬᠰᠠᠨ ᠴᠢᠬᠤᠯᠨ ᠠᠵᠢᠯ᠂ ᠠᠬᠢᠭᠤᠯᠬᠤ ᠭᠤᠤᠯᠳᠠᠯᠭ᠎ᠠ᠎ᠲᠠᠢ ᠠᠵᠢᠯ᠎ᠤᠨ ᠪᠠᠷᠢᠮᠵᠢᠶ᠎ᠠ᠎ᠲᠠᠢ ᠤᠬᠠᠮᠰᠠᠷ᠎ᠠᠴᠠ᠎ᠪᠠᠨ ᠬᠠᠷᠭᠤᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠴᠢᠬᠤᠯᠠ ᠵᠢᠭ᠋ᠠᠪᠤᠷᠢ ᠪᠣᠯᠣᠨ ᠨᠠᠮ᠎ᠤᠨ ᠲᠥᠪ ᠬᠣᠷᠢᠶᠠᠨ᠎ᠤ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ ᠨᠠᠢ᠌ᠳᠠᠪᠤᠷᠢᠵᠢᠭᠤᠯᠬᠤ ᠵᠢ ᠪᠠᠲᠤᠯᠠᠵᠤ 《ᠬᠣᠶᠠᠷ᠎ᠢ ᠲᠤᠬᠳᠠᠭ᠋ᠠᠬᠰᠠᠨ》᠎ᠢ ᠪᠣᠳᠠᠲᠤ ᠠᠵᠢᠯᠯᠠᠭ᠎ᠠ᠎ᠪᠠᠷ ᠵᠶ᠋ᠠᠨ ᠡᠷᠡᠰ ᠬᠦᠷᠢᠶᠡᠯᠡᠵᠦ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠬᠦᠯᠤᠶᠡ᠃
ᠪᠠᠢ᠌ᠭᠤᠯᠤᠯ ᠲᠣᠭᠲᠠᠴᠠ ᠵᠢ ᠲᠡᠭᠦᠯᠳᠡᠷᠵᠢᠭᠦᠯᠵᠦ ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ᠎ᠪᠠᠷ ᠠᠷᠭ᠋ᠠᠴᠠᠭ᠋ᠠᠬᠤ ᠲᠠᠯ᠎ᠠ᠎ᠪᠠᠷ ᠰᠢᠨ᠎ᠡ ᠠᠮᠵᠢᠯᠲᠠ ᠭᠠᠷᠭ᠋ᠠᠶᠠ
ᠰᠢ ᠵᠢᠨ ᠫᠢᠩ ᠶᠡᠷᠦᠩᠬᠡᠢ ᠱᠦᠵᠢ᠄ 《ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠬᠤ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢ ᠴᠢᠷᠮᠠᠢ᠌ᠨ ᠠᠬᠢᠭᠤᠯᠬᠤ ᠬᠡᠷᠡᠭᠲᠡᠢ》 ᠭᠡᠵᠤ ᠵᠢᠭ᠋ᠠᠪᠤᠷᠢᠯᠠᠬᠰᠠᠨ ᠶᠤᠮ᠃ ᠪᠢᠳᠡ ᠨᠠᠰᠤᠲᠠᠢ᠌ᠴᠤᠳ᠎ᠤᠨ ᠠᠵᠢᠯ᠎ᠤᠨ ᠪᠠᠢ᠌ᠭᠤᠯᠤᠯ ᠲᠣᠭᠲᠠᠴᠠ ᠵᠢ ᠦᠷᠭᠦᠯᠵᠢᠯᠡᠨ ᠲᠡᠭᠦᠯᠳᠡᠷᠵᠢᠭᠦᠯᠵᠦ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮ᠂ ᠡᠷᠡᠭᠦᠯ ᠮᠡᠨᠳᠤ ᠵᠢᠨ ᠲᠤᠯᠭ᠋ᠠᠭᠤᠷᠢᠯᠠᠬᠤ ᠰᠢᠰᠲ᠋ᠧᠮ᠎ᠢ ᠲᠡᠭᠦᠯᠳᠡᠷᠵᠢᠭᠦᠯᠬᠦ ᠠᠵᠢᠯ᠎ᠢ ᠦᠷᠬᠦᠯᠵᠢᠯᠡᠨ ᠠᠬᠢᠭᠤᠯᠵᠤ᠂ ᠪᠤᠭᠤᠷᠤᠯᠴᠤᠳ᠎ᠤᠨ ᠠᠵᠤ ᠠᠬᠤᠢ ᠵᠢ ᠬᠥᠭᠵᠢᠭᠦᠯᠦᠨ ᠲᠦᠷᠦ ᠵᠢᠨ ᠪᠣᠳᠣᠯᠭ᠎ᠠ ᠵᠢᠨ ᠬᠠᠷᠠᠭ᠋ᠠᠯᠵᠠᠯ᠂ ᠨᠡᠢ᠌ᠭᠡᠮ᠎ᠤᠨ᠎ᠬᠢᠨ᠎ᠤ ᠣᠷᠤᠯᠴᠠᠯᠭ᠎ᠠ᠂ ᠰᠠᠢ᠌ᠨ ᠳᠤᠷ᠎ᠠ ᠵᠢᠨ ᠦᠢ᠍ᠯᠡᠴᠢᠯᠡᠭᠡ ᠵᠡᠷᠭᠡ ᠲᠠᠯ᠎ᠠ᠎ᠪᠠᠷ ᠬᠦᠴᠦ᠎ᠪᠠᠨ ᠲᠥᠪᠯᠡᠷᠡᠭᠦᠯᠵᠦ ᠪᠠᠢ᠌ᠭ᠋ᠠᠳ ᠵᠠᠷᠢᠮ ᠨᠠᠰᠤᠲᠠᠢ᠌ᠴᠤᠳ᠎ᠲᠤ ᠮᠡᠳᠡᠷᠡᠭᠳᠡᠵᠦ ᠪᠣᠯᠬᠤ ᠪᠣᠳᠠᠲᠤ ᠶᠠᠪᠤᠳᠠᠯ ᠰᠠᠢ᠌ᠨ ᠶᠠᠪᠤᠳᠠᠯ᠎ᠢ ᠪᠦᠲᠦᠭᠡᠬᠦ ᠵᠢ ᠰᠠᠢ᠌ᠲᠤᠷ ᠠᠳᠬᠤᠨ᠎ᠠ᠃ ᠰᠢᠰᠲᠸᠮ᠎ᠳᠤ ᠦᠵᠡᠯᠲᠡ ᠵᠢ ᠪᠠᠷᠢᠮᠲᠠᠯᠠᠵᠤ᠂ ᠬᠤᠰᠢᠭᠤ ᠰᠢᠶᠠᠨ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ ᠭᠤᠷᠪᠠᠨ ᠱᠠᠲᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠲᠤᠤᠷᠵᠢᠯ᠎ᠢ ᠲᠦᠷᠭᠡᠨ ᠪᠠᠢ᠌ᠭᠤᠯᠵᠤ᠂ ᠠᠢ᠌ᠯ ᠭᠡᠷ ᠵᠶ᠋ᠡᠷ ᠰᠠᠭᠤᠷᠢ ᠪᠣᠯᠭ᠋ᠠᠭᠰᠠᠨ᠂ ᠨᠡᠢ᠌ᠭᠡᠮ ᠲᠣᠭᠣᠷᠢᠭ ᠵᠶ᠋ᠠᠷ ᠲᠦᠰᠢᠭ ᠪᠣᠯᠭ᠋ᠠᠭᠰᠠᠨ᠂ ᠪᠠᠢ᠌ᠭᠤᠯᠤᠮᠵᠢ᠎ᠨᠢ ᠲᠤᠰᠬᠠᠢ ᠮᠡᠷᠭᠡᠵᠢᠯ᠎ᠤᠨ ᠲᠤᠯᠭ᠋ᠠᠭᠤᠷᠢᠯᠠᠯ ᠬᠠᠡᠭᠭ᠋ᠠᠬᠤ ᠦᠢ᠍ᠯᠡᠴᠢᠯᠡᠭᠡᠨ᠎ᠤ ᠪᠠᠢ᠌ᠷᠢᠰᠢᠯ᠎ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠨᠡᠢ᠌ᠭᠡᠮ ᠲᠣᠭᠣᠷᠢᠭ᠎ᠤᠨ ᠰᠢᠬᠢᠳᠬᠡᠬᠡᠷᠢ ᠮᠠᠶᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠶᠡᠬᠡ᠎ᠪᠠᠷ ᠪᠣᠢ᠌ᠵᠢᠭᠤᠯᠵᠤ᠂ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠂ ᠡᠮᠴᠢᠯᠡᠭᠡ᠎ᠳᠤ ᠲᠤᠰᠠᠯᠠᠬᠤ᠂ ᠠᠶᠠᠯᠠᠯ᠎ᠳᠤ ᠲᠤᠰᠠᠯᠠᠬᠤ᠂ ᠬᠣᠭᠣᠯᠠ ᠤᠮᠳᠠ᠎ᠳᠤ ᠲᠤᠰᠠᠯᠠᠬᠤ᠂ ᠠᠷᠢᠭᠤᠨ ᠴᠡᠪᠡᠷ᠎ᠲᠤ ᠲᠤᠰᠠᠯᠠᠬᠤ᠂ ᠪᠠᠴᠢᠮ ᠪᠠᠢ᠌ᠳᠠᠯ᠎ᠲᠠᠢ ᠦᠶ᠎ᠡ᠎ᠳᠤ ᠲᠤᠰᠠᠯᠠᠬᠤ᠂ ᠵᠤᠭ᠎ᠠ ᠴᠡᠡᠭᠭᠡᠬᠦᠨᠳᠤ ᠲᠤᠰᠠᠯᠠᠬᠤ ᠪᠠ ᠡᠳᠦᠷ ᠲᠤᠲᠤᠮ᠎ᠤᠨ ᠰᠤᠪᠢᠯᠠᠯᠲᠠ ᠵᠢᠨ ᠦᠢ᠍ᠯᠡᠴᠢᠯᠡᠭᠡ ᠵᠢ ᠬᠥᠭᠵᠢᠭᠦᠯᠵᠦ᠂ ᠨᠠᠰᠤᠲᠠᠢ᠌ᠴᠤᠳ᠎ᠲᠤ ᠣᠢ᠌ᠷ᠎ᠠ ᠬᠠᠪᠢ᠎ᠳᠤᠨᠢ 《ᠪᠠᠢ᠌ᠭᠤᠯᠤᠮᠵᠢ᠎ᠲᠠᠢ ᠲᠦᠰᠳᠡᠢ》 ᠵᠢᠨ ᠲᠤᠰᠬᠠᠢ ᠮᠡᠷᠭᠡᠵᠢᠯ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠬᠦᠷᠲᠡᠭᠡᠨ᠎ᠡ᠃ ᠤᠯᠠᠭ᠋ᠠᠨᠴᠠᠪ ᠬᠣᠲᠠ ᠵᠢᠨ ᠬᠥᠳᠡᠭᠡ ᠲᠣᠰᠬᠣᠨ᠎ᠤ ᠬᠠᠷᠢᠯᠴᠠᠨ ᠬᠠᠪᠰᠤᠷᠤᠯᠴᠠᠬᠤ ᠨᠠᠰᠤᠵᠢᠯ᠎ᠤᠨ ᠦᠢ᠍ᠯᠡᠴᠢᠯᠡᠭᠡᠨ᠎ᠤ ᠲᠤᠷᠰᠢᠯᠭ᠎ᠠ ᠵᠢ ᠭᠦᠨᠵᠡᠭᠡᠢ ᠳ᠋ᠦᠡᠭᠨᠡᠬᠡᠳ ᠳᠡᠯᠭᠡᠷᠡᠭᠦᠯᠵᠦ ᠬᠠᠭᠤᠯᠪᠤᠷᠢᠯᠠᠵᠤ ᠪᠤᠯᠬᠤᠢ᠌ᠴᠨ ᠠᠷᠭ᠎ᠠ ᠵᠢ ᠪᠣᠶ ᠪᠣᠯᠭ᠋ᠠᠵᠤ᠂ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠳᠤᠲᠠᠭᠤᠳᠠᠯ᠎ᠢ ᠲᠦᠷᠭᠡᠨ ᠨᠥᠬᠥᠪᠦᠷᠢᠯᠡᠨ᠎ᠡ᠃ ᠲᠦᠭᠡᠮᠡᠯ ᠬᠠᠷᠠᠭ᠋ᠠᠯᠵᠠᠯᠳᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠡᠷᠴᠢᠮ᠎ᠢ ᠴᠢᠩᠭ᠋ᠠᠷᠠᠭᠤᠯᠵᠤ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠠᠯᠪᠠᠨ᠎ᠠᠴᠠ ᠡᠷᠭᠢᠯᠡᠭᠰᠡᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠤᠷᠢᠭ᠎ᠠ ᠱᠤᠭᠤᠮ᠎ᠢ ᠪᠠᠲᠤᠯᠠᠬᠤ᠂ ᠦᠨᠳᠦᠰᠦᠨ ᠪᠠᠳᠤᠯᠠᠭ᠎ᠠ ᠵᠢᠨ ᠦᠢ᠍ᠯᠡᠳᠦᠯ᠎ᠢ ᠰᠠᠢ᠌ᠲᠤᠷ ᠪᠠᠳᠠᠷᠠᠭᠤᠯᠤᠭᠰᠠᠨ ᠰᠠᠭᠤᠷᠢᠨ ᠳᠡᠭᠡᠷ᠎ᠡ ᠠᠯᠪᠠᠨ᠎ᠠᠴᠠ ᠡᠷᠭᠢᠯᠡᠭᠰᠡᠨ ᠠᠷᠠᠳ᠎ᠠᠴᠠ ᠡᠵᠡᠩᠨᠡᠭᠰᠡᠨ ᠠᠵᠢᠯᠯᠠᠭ᠋ᠠᠨ᠎ᠤ ᠵᠠᠭᠪᠤᠷ᠎ᠢ ᠰᠦᠪᠡᠭᠴᠢᠯᠡᠨ᠎ᠡ᠃ ᠡᠭᠦᠨ᠎ᠤ ᠬᠠᠮᠲᠤ ᠪᠠᠰᠨ ᠲᠡᠮᠵᠢᠯᠬᠡ ᠵᠢᠨ ᠡᠯ᠎ᠡ ᠲᠥᠷᠥ ᠵᠢᠨ ᠪᠣᠳᠣᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠠᠵᠤ ᠠᠬᠤᠢ᠌ᠯᠠᠯ ᠵᠡᠷᠭᠡ ᠨᠡᠢ᠌ᠭᠡᠮ᠎ᠤᠨ ᠬᠦᠴᠦᠨ᠎ᠤ᠎ᠬᠢᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠬᠥᠭᠵᠢᠭᠦᠯᠬᠦ ᠵᠢ ᠵᠣᠷᠢᠭᠵᠢᠭᠤᠯᠤᠨ ᠳᠡᠮᠵᠢᠵᠦ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠡᠵᠡᠩᠨᠡᠯᠲᠡ ᠵᠢᠨ ᠥᠪᠡᠷ᠎ᠤᠨ ᠥᠷᠲᠡᠭ᠎ᠢ ᠪᠠᠭᠤᠷᠠᠭᠤᠯᠬᠤ᠎ᠳᠤ ᠬᠦᠴᠦᠨ ᠨᠡᠮᠡᠷᠢᠯᠡᠬᠡᠳ ᠨᠠᠰᠤᠲᠠᠢ᠌ᠴᠤᠳ᠎ᠤᠨ ᠬᠦᠯᠢᠶᠡᠨ ᠠᠪᠴᠤ ᠲᠡᠢ᠌ᠯᠬᠦ ᠦᠨ᠎ᠡ ᠪᠦᠬᠦᠢ ᠲᠦᠭᠡᠮᠡᠯ ᠬᠠᠷᠠᠭ᠋ᠠᠯᠵᠠᠯᠲᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠬᠠᠡᠭᠭ᠋ᠠᠨ᠎ᠠ᠃ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠢ ᠦᠨᠡᠯᠡᠬᠦ ᠲᠣᠭᠲᠠᠴᠠ ᠵᠢ ᠰᠢᠨᠡᠳᠬᠡᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠨᠠᠰᠤᠵᠢᠯ᠎ᠤᠨ ᠦᠢ᠍ᠯᠡᠴᠢᠯᠡᠭᠡᠨ᠎ᠤ ᠴᠢᠨᠠᠷᠯᠢᠭ ᠬᠥᠭᠵᠢᠯᠲᠡ᠎ᠳᠤ ᠬᠦᠴᠦᠲᠡᠢ ᠪᠠᠲᠤᠯᠠᠭ᠎ᠠ ᠬᠠᠩᠭ᠋ᠠᠨ᠎ᠠ᠃
ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠰᠠᠬᠢᠵᠤ ᠨᠡᠢ᠌ᠭᠡᠮ᠎ᠤᠨ ᠲᠤᠰᠠᠯᠠᠮᠵᠢ ᠵᠢᠨ ᠲᠠᠯ᠎ᠠ᠎ᠪᠠᠷ ᠰᠢᠨ᠎ᠡ ᠦᠷ᠎ᠡ ᠪᠦᠲᠦᠮᠵᠢ ᠤᠯᠰᠤᠭ᠋ᠠᠢ
ᠰᠢ ᠵᠢᠨ ᠫᠢᠩ ᠶᠡᠷᠦᠩᠬᠡᠢ ᠱᠦᠵᠢ᠄ 《ᠨᠡᠢ᠌ᠭᠡᠮ᠎ᠤᠨ ᠲᠤᠰᠠᠯᠠᠮᠵᠢ᠂ ᠨᠡᠢ᠌ᠭᠡᠮ᠎ᠤᠨ ᠠᠰᠠᠷᠠᠮᠵᠢ᠂ ᠨᠡᠢ᠌ᠭᠡᠮ᠎ᠤᠨ ᠶᠠᠪᠤᠳᠠᠯ᠂ ᠨᠡᠢ᠌ᠭᠡᠮ᠎ᠤᠨ ᠵᠠᠰᠠᠯᠲᠠ ᠵᠢᠨ ᠠᠵᠢᠯ᠎ᠤᠨ ᠲᠦᠪᠰᠢᠨ᠎ᠢ ᠴᠢᠷᠮᠠᠢ᠌ᠨ ᠳᠡᠭᠡᠭᠰᠢᠯᠡᠭᠦᠯᠬᠦ ᠬᠡᠷᠡᠭᠲᠡᠢ》 ᠵᠢᠭ᠋ᠠᠪᠤᠷᠢᠯᠠᠪᠠ᠃ ᠡᠨᠡ ᠪᠣᠯ ᠰᠢᠨ᠎ᠡ ᠴᠠᠭ ᠦᠶ᠎ᠡ ᠰᠢᠨ᠎ᠡ ᠠᠶᠠᠨ᠎ᠳᠤ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠭᠣᠣᠯᠳᠠᠯᠭ᠎ᠠ᠎ᠲᠠᠢ ᠡᠭᠦᠷᠭᠡ ᠵᠢᠨ ᠨᠢᠭᠡ ᠶᠤᠮ᠃ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠳᠤ᠎ᠪᠠᠨ ᠪᠢᠳᠡ ᠦᠨᠳᠤᠰᠤᠨ ᠬᠤᠷᠢᠭ᠎ᠠ ᠱᠣᠭᠤᠮ᠎ᠢ ᠤᠨᠤᠪᠴᠢᠳᠠᠢ ᠰᠠᠢ᠌ᠳᠤᠷ ᠪᠠᠲᠤᠯᠠᠬᠤ ᠲᠡᠬᠡᠷ᠎ᠡ ᠠᠩᠬᠠᠷᠤᠯ ᠵᠶ᠋ᠠᠨ ᠲᠥᠪᠯᠡᠷᠡᠭᠦᠯᠵᠦ᠂ ᠲᠡᠰ ᠲᠦᠷᠦᠯ ᠬᠤᠪᠢᠶᠠᠭᠰᠠᠨ ᠨᠡᠢ᠌ᠭᠡᠮ᠎ᠤᠨ ᠲᠤᠰᠠᠯᠠᠮᠵᠢ ᠵᠢᠨ ᠰᠢᠰᠲ᠋ᠧᠮ᠎ᠢ ᠲᠡᠭᠦᠯᠳᠡᠷᠵᠢᠭᠦᠯᠵᠦ ᠴᠢᠳᠠᠯ ᠵᠶ᠋ᠡᠷ ᠵᠶ᠋ᠡᠨ ᠴᠢᠷᠮᠠᠢ᠌ᠬᠤ᠂ ᠴᠢᠳᠠᠯ ᠵᠶ᠋ᠡᠷ ᠵᠶ᠋ᠡᠨ ᠬᠢᠬᠦ᠂ ᠬᠤᠳᠠ ᠬᠥᠳᠡᠭᠡ ᠵᠢ ᠨᠢᠭᠡᠳᠦᠯᠲᠡᠢ ᠲᠥᠯᠥᠪᠵᠢᠭᠦᠯᠬᠦ᠂ ᠠᠭᠤᠰᠤᠯᠴᠠᠭᠤᠯᠤᠨ ᠬᠥᠭᠵᠢᠭᠦᠯᠬᠦ ᠵᠢ ᠪᠠᠷᠢᠮᠲᠠᠯᠠᠵᠤ᠂ ᠨᠡᠢ᠌ᠭᠡᠮ᠎ᠤᠨ ᠲᠤᠰᠠᠯᠠᠮᠵᠢ ᠵᠢᠨ ᠦᠨᠳᠦᠰᠦᠨ ᠪᠠᠳᠤᠯᠠᠭ᠎ᠠ᠂ ᠠᠶᠤᠯ ᠲᠦᠭᠰᠢᠭᠦᠷᠢ ᠵᠢ ᠰᠡᠷᠭᠡᠢ᠌ᠯᠡᠬᠦ᠂ ᠬᠥᠭᠵᠢᠯᠲᠡ ᠵᠢ ᠠᠬᠢᠭᠤᠯᠬᠤ ᠴᠢᠳᠠᠪᠬᠢ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠤᠨ᠎ᠠ᠃ ᠦᠨᠳᠦᠰᠦᠨ ᠠᠮᠢᠳᠤᠷᠠᠯ᠎ᠤᠨ ᠲᠤᠰᠠᠯᠠᠮᠵᠢ ᠵᠢ ᠤᠯᠠᠮ ᠴᠢᠩᠭ᠋ᠠᠳᠬᠠᠵᠤ᠂ ᠲᠤᠰᠬᠠᠢ ᠲᠦᠷᠤᠯ᠎ᠤᠨ ᠲᠤᠰᠠᠯᠠᠮᠵᠢ ᠪᠠ ᠲᠦᠷ ᠴᠠᠭ ᠤᠨ ᠲᠤᠰᠠᠯᠠᠮᠵᠢ ᠵᠢᠨ ᠴᠢᠳᠠᠮᠵᠢ ᠵᠢ ᠴᠢᠩᠭ᠋ᠠᠷᠠᠭᠤᠯᠤᠨ ᠠᠵᠢᠯ ᠠᠯᠳᠠᠭᠰᠠᠳ᠂ ᠠᠮᠢᠳᠤᠯᠢᠭ ᠵᠶ᠋ᠠᠷ ᠠᠵᠢᠯ ᠣᠯᠣᠭᠰᠠᠳ᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠬᠦᠮᠦᠰ᠂ ᠲᠠᠬᠢᠨ ᠶᠠᠳᠠᠭᠤᠷᠠᠬᠤ᠎ᠠᠴᠠ᠎ᠨᠢ ᠰᠡᠷᠬᠡᠢ᠌ᠯᠡᠬᠦ ᠬᠢᠨᠠᠯᠳᠠ ᠬᠦᠮᠢᠶᠡᠭᠰᠡᠳ ᠵᠡᠷᠭᠡ ᠬᠦᠮᠦᠰ᠎ᠢ ᠭᠣᠣᠯᠳᠠᠯᠭ᠎ᠠ᠎ᠲᠠᠢ ᠠᠩᠬᠠᠷᠴᠤ᠂ ᠪᠠᠲᠤᠯᠠᠬᠤ ᠶᠣᠰᠣᠲᠠᠢ ᠵᠢ᠎ᠨᠢ ᠴᠥᠮ ᠪᠠᠲᠤᠯᠠᠵᠤ᠂ ᠠᠪᠤᠷᠠᠬᠤ ᠶᠣᠰᠣᠲᠠᠢ ᠵᠢ᠎ᠨᠢ ᠴᠥᠮ ᠠᠪᠤᠷᠠᠬᠤ ᠵᠢ ᠴᠢᠷᠮᠠᠢ᠌ᠨ ᠪᠡᠶᠡᠯᠡᠭᠦᠯᠦᠨ᠎ᠡ᠃ ᠰᠡᠳᠬᠢᠴᠡ ᠵᠢᠨ ᠵᠢᠯᠣᠭᠣᠳᠤᠯᠭ᠎ᠠ᠂ ᠡᠬᠢ ᠪᠠᠶᠠᠯᠢᠭ᠎ᠤᠨ ᠬᠣᠯᠪᠣᠯᠳᠤᠯ᠂ ᠴᠢᠳᠠᠪᠤᠷᠢ ᠵᠢᠨ ᠳᠡᠭᠡᠭᠰᠢᠯᠡᠯᠲᠡ᠂ ᠨᠡᠢ᠌ᠭᠡᠮ᠎ᠤᠨ ᠠᠭᠤᠰᠤᠯᠴᠠᠯ ᠵᠡᠷᠭᠡ ᠦᠢ᠍ᠯᠡᠴᠢᠯᠡᠭᠡᠨ᠎ᠤ ᠲᠥᠷᠥᠯ᠎ᠤᠨ ᠲᠤᠰᠠᠯᠠᠮᠵᠢ ᠵᠢ ᠢᠳᠡᠪᠬᠢᠲᠡᠢ ᠬᠥᠭᠵᠢᠭᠦᠯᠵᠦ᠂ 《ᠪᠣᠳᠠᠰ + ᠦᠢ᠍ᠯᠡᠴᠢᠯᠡᠭᠡ》 ᠬᠡᠮᠡᠬᠦ ᠰᠢᠨ᠎ᠡ ᠮᠠᠶᠢᠭ᠎ᠤᠨ ᠲᠤᠰᠠᠯᠠᠮᠵᠢ ᠵᠢᠨ ᠪᠠᠢ᠌ᠷᠢᠰᠢᠯ᠎ᠢ ᠪᠣᠶ ᠪᠣᠯᠭ᠋ᠠᠨ᠎ᠠ᠃ ᠣᠷᠣᠯᠭ᠎ᠠ ᠪᠠᠭ᠎ᠠ ᠬᠦᠮᠦᠰ᠎ᠢ ᠪᠠᠢ᠌ᠩᠭᠤᠵᠢᠭᠤᠯᠤᠨ ᠲᠡᠳᠬᠦᠬᠦ ᠲᠦᠷᠦ ᠵᠢᠨ ᠪᠣᠳᠣᠯᠭ᠎ᠠ ᠵᠢ ᠲᠠᠬᠢᠨ ᠶᠠᠳᠠᠭᠤᠷᠠᠬᠤ᠎ᠠᠴᠠ ᠰᠡᠷᠬᠡᠢ᠌ᠯᠡᠬᠦ ᠲᠡᠳᠬᠦᠮᠵᠢ ᠵᠢᠨ ᠲᠡᠳᠬᠦᠬᠦ ᠲᠦᠷᠦ ᠵᠢᠨ ᠪᠣᠳᠣᠯᠭ᠎ᠠ᠎ᠯᠤᠭ᠎ᠠ ᠵᠣᠯᠭ᠋ᠠᠭᠤᠯᠤᠨ ᠨᠢᠭᠡᠳᠬᠡᠬᠦ ᠠᠵᠢᠯ᠎ᠢ ᠠᠬᠢᠭᠤᠯᠤᠨ᠂ ᠶᠠᠳᠠᠭᠤ᠎ᠠᠴᠠ ᠠᠡᠭᠬᠢᠵᠢᠷᠠᠭᠤᠯᠬᠤ ᠵᠢᠨ ᠦᠨᠳᠦᠰᠦᠨ ᠪᠠᠳᠤᠯᠠᠭ᠎ᠠ᠎ᠳᠤ ᠣᠷᠣᠭᠤᠯᠤᠭᠰᠠᠨ ᠬᠦᠴᠢᠷᠳᠡᠯ᠎ᠲᠠᠢ ᠤᠯᠠᠨ ᠲᠦᠮᠡᠨ᠎ᠢ ᠦᠨᠳᠦᠰᠦᠨ ᠪᠠᠳᠤᠯᠠᠭ᠎ᠠ ᠵᠢᠨ ᠲᠡᠮᠵᠢᠬᠦ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ᠂ ᠬᠡᠪᠴᠢᠶ᠎ᠡ ᠪᠦᠬᠦᠢ ᠲᠠᠬᠢᠨ ᠶᠠᠳᠠᠭᠤᠷᠠᠬᠤ᠎ᠠᠴᠠ ᠰᠡᠷᠭᠡᠢ᠌ᠯᠡᠨ᠎ᠡ᠃ ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠢᠨᠠᠬᠤ ᠬᠦᠷᠢᠶ᠎ᠡ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠵᠦ᠂ 《ᠲᠣᠮᠣ ᠳ᠋ᠠᠢ᠌ᠲ᠋ᠠ ᠵᠢᠨ ᠬᠠᠷᠢᠴᠠᠭᠤᠯᠤᠯ + ᠭᠠᠡᠭ ᠲᠦᠷᠤᠬᠡ ᠪᠠᠷ ᠪᠠᠢ᠌ᠴᠠᠭ᠋ᠠᠬᠤ》 ᠵᠢ ᠪᠠᠷᠢᠮᠲᠠᠯᠠᠨ᠂ ᠣᠷᠣᠯᠭ᠎ᠠ ᠪᠠᠭ᠎ᠠ ᠬᠦᠮᠦᠰ᠎ᠤᠨ ᠮᠡᠳᠡᠭᠡ ᠵᠠᠩᠭᠢ ᠵᠢ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠨᠢᠭᠡᠳᠦᠯᠲᠡᠢ ᠢᠯᠭ᠋ᠠᠨ ᠲᠠᠨᠢᠬᠤ᠂ ᠱᠠᠲᠤ ᠬᠤᠪᠢᠶᠠᠨ ᠬᠠᠮᠢᠶᠠᠷᠬᠤ᠂ ᠬᠥᠳᠡᠯᠦᠩᠭᠦᠢ᠎ᠪᠠᠷ ᠬᠢᠨᠠᠬᠤ᠂ ᠬᠡᠷᠡᠭᠴᠡᠭᠡ᠎ᠠᠴᠠ ᠪᠣᠯᠵᠤ ᠬᠦᠷᠭᠡᠬᠦ᠂ ᠡᠯ᠎ᠡ ᠰᠠᠯᠠᠭ᠎ᠠ ᠮᠥᠴᠢᠷ ᠲᠥᠷᠥᠯ ᠬᠤᠪᠢᠶᠠᠨ ᠲᠡᠳᠬᠦᠬᠦ᠂ ᠦᠷ᠎ᠡ ᠳ᠋ᠦᠩ᠎ᠢ ᠬᠠᠷᠢᠭᠤ ᠲᠤᠰᠬᠠᠬᠤ ᠠᠵᠢᠯ᠎ᠤᠨ ᠪᠢᠲᠡᠭᠦᠦ ᠲᠣᠭᠲᠠᠴᠠ ᠵᠢ ᠲᠡᠬᠦᠯᠳᠡᠷᠵᠢᠬᠦᠯᠤᠨ ᠲᠤᠰᠠᠯᠠᠮᠵᠢ ᠬᠦᠷᠳᠡᠭᠰᠡᠳ᠎ᠢ ᠨᠠᠷᠢᠯᠢᠭ ᠣᠨᠣᠴᠠᠲᠠᠢ᠎ᠪᠠᠷ ᠮᠠᠭ᠋ᠠᠳᠯᠠᠨ ᠲᠣᠭᠲᠠᠭ᠋ᠠᠬᠤ᠂ ᠲᠤᠰᠠᠯᠠᠮᠵᠢ ᠵᠢᠨ ᠬᠠᠩᠭ᠋ᠠᠯᠭ᠎ᠠ ᠬᠡᠷᠡᠭᠴᠡᠭᠡ ᠵᠢ ᠨᠠᠷᠢᠯᠢᠭ ᠣᠨᠣᠴᠠᠲᠠᠢ᠎ᠪᠠᠷ ᠵᠣᠯᠭ᠋ᠠᠭᠤᠯᠬᠤ ᠵᠢ ᠪᠡᠶᠡᠯᠡᠭᠦᠯᠦᠨ᠎ᠡ᠃ ᠲᠣᠭ᠎ᠠ ᠪᠠᠷᠢᠮᠲᠠ᠎ᠪᠠᠷ ᠡᠨᠧᠷᠭᠢ ᠣᠯᠭᠣᠬᠤ ᠠᠵᠢᠯ᠎ᠢ ᠴᠢᠩᠭ᠋ᠠᠷᠠᠭᠤᠯᠵᠤ᠂ 《ᠥᠪᠥᠷ ᠮᠣᠩᠭᠣᠯ᠎ᠤᠨ ᠲᠤᠰᠠᠯᠠᠮᠵᠢ ᠵᠢᠨ ᠰᠤᠹᠲ》 ᠲᠠᠪᠴᠠᠩ᠎ᠢ ᠳᠡᠯᠭᠡᠷᠡᠭᠦᠯᠦᠨ ᠦᠨᠳᠦᠰᠦᠨ ᠱᠠᠲᠤᠨ᠎ᠤ ᠨᠡᠢ᠌ᠭᠡᠮ᠎ᠤᠨ ᠲᠤᠰᠠᠯᠠᠮᠵᠢ ᠵᠢᠨ ᠭᠠᠷᠲᠠᠨ ᠭᠦᠢ᠍ᠴᠡᠳᠬᠡᠬᠦ ᠦᠢ᠍ᠯᠡᠴᠢᠯᠡᠭᠡᠨ᠎ᠤ ᠲᠤᠤᠷᠵᠢᠯ᠎ᠢ ᠲᠡᠭᠦᠯᠳᠡᠷᠵᠢᠭᠦᠯᠦᠨ᠂ ᠨᠡᠢ᠌ᠭᠡᠮ᠎ᠤᠨ ᠲᠤᠰᠠᠯᠠᠮᠵᠢ ᠵᠢᠨ ᠦᠢ᠍ᠯᠡᠴᠢᠯᠡᠭᠡᠨ᠎ᠤ 《ᠡᠴᠦᠰ᠎ᠤᠨ ᠨᠢᠭᠡ ᠺᠢᠯᠣᠮᠧᠲᠷ》᠎ᠢ ᠨᠡᠪᠲᠡᠷᠡᠭᠦᠯᠦᠨ᠎ᠡ᠃
ᠣᠨᠴᠠᠭ᠋ᠠᠶ ᠬᠦᠮᠦᠰ᠎ᠤᠨ ᠠᠰᠢᠭ ᠲᠤᠰᠠ ᠵᠢ ᠰᠠᠢ᠌ᠲᠤᠷ ᠪᠠᠲᠤᠯᠠᠵᠤ ᠨᠡᠢ᠌ᠭᠡᠮ᠎ᠤᠨ ᠠᠰᠠᠷᠠᠮᠵᠢ ᠵᠢ ᠲᠡᠭᠡᠭᠰᠢᠯᠡᠬᠦᠯᠤᠨ᠎ᠡ
ᠪᠢᠳᠡ ᠥᠨᠥᠴᠢᠨ ᠬᠡᠦᠬᠡᠳ᠂ ᠵᠡᠮᠳᠡᠭᠴᠦᠳ᠎ᠢ ᠪᠠᠭᠲᠠᠭ᠋ᠠᠭᠰᠠᠨ ᠣᠨᠴᠠᠭ᠋ᠠᠢ ᠬᠦᠮᠦᠰ᠎ᠤᠨ ᠠᠰᠢᠭ ᠲᠤᠰᠠ ᠵᠢ ᠴᠢᠷᠮᠠᠢ᠌ᠨ ᠰᠠᠢ᠌ᠲᠤᠷ ᠪᠠᠳᠤᠯᠠᠵᠤ ᠠᠵᠤ ᠠᠬᠤᠢ ᠵᠢᠨ ᠬᠥᠭᠵᠢᠯᠲᠡ ᠪᠣᠯᠣᠨ ᠠᠷᠠᠳ᠎ᠤᠨ ᠠᠮᠢᠳᠤᠷᠠᠯ᠎ᠤᠨ ᠰᠠᠢ᠌ᠵᠢᠷᠠᠯᠲᠠ ᠵᠢ ᠵᠣᠯᠭ᠋ᠠᠭᠤᠯᠬᠤ ᠵᠢ ᠪᠠᠷᠢᠮᠲᠠᠯᠠᠵᠤ᠂ ᠲᠦᠷᠦ ᠵᠢᠨ ᠪᠣᠳᠣᠯᠭ᠎ᠠ ᠳᠦᠷᠢᠮ᠎ᠢ ᠲᠡᠬᠦᠯᠳᠡᠷᠵᠢᠬᠦᠯᠤᠨ ᠦᠢ᠍ᠯᠡᠴᠢᠯᠡᠭᠡ ᠪᠠᠲᠤᠯᠠᠭ᠎ᠠ ᠵᠢᠨ ᠬᠡᠪᠴᠢᠶ᠎ᠡ ᠵᠢ ᠦᠷᠬᠡᠳᠬᠡᠬᠡᠳ ᠨᠡᠢ᠌ᠭᠡᠮ᠎ᠤᠨ ᠠᠰᠠᠷᠠᠮᠵᠢ ᠵᠢᠨ ᠲᠦᠪᠰᠢᠨ᠎ᠢ ᠳᠡᠭᠡᠭᠰᠢᠯᠡᠭᠦᠯᠦᠨ᠎ᠡ᠃ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠪᠠᠲᠤᠯᠠᠭ᠎ᠠ ᠵᠢᠨ ᠬᠠᠷᠢᠭᠤᠴᠠᠯᠭ᠎ᠠ ᠵᠢ ᠬᠢᠨᠠᠮᠠᠭ᠋ᠠᠢ ᠭᠦᠢ᠍ᠴᠡᠳᠬᠡᠵᠦ᠂ ᠨᠡᠭᠦᠳᠡᠯ ᠬᠡᠦᠬᠡᠳ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠪᠠᠢ᠌ᠳᠠᠯ᠎ᠢ ᠵᠢᠬᠰᠠᠭ᠋ᠠᠨ ᠤᠢ᠌ᠯᠠᠭ᠋ᠠᠵᠤ᠂ ᠰᠢᠨᠵᠢᠯᠡᠬᠦ ᠤᠬᠠᠭ᠋ᠠᠨᠴᠢ᠎ᠪᠠᠷ ᠲᠥᠷᠥᠯ ᠬᠤᠪᠢᠶᠠᠬᠤ᠂ ᠲᠤᠰᠠᠯᠠᠵᠤ ᠲᠡᠳᠬᠦᠬᠦ᠂ ᠰᠡᠳᠬᠢᠴᠡ ᠵᠢᠨ ᠡᠷᠡᠭᠦᠯ ᠮᠡᠨᠳᠦ ᠵᠢ᠎ᠨᠢ ᠬᠠᠯᠠᠮᠵᠢᠯᠠᠬᠤ ᠪᠠ ᠪᠡᠶ᠎ᠡ ᠮᠠᠬᠠᠪᠤᠳ᠎ᠤᠨ ᠠᠮᠤᠷ ᠲᠦᠪᠰᠢᠨ᠎ᠢ ᠬᠠᠮᠠᠭ᠋ᠠᠯᠠᠬᠤ ᠠᠵᠢᠯ᠎ᠢ ᠴᠢᠩᠭ᠋ᠠᠳᠬᠠᠨ᠎ᠠ᠃ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠶᠠᠰᠤ ᠴᠢᠨᠠᠷ᠎ᠢ ᠰᠢᠯᠢᠳᠡᠭᠵᠢᠬᠦᠯᠬᠦ ᠳᠡᠭᠡᠭᠰᠢᠯᠡᠭᠦᠯᠬᠦ ᠪᠠ ᠰᠢᠨ᠎ᠡ ᠵᠢ ᠡᠭᠦᠳᠦᠨ ᠬᠡᠯᠪᠡᠷᠢ᠎ᠪᠠᠨ ᠬᠤᠪᠢᠷᠠᠭᠤᠯᠬᠤ ᠠᠵᠢᠯ᠎ᠢ ᠠᠬᠢᠭᠤᠯᠵᠤ᠂ ᠲᠥᠪᠯᠡᠷᠡᠭᠦᠯᠦᠨ ᠠᠰᠠᠷᠠᠨ ᠬᠥᠮᠥᠵᠢᠭᠦᠯᠬᠦ ᠪᠠᠢ᠌ᠭᠤᠯᠤᠮᠵᠢ ᠵᠢᠨ ᠴᠢᠳᠠᠮᠵᠢ ᠵᠢ ᠲᠡᠭᠡᠭᠰᠢᠯᠡᠬᠦᠯᠤᠬᠡᠳ ᠵᠡᠮᠳᠡᠭ ᠬᠡᠦᠬᠡᠳ ᠵᠡᠷᠭᠡ ᠬᠦᠮᠦᠰ᠎ᠢ ᠠᠰᠠᠷᠠᠨ ᠬᠥᠮᠥᠵᠢᠭᠦᠯᠬᠦ ᠬᠡᠷᠡᠭᠴᠡᠭᠡ ᠵᠢ ᠨᠡᠩ ᠰᠠᠢ᠌ᠲᠤᠷ ᠬᠠᠩᠭ᠋ᠠᠨ᠎ᠠ᠃ ᠦᠨᠳᠦᠰᠦᠨ ᠱᠠᠲᠤᠨ᠎ᠤ ᠬᠡᠦᠬᠡᠳ᠎ᠤᠨ ᠠᠵᠢᠯ᠎ᠤᠨ ᠬᠦᠴᠦᠨ᠎ᠢ ᠴᠢᠩᠭ᠋ᠠᠳᠬᠠᠵᠤ᠂ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠳᠤ ᠨᠡᠢ᠌ᠭᠡᠮ᠎ᠤᠨ ᠲᠤᠰᠬᠠᠢ ᠬᠦᠴᠦᠨ᠎ᠢ ᠲᠠᠢ᠌ᠴᠢᠯᠠᠨ ᠣᠷᠣᠯᠴᠠᠭᠤᠯᠤᠨ᠎ᠠ᠃ ᠵᠡᠮᠳᠡᠭᠴᠦᠳ᠎ᠢ ᠪᠠᠳᠤᠯᠠᠬᠤ ᠠᠵᠢᠯ᠎ᠢ ᠴᠢᠩᠭ᠋ᠠᠳᠬᠠᠵᠤ᠂ ᠵᠡᠮᠳᠡᠭᠴᠦᠳ᠎ᠤᠨ ᠬᠣᠶᠠᠷ ᠨᠥᠬᠥᠪᠦᠷᠢ ᠵᠢᠨ ᠳᠦᠷᠢᠮ᠎ᠢ ᠲᠡᠭᠦᠯᠳᠡᠷᠵᠢᠭᠦᠯᠵᠦ᠂ 《ᠮᠤᠵᠢ ᠠᠯᠤᠰᠯᠠᠨ ᠲᠤᠭᠤᠰᠢᠳᠠᠢ ᠬᠦᠢ᠍ᠴᠡᠳᠬᠡᠬᠦ》᠂ 《ᠪᠥᠬᠥ ᠶᠠᠪᠤᠴᠠ ᠵᠢ ᠰᠦᠯᠵᠢᠶ᠎ᠡ᠎ᠪᠠᠷ ᠬᠦᠢ᠍ᠴᠡᠳᠬᠡᠬᠦ》᠂ 《ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ》 ᠵᠡᠷᠭᠡ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠠᠷᠭ᠎ᠠ ᠵᠢ ᠴᠢᠩᠭ᠋ᠠᠷᠠᠭᠤᠯᠵᠤ᠂ ᠨᠤᠴᠢᠳᠠᠢ ᠵᠡᠮᠳᠡᠭᠴᠦᠳ᠎ᠤᠨ ᠨᠠᠢ᠌ᠳᠠᠨ ᠠᠰᠠᠷᠠᠭᠤᠯᠬᠤ ᠪᠠ ᠬᠠᠷᠠᠭ᠋ᠠᠯᠵᠠᠭᠤᠯᠬᠤ ᠦᠢ᠍ᠯᠡᠴᠢᠯᠡᠭᠡᠨ᠎ᠤ ᠰᠢᠰᠲᠸᠮ᠎ᠢ ᠪᠠᠶ᠋ᠢᠭᠤᠯᠬᠤ ᠠᠵᠢᠯ᠎ᠢ ᠠᠬᠢᠭᠤᠯᠤᠨ᠂ ᠡᠷᠡᠬᠦᠯᠵᠢᠯ᠎ᠳᠤ ᠲᠤᠰᠠᠯᠠᠬᠤ ᠪᠠᠭ᠋ᠠᠵᠢ ᠵᠢᠨ ᠠᠵᠤ ᠦᠢ᠍ᠯᠡᠰ᠎ᠢ ᠬᠥᠭᠵᠢᠭᠦᠯᠵᠦ᠂ ᠣᠶᠤᠨ᠎ᠤ ᠡᠷᠡᠭᠦᠯ ᠬᠠᠮᠠᠭ᠋ᠠᠯᠠᠯ ᠠᠰᠠᠷᠠᠮᠵᠢ ᠵᠢᠨ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠣᠶᠤᠨ᠎ᠤ ᠰᠠᠭ᠋ᠠᠳ᠎ᠲᠠᠢ ᠬᠦᠮᠦᠰ᠎ᠢ ᠨᠡᠢ᠌ᠭᠡᠮ ᠲᠣᠭᠣᠷᠢᠭ᠎ᠲᠤ᠎ᠨᠢ ᠡᠷᠡᠬᠦᠯᠵᠢᠬᠦᠯᠬᠦ ᠦᠢ᠍ᠯᠡᠴᠢᠯᠡᠭᠡᠨ᠎ᠤ ᠰᠢᠰᠲᠸᠮ᠎ᠢ ᠲᠡᠭᠦᠯᠳᠡᠷᠵᠢᠭᠦᠯᠦᠨ᠂ ᠵᠡᠮᠳᠡᠭᠴᠦᠳ᠎ᠲᠤ ᠨᠠᠩ ᠲᠣᠭᠲᠠᠭᠤᠨ᠂ ᠨᠠᠩ ᠥᠨᠳᠥᠷ ᠲᠦᠪᠰᠢᠨ ᠪᠦᠬᠦᠢ ᠣᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠨ᠎ᠠ᠃
ᠨᠡᠢ᠌ᠬᠡᠮ᠎ᠤᠨ ᠶᠠᠪᠤᠳᠠᠯ᠎ᠤᠨ ᠲᠠᠯ᠎ᠠ᠎ᠪᠠᠷ᠎ᠨᠢ ᠪᠣᠳᠠᠲᠤ ᠶᠠᠪᠤᠳᠠᠯ ᠬᠢᠬᠦ᠂ ᠠᠷᠠᠳ᠎ᠤᠨ ᠰᠠᠨᠠᠭ᠋ᠠᠰᠢᠷᠠᠯ᠎ᠢ ᠰᠢᠢ᠍ᠳᠪᠦᠷᠢᠯᠡᠬᠦ ᠠᠵᠢᠯ᠎ᠢ ᠲᠠᠬᠢᠨᠳᠠ ᠴᠢᠡᠭᠭ᠋ᠠᠳᠬᠠᠨ᠎ᠠ
ᠪᠢᠳᠡ ᠤᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠨᠢᠬᠳᠠ ᠠᠩᠬᠠᠷᠴᠤ ᠠᠷᠠᠳ᠎ᠤᠨ ᠵᠣᠪᠠᠨᠢᠯ᠎ᠢ ᠠᠷᠢᠯᠭ᠋ᠠᠬᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠰᠠᠢ᠌ᠨ ᠤᠴᠢᠷ ᠪᠣᠳᠠᠲᠤ ᠶᠠᠪᠤᠳᠠᠯ᠎ᠢ ᠴᠢᠡᠭ ᠦᠨᠡᠨ᠎ᠠᠴᠠ᠎ᠪᠠᠨ ᠰᠡᠳᠬᠢᠯ ᠲᠠᠯᠪᠢᠨ ᠰᠠᠢ᠌ᠲᠤᠷ ᠬᠢᠨ᠎ᠡ᠃ ᠤᠷᠤᠭ᠎ᠤᠨ ᠬᠠᠮᠢᠶᠠᠷᠤᠯᠲᠠ ᠵᠢᠨ ᠦᠢ᠍ᠯᠡᠴᠢᠯᠡᠭᠡ ᠵᠢ ᠦᠷᠭᠦᠯᠵᠢᠯᠡᠨ ᠰᠢᠯᠢᠳᠡᠭᠵᠢᠭᠦᠯᠵᠦ᠂ ᠤᠷᠤᠭ ᠲᠠᠡᠭᠰᠠᠯᠠᠬᠤ ᠵᠢ 《ᠮᠤᠵᠢ ᠠᠯᠤᠰᠯᠠᠨ ᠲᠤᠭᠤᠰᠢᠳᠠᠢ ᠰᠢᠢ᠍ᠳᠪᠦᠷᠢᠯᠡᠬᠦ》 ᠠᠵᠢᠯ᠎ᠢ ᠠᠬᠢᠭᠤᠯᠵᠤ᠂ ᠤᠷᠤᠭ ᠭᠡᠷ ᠪᠦᠯᠢ ᠵᠢᠨ ᠵᠢᠯᠤᠭᠤᠳᠤᠮᠵᠢ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢ ᠶᠡᠬᠡ᠎ᠪᠠᠷ ᠠᠬᠢᠭᠤᠯᠬᠤ᠎ᠳᠤ᠎ᠪᠠᠨ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠣᠷᠣᠨ᠎ᠤ ᠨᠥᠯᠥᠭᠡᠯᠡᠨ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠤᠨ᠂ ᠰᠦᠢ ᠵᠢᠨ ᠪᠡᠯᠡᠭ ᠶᠡᠬᠡ᠎ᠪᠠᠷ ᠠᠪᠬᠤ᠂ ᠶᠡᠬᠡ᠎ᠪᠠᠷ ᠪᠠᠵᠠᠭ᠋ᠠᠵᠤ ᠬᠦᠯ ᠬᠦᠬᠡᠷᠴᠡᠭᠲᠠᠢ ᠡᠷᠭᠢᠯᠡᠬᠦ ᠵᠡᠷᠭᠡ ᠲᠣᠪᠣᠢ᠌ᠮ᠎ᠠ ᠠᠰᠠᠭᠤᠳᠠᠯ᠎ᠢ ᠴᠡᠭᠴᠡᠯᠡᠬᠡᠳ ᠡᠷᠡᠭᠦᠯ ᠥᠭᠡᠳᠡᠷᠬᠡᠭ ᠣᠷᠣᠭ ᠭᠡᠷ ᠪᠦᠯᠢ ᠵᠢᠨ ᠥᠷᠲᠡᠭ᠎ᠤᠨ ᠬᠠᠨᠳᠤᠰᠢ ᠵᠢ ᠨᠡᠢ᠌ᠬᠡᠮ ᠲᠠᠶᠠᠭ᠋ᠠᠷ᠎ᠲᠤ ᠰᠠᠨᠠᠭ᠋ᠠᠴᠢᠯᠠᠨ᠎ᠠ᠃ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠬᠢᠭᠡᠳ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠰᠣᠶᠣᠯ ᠵᠤᠭ᠋ᠠᠴᠠᠯ᠎ᠤᠨ ᠠᠵᠤ ᠦᠢ᠍ᠯᠡᠰ᠎ᠢ ᠣᠷᠭ᠋ᠠᠨᠢᠭ ᠵᠶ᠋ᠠᠷ ᠤᠶᠠᠯᠳᠤᠭᠤᠯᠬᠤ ᠠᠵᠢᠯ᠎ᠢ ᠢᠳᠡᠪᠬᠢᠲᠡᠢ ᠠᠬᠢᠭᠤᠯᠵᠤ᠂ 《ᠤᠷᠤᠭ ᠬᠤᠷᠢᠮ᠎ᠤᠨ ᠠᠵᠤ ᠠᠬᠤᠢ》 ᠵᠢ ᠬᠥᠭᠵᠢᠭᠦᠯᠦᠨ᠎ᠡ᠃ ᠣᠷᠣᠰᠢᠭᠤᠯᠭ᠎ᠠ ᠵᠢᠨ ᠬᠦᠷᠢᠶ᠎ᠡ ᠴᠠᠷᠠᠭ᠎ᠠ᠎ᠳᠤ᠎ᠬᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ 《ᠠᠷᠠᠳ᠎ᠲᠤ ᠠᠰᠢᠭ ᠬᠦᠷᠲᠡᠭᠡᠬᠦ ᠣᠷᠣᠰᠢᠭᠤᠯᠭ᠎ᠠ᠂ ᠢᠳᠡᠬᠡᠮᠵᠢ ᠪᠦᠬᠦᠢ ᠣᠷᠣᠰᠢᠭᠤᠯᠭ᠎ᠠ᠂ ᠢᠯᠨ ᠲᠤᠳᠤᠷᠬᠠᠢ ᠣᠷᠣᠰᠢᠭᠤᠯᠭ᠎ᠠ᠂ ᠪᠣᠬᠢᠷᠲᠤᠯ ᠦᠭᠡᠢ ᠣᠷᠣᠰᠢᠭᠤᠯᠭ᠎ᠠ᠂ ᠰᠣᠶᠣᠯ ᠢᠷᠭᠡᠨᠰᠢᠯ᠎ᠤᠨ ᠣᠷᠣᠰᠢᠭᠤᠯᠭ᠎ᠠ》 ᠵᠢ ᠬᠦᠴᠦᠯᠡᠨ ᠪᠠᠢ᠌ᠭᠤᠯᠤᠨ᠎ᠠ᠃ ᠬᠤᠳᠠ ᠬᠥᠳᠡᠭᠡ ᠵᠢᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢ ᠦᠳᠳᠡᠷ ᠪᠠᠢ᠌ᠭᠤᠯᠵᠤ᠂ ᠣᠷᠣᠰᠢᠭᠤᠯᠭ᠎ᠠ ᠵᠢᠨ ᠦᠨᠳᠦᠰᠦᠨ ᠦᠢ᠍ᠯᠡᠴᠢᠯᠡᠭᠡᠨ᠎ᠤ ᠳᠦᠷᠢᠮ᠎ᠢ ᠲᠡᠭᠦᠯᠳᠡᠷᠵᠢᠭᠦᠯᠵᠦ᠂ ᠣᠷᠣᠰᠢᠭᠤᠯᠭ᠎ᠠ ᠵᠢᠨ ᠦᠨᠳᠦᠰᠦᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠥᠷᠭᠡᠳᠬᠡᠨ᠎ᠡ᠃ ᠣᠷᠣᠰᠢᠭᠤᠯᠭ᠎ᠠ ᠵᠢᠨ ᠠᠵᠢᠯ ᠲᠥᠷᠥᠯ᠎ᠤᠨ ᠨᠡᠶ᠋ᠢᠲᠡ ᠵᠢᠨ ᠠᠰᠠᠷᠠᠮᠵᠢ ᠵᠢᠨ ᠰᠢᠨᠵᠢ ᠴᠢᠨᠠᠷ᠎ᠢ ᠪᠠᠷᠢᠮᠲᠠᠯᠠᠨ᠂ ᠠᠯᠪᠠᠨ᠎ᠠᠴᠠ ᠡᠷᠭᠢᠯᠡᠭᠰᠡᠨ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠠᠮᠢᠶᠠᠷᠤᠯᠲᠠ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢᠨ ᠠᠵᠢᠯ᠎ᠢ ᠠᠬᠢᠭᠤᠯᠵᠤ᠂ ᠨᠡᠶ᠋ᠢᠲᠡ ᠵᠢᠨ ᠣᠩᠭᠣᠨ᠂ ᠣᠷᠣᠰᠢᠭᠤᠯᠭ᠎ᠠ ᠵᠢᠨ ᠭᠠᠵᠠᠷ᠎ᠤᠨ ᠬᠠᠮᠢᠶᠠᠷᠤᠯᠲᠠ ᠵᠢᠨ ᠵᠢᠷᠤᠮᠵᠢᠯ ᠪᠠ ᠬᠠᠮᠢᠶ᠎ᠠ ᠪᠦᠬᠦᠢ ᠦᠢ᠍ᠯᠡᠴᠢᠯᠡᠭᠡᠨ᠎ᠤ ᠪᠠᠷᠢᠮᠵᠢᠶ᠎ᠠ ᠵᠢ ᠲᠡᠭᠦᠯᠳᠡᠷᠵᠢᠭᠦᠯᠦᠨ᠂ ᠶᠡᠷᠦᠩᠬᠡᠢ᠌ᠯᠡᠨ ᠬᠢᠨᠠᠨ ᠬᠠᠮᠢᠶᠠᠷᠬᠤ ᠳᠦᠷᠢᠮ᠎ᠢ ᠲᠡᠬᠦᠯᠳᠡᠷᠵᠢᠬᠦᠯᠤᠨ ᠨᠡᠢ᠌ᠭᠡᠮ᠎ᠤᠨ᠎ᠬᠢᠨ᠎ᠤ ᠬᠢᠨᠠᠯᠲᠠ ᠲᠠᠯᠪᠢᠬᠤ ᠪᠠ ᠢᠯᠡᠴᠢᠯᠡᠬᠦ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠦᠢ᠍ᠯᠡᠴᠢᠯᠡᠭᠡ ᠪᠠ ᠡᠵᠡᠩᠨᠡᠯᠲᠡ ᠵᠢᠨ ᠠᠵᠢᠯᠯᠠᠭ᠎ᠠ ᠵᠢ ᠴᠢᠩᠭ᠎ᠠ ᠵᠢᠷᠤᠮᠵᠢᠭᠤᠯᠤᠨ᠂ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠬᠠᠮᠠᠭ᠋ᠠᠯᠠᠨ᠎ᠠ᠃
ᠨᠡᠢ᠌ᠬᠡᠮ᠎ᠤᠨ ᠵᠠᠰᠠᠯᠳᠠ ᠵᠢᠨ ᠲᠠᠯ᠎ᠠ᠎ᠪᠠᠷ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠰᠢᠨ᠎ᠡ ᠵᠢ ᠡᠬᠦᠳᠤᠨ ᠰᠢᠨ᠎ᠡ ᠲᠦᠷᠰᠤ ᠪᠠᠢ᠌ᠳᠠᠯ᠎ᠢ ᠪᠤᠢ ᠪᠤᠯᠭ᠋ᠠᠨ᠎ᠠ
ᠪᠢᠳᠡ ᠨᠡᠢ᠌ᠭᠡᠮ᠎ᠤᠨ ᠬᠦᠴᠦᠨ᠂ ᠤᠯᠠᠨ ᠨᠡᠶ᠋ᠢᠲᠡ ᠵᠢᠨ ᠡᠬᠢ ᠪᠠᠶᠠᠯᠢᠭ᠎ᠢ ᠲᠠᠢ᠌ᠴᠢᠯᠠᠨ ᠵᠢᠯᠤᠭᠤᠳᠴᠤ ᠵᠢᠯᠤᠭᠣᠳᠴᠤ ᠪᠠᠢ᠌ᠭ᠋ᠠᠳ ᠨᠡᠢ᠌ᠭᠡᠮ᠎ᠤᠨ ᠵᠠᠰᠠᠯᠲᠠ᠎ᠳᠤ ᠣᠷᠣᠯᠴᠠᠭᠤᠯᠬᠤ ᠪᠠᠢ᠌ᠭᠤᠯᠤᠯ ᠲᠣᠭᠲᠠᠴᠠ ᠵᠢ ᠲᠡᠬᠦᠯᠳᠡᠷᠵᠢᠬᠦᠯᠤᠨ ᠤᠯᠤᠰ᠎ᠤᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠤᠨ᠎ᠠ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ᠎ᠤᠨ ᠥᠭᠡᠷᠡᠴᠢᠯᠡᠯᠲᠡ ᠬᠥᠭᠵᠢᠯᠲᠡ ᠵᠢ ᠬᠦᠴᠦᠯᠡᠨ ᠠᠬᠢᠭᠤᠯᠵᠤ ᠨᠠᠮ᠎ᠤᠨ ᠪᠠᠢ᠌ᠭᠤᠯᠤᠯᠲᠠ᠎ᠪᠠᠷ ᠳᠠᠭ᠋ᠠᠭᠤᠯᠬᠤ ᠵᠢ ᠪᠠᠷᠢᠮᠲᠠᠯᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢ ᠢᠯᠡ ᠪᠦᠷᠬᠦᠯᠲᠡ᠎ᠠᠴᠠ ᠪᠦᠲᠦᠮᠵᠢᠲᠡᠢ ᠪᠦᠷᠬᠦᠯᠲᠡ ᠲᠡᠢ᠌ᠰᠢ ᠬᠤᠪᠢᠷᠠᠭᠤᠯᠬᠤ ᠠᠵᠢᠯ᠎ᠢ ᠠᠬᠢᠭᠤᠯᠤᠨ᠎ᠠ᠃ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠶᠡᠬᠡ᠎ᠪᠠᠷ ᠬᠥᠭᠵᠢᠭᠦᠯᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠪᠦᠲᠦᠴᠡ ᠵᠢᠨ ᠪᠠᠢ᠌ᠷᠢᠰᠢᠯ᠎ᠢ ᠲᠠᠰᠤᠷᠠᠯᠳᠠ ᠦᠭᠡᠢ ᠰᠢᠯᠢᠳᠡᠭᠵᠢᠭᠦᠯᠦᠨ᠎ᠡ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠴᠤ ᠦᠭᠭᠦ ᠠᠵᠢᠯ᠎ᠢ ᠳᠠᠭ᠋ᠠᠭ᠋ᠠᠨ ᠠᠪᠬᠤ᠂ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ ᠦᠵᠡᠭᠦᠯᠬᠦ᠂ ᠴᠢᠳᠠᠪᠤᠷᠢᠲᠠᠨ᠎ᠢ ᠬᠥᠭᠵᠢᠭᠦᠯᠬᠦ ᠵᠡᠷᠭᠡ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠵᠢᠯᠤᠭᠣᠳᠴᠤ ᠪᠠᠢ᠌ᠭ᠋ᠠᠳ ᠦᠢ᠍ᠯᠡᠴᠢᠯᠡᠭᠡᠨ ᠬᠡᠯᠪᠡᠷᠢ ᠪᠦᠬᠦᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠣᠲᠣᠭ᠋ᠠᠳᠤ ᠵᠢᠨ ᠵᠠᠰᠠᠯᠲᠠ ᠵᠢᠨ ᠪᠦᠲᠦᠴᠡ ᠵᠢ ᠲᠡᠭᠦᠯᠳᠡᠷᠵᠢᠭᠦᠯᠵᠦ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠪᠠᠢ᠌ᠡᠭᠭᠤ ᠴᠡᠭᠴᠡᠯᠡᠬᠡᠳ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠡᠷᠡᠭᠦᠯ ᠪᠥᠭᠡᠳ ᠡᠮᠬᠢ ᠵᠢᠷᠤᠮ᠎ᠲᠠᠢ ᠬᠦᠭᠵᠢᠯᠳᠡ ᠵᠢ ᠠᠬᠢᠭᠤᠯᠤᠨ᠎ᠠ᠃ ᠨᠢᠭᠦᠯᠡᠰᠦᠩᠭᠦᠢ ᠵᠢᠨ ᠦᠢ᠍ᠯᠡᠰ᠎ᠤᠨ ᠬᠥᠭᠵᠢᠯᠲᠡ ᠵᠢ ᠠᠬᠢᠭᠤᠯᠵᠤ ᠳᠠᠩᠰᠠᠯᠠᠬᠤ ᠪᠠ ᠮᠠᠭ᠋ᠠᠳᠯᠠᠨ ᠲᠣᠭᠲᠠᠭ᠋ᠠᠬᠤ ᠶᠠᠪᠤᠴᠨ ᠵᠢ ᠰᠢᠯᠢᠳᠡᠭᠵᠢᠭᠦᠯᠵᠦ᠂ ᠨᠢᠭᠦᠯᠡᠰᠦᠩᠭᠦᠢ ᠵᠢᠨ ᠬᠦᠴᠦᠨ᠎ᠤ ᠨᠠᠰᠤᠲᠠᠢ᠌ᠴᠤᠳ᠎ᠢ ᠲᠡᠳᠬᠦᠨ ᠵᠡᠮᠳᠡᠭᠴᠦᠳ᠎ᠢ ᠬᠠᠪᠰᠤᠷᠬᠤ᠂ ᠨᠢᠯᠬᠠᠰ᠎ᠢ ᠲᠡᠮᠵᠢᠨ ᠬᠦᠴᠢᠷᠳᠡᠯᠲᠡᠢ ᠬᠦᠮᠦᠰ᠎ᠢ ᠲᠤᠰᠠᠯᠠᠬᠤ ᠵᠡᠷᠭᠡ ᠠᠵᠢᠯᠯᠠᠭ᠎ᠠ᠎ᠳᠤ ᠣᠷᠣᠯᠴᠠᠬᠤ ᠵᠢ ᠲᠡᠮᠵᠢᠵᠤ᠂ ᠨᠡᠶ᠋ᠢᠲᠡ ᠵᠢᠨ ᠠᠰᠠᠷᠠᠮᠵᠢ ᠵᠢ ᠨᠢᠭᠦᠯᠡᠰᠦᠩᠭᠦᠢ ᠵᠢᠨ ᠲᠤᠰᠠᠯᠠᠮᠵᠢ᠂ ᠨᠡᠢ᠌ᠭᠡᠮ᠎ᠤᠨ ᠠᠰᠠᠷᠠᠮᠵᠢ ᠵᠡᠷᠭᠡ ᠳᠦᠷᠢᠮ᠎ᠲᠠᠢ ᠪᠦᠲᠦᠮᠵᠢᠲᠡᠶ᠎ᠪᠠᠷ ᠵᠣᠯᠭ᠋ᠠᠭᠤᠯᠬᠤ ᠠᠵᠢᠯ᠎ᠢ ᠠᠬᠢᠭᠤᠯᠤᠨ᠎ᠠ᠃ ᠨᠢᠭᠦᠯᠡᠰᠦᠩᠭᠦᠢ ᠵᠢᠨ ᠵᠢᠷᠤᠮᠵᠢᠭᠰᠠᠨ ᠬᠠᠮᠢᠶᠠᠷᠤᠯᠲᠠ ᠵᠢᠨ ᠰᠢᠰᠲ᠋ᠧᠮ ᠪᠠ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠲᠡᠬᠦᠯᠳᠡᠷᠵᠢᠬᠦᠯᠤᠨ 《ᠢᠯᠨ ᠨᠢᠭᠦᠯᠡᠰᠦᠩᠭᠦᠢ》 ᠵᠢᠨ ᠦᠢ᠍ᠯᠡᠰ᠎ᠢ ᠢᠳᠡᠪᠬᠢᠲᠡᠢ᠎ᠪᠠᠷ ᠪᠤᠢ ᠪᠣᠯᠭ᠋ᠠᠨ᠎ᠠ᠃ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ᠎ᠬᠢᠨ᠎ᠤ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠢ 《ᠨᠠᠰᠤᠳᠠᠢ᠌ᠴᠤᠳ ᠪᠠ ᠬᠡᠤᠬᠡᠳ》᠂ ᠵᠡᠮᠳᠡᠭᠴᠦᠳ᠎ᠤᠨ ᠠᠰᠠᠷᠠᠮᠵᠢ ᠵᠡᠷᠭᠡ ᠬᠦᠷᠢᠶ᠎ᠡ ᠴᠠᠷᠠᠭ᠎ᠠ᠎ᠳᠤ ᠨᠠᠩ ᠢᠯᠡᠭᠦᠦ ᠣᠷᠣᠭᠤᠯᠵᠤ᠂ ᠢᠯᠡ ᠲᠣᠳᠣ ᠪᠠᠢ᠌ᠯᠭ᠋ᠠᠬᠤ ᠵᠢ ᠦᠨᠡᠨ ᠬᠦ᠌ ᠪᠠᠲᠤᠯᠠᠨ᠎ᠠ᠃ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠠᠵᠢᠯ᠎ᠳᠤ᠎ᠬᠢ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠡᠷᠡᠰ ᠨᠠᠢ᠌ᠳᠠᠪᠤᠷᠢᠵᠢᠭᠤᠯᠤᠨ᠂ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠳᠤ ᠲᠣᠬᠢᠷᠠᠭᠤᠯᠤᠯᠲᠠ ᠬᠢᠬᠦ ᠰᠠᠯᠠᠭ᠎ᠠ ᠮᠥᠴᠢᠷ᠎ᠤᠨ ᠬᠠᠮᠲᠤᠷᠠᠨ ᠬᠢᠨᠠᠬᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠬᠢᠯᠢ ᠬᠢᠵᠠᠭ᠋ᠠᠷ᠂ ᠠᠮᠨ ᠪᠦᠯᠢ ᠴᠥᠭᠡᠨ ᠬᠤᠰᠢᠭᠤ ᠰᠢᠶᠠᠨ᠂ ᠰᠤᠮᠤ ᠰᠢᠶᠠᠩ ᠪᠠᠯᠭ᠋ᠠᠰᠤ ᠵᠢᠨ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠳᠤ ᠲᠣᠬᠢᠷᠠᠭᠤᠯᠤᠯᠲᠠ ᠬᠢᠬᠦ ᠠᠵᠢᠯ᠎ᠢ ᠯᠠᠪᠳᠠᠭᠤᠨ ᠪᠣᠯᠭᠣᠮᠵᠢᠲᠠᠢ ᠠᠬᠢᠭᠤᠯᠵᠤ᠂ ᠭᠠᠵᠠᠷ᠎ᠤᠨ ᠨᠡᠷᠡᠰ᠎ᠤᠨ ᠲᠡᠦᠬᠡ ᠰᠣᠶᠣᠯ᠎ᠢ ᠬᠠᠮᠠᠭ᠋ᠠᠯᠠᠨ ᠤᠯᠠᠮᠵᠢᠯᠠᠬᠤ ᠠᠵᠢᠯ᠎ᠢ ᠴᠢᠩᠭ᠋ᠠᠳᠬᠠᠨ᠂ ᠭᠠᠵᠠᠷ᠎ᠤᠨ ᠨᠡᠷᠡᠰ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲᠸᠮ᠎ᠢ ᠲᠡᠬᠦᠯᠳᠡᠷᠵᠢᠬᠦᠯᠤᠨ᠎ᠡ᠃