ᠳᠤᠮᠳᠠᠳᠤᠴᠤᠳ ᠡᠷᠲᠡᠨ᠎ᠠᠴᠠ ᠠᠪᠤᠭ᠋ᠠᠳ ᠨᠠᠰᠤᠲᠠᠨ ᠵᠶ᠋ᠠᠨ ᠠᠴᠢᠯᠠᠵᠤ ᠡᠯᠢᠬᠡᠨ ᠰᠠᠳᠤᠨ ᠵᠶ᠋ᠠᠨ ᠬᠠᠢ᠌ᠷᠠᠯᠠᠬᠤ᠂ ᠨᠠᠰᠤᠲᠠᠨ ᠵᠶ᠋ᠠᠨ ᠬᠦᠨᠳᠦᠯᠡᠵᠦ ᠨᠠᠰᠤᠲᠠᠨ ᠵᠶ᠋ᠠᠨ ᠠᠰᠠᠷᠠᠬᠤ᠂ ᠨᠢᠯᠬᠠᠰ ᠵᠶ᠋ᠠᠨ ᠬᠠᠢ᠌ᠷᠠᠯᠠᠵᠤ ᠨᠢᠯᠬᠠᠰ ᠵᠶ᠋ᠠᠨ ᠬᠠᠮᠠᠭ᠋ᠠᠯᠠᠬᠤ ᠵᠢ ᠰᠠᠨᠠᠭ᠋ᠠᠴᠢᠯᠠᠭᠰᠠᠭ᠋ᠠᠷ ᠢᠷᠡᠭᠰᠡᠨ ᠶᠤᠮ᠃ ᠮᠠᠨ᠎ᠤ ᠤᠯᠤᠰ ᠨᠢᠭᠡᠨᠲᠡ ᠨᠠᠰᠤᠵᠢᠯ᠎ᠤᠨ ᠨᠡᠢ᠌ᠭᠡᠮ᠎ᠳᠤ ᠤᠷᠤᠵᠠᠢ᠃ ᠨᠠᠰᠤᠲᠠᠢ᠌ᠴᠤᠳ ᠥᠲᠡᠯᠪᠡᠯ ᠠᠰᠠᠷᠠᠮᠵᠢ᠎ᠲᠠᠢ᠂ ᠥᠲᠡᠯᠪᠡᠯ ᠲᠦᠰᠢᠭ᠎ᠲᠠᠢ᠂ ᠦᠳᠡᠯᠤᠬᠡ ᠨᠠᠰᠤᠨ᠎ᠪᠠᠨ ᠪᠠᠶᠠᠷ ᠴᠡᠩᠭᠡᠯ᠎ᠲᠠᠢ᠂ ᠠᠮᠤᠷ ᠠᠮᠤᠭᠤᠯᠠᠩ ᠦᠡᠭᠭᠡᠷᠡᠬᠦᠯᠬᠦ᠎ᠨᠢ ᠨᠡᠢ᠌ᠭᠡᠮ᠎ᠤᠨ ᠡᠶ᠎ᠡ ᠵᠣᠬᠢᠴᠠᠩᠭᠤᠢ ᠲᠣᠭᠲᠠᠭᠤᠨᠯᠤᠭᠠ ᠬᠣᠯᠪᠣᠭᠳᠠᠨ᠎ᠠ᠃ ᠪᠢᠳᠡ ᠨᠠᠰᠤᠲᠠᠨ᠎ᠢ ᠬᠦᠨᠳᠦᠯᠡᠬᠦ᠂ ᠨᠠᠰᠤᠲᠠᠨ᠎ᠢ ᠬᠠᠯᠠᠮᠵᠢᠯᠠᠬᠤ᠂ ᠨᠠᠰᠤᠲᠠᠨ᠎ᠢ ᠠᠴᠢᠯᠠᠬᠤ ᠵᠢ ᠨᠡᠢ᠌ᠭᠡᠮ ᠳᠠᠶᠠᠭ᠋ᠠᠷ᠎ᠲᠤ ᠶᠡᠬᠡ᠎ᠪᠠᠷ ᠰᠠᠨᠠᠭ᠋ᠠᠴᠢᠯᠠᠵᠤ ᠨᠠᠰᠤᠲᠠᠢ᠌ᠴᠤᠳ᠎ᠤᠨ ᠦᠢ᠍ᠯᠡᠰ᠎ᠢ ᠶᠡᠬᠡ᠎ᠪᠠᠷ ᠬᠦᠭᠵᠢᠬᠦᠯᠤᠨ ᠨᠠᠰᠤᠲᠠᠢ᠌ᠴᠤᠳ ᠪᠤᠯᠭ᠋ᠠᠨ᠎ᠢ ᠵᠣᠯ ᠵᠢᠷᠭ᠋ᠠᠯ᠎ᠲᠠᠢ ᠰᠠᠢ᠌ᠬᠠᠨ ᠠᠮᠢᠳᠤᠷᠠᠭᠤᠯᠬᠤ ᠬᠡᠷᠡᠭᠲᠡᠢ᠃
— 2019 ᠣᠨ᠎ᠤ 2 ᠳ᠋ᠤᠭ᠋ᠠᠷ ᠰᠠᠷ᠎ᠠ ᠵᠢᠨ 3᠎ᠤ ᠡᠳᠦᠷ᠂ ᠰᠢ ᠵᠢᠨ ᠫᠢᠩ ᠶᠡᠷᠦᠩᠬᠡᠢ ᠱᠦᠵᠢ ᠵᠢᠨ 2019 ᠣᠨ᠎ᠤ ᠴᠠᠭ᠋ᠠᠨ ᠰᠠᠷ᠎ᠠ ᠵᠢᠨ ᠬᠠᠮᠲᠤ ᠵᠢᠨ ᠵᠣᠯᠭ᠋ᠠᠯᠲᠠ ᠳᠡᠭᠡᠷ᠎ᠡ ᠬᠡᠯᠡᠭᠰᠡᠨ ᠦᠭᠡ
ᠮᠠᠨ᠎ᠤ ᠤᠯᠤᠰ ᠨᠠᠰᠤᠵᠢᠯ᠎ᠤᠨ ᠨᠡᠢ᠌ᠭᠡᠮ᠎ᠳᠤ ᠣᠷᠣᠪᠠ᠂ ᠨᠠᠰᠤᠲᠠᠢ᠌ᠴᠤᠳ᠎ᠢ ᠥᠲᠡᠯᠪᠡᠯ ᠠᠰᠠᠷᠠᠮᠵᠢ᠎ᠲᠠᠢ᠂ ᠵᠣᠯ ᠵᠢᠷᠭ᠋ᠠᠯᠳᠠᠢ᠂ ᠡᠷᠡᠭᠦᠯ ᠴᠢᠭᠢᠷᠠᠭ ᠤᠷᠳᠤ ᠨᠠᠰᠤᠯᠠᠭᠤᠯᠬᠤ ᠪᠣᠯ ᠪᠢᠳᠡᠨ᠎ᠤ ᠬᠠᠮᠲᠤ ᠵᠢᠨ ᠬᠦᠰᠡᠯ ᠡᠷᠡᠮᠡᠯᠵᠡᠯ ᠮᠥᠨ᠃ ᠨᠠᠮ᠎ᠤᠨ ᠲᠥᠪ ᠬᠣᠷᠢᠶ᠎ᠠ ᠵᠢᠨ᠎ᠬᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠢ ᠮᠠᠰᠢᠳᠠ ᠴᠢᠬᠤᠯᠠᠴᠢᠯᠠᠨ ᠲᠦᠷᠦ ᠵᠢᠨ ᠪᠣᠳᠣᠯᠭ᠎ᠠ ᠵᠢ ᠪᠣᠳᠠᠲᠠᠢ ᠨᠠᠢ᠌ᠳᠠᠪᠤᠷᠢᠵᠢᠭᠤᠯᠤᠭ᠋ᠠᠳ ᠨᠡᠩ ᠤᠯᠠᠨ ᠨᠠᠰᠤᠲᠠᠢ᠌ᠴᠤᠳ᠎ᠲᠤ ᠠᠰᠢᠭ ᠬᠦᠷᠳᠡᠬᠡᠬᠦ ᠬᠡᠷᠡᠭᠳᠡᠢ᠃
— 2018 ᠣᠨ᠎ᠤ 11 ᠳ᠋ᠤᠬᠡᠷ ᠰᠠᠷ᠎ᠠ ᠵᠢᠨ 6᠎ᠤ ᠡᠳᠦᠷ᠂ ᠰᠢ ᠵᠢᠨ ᠫᠢᠩ ᠶᠡᠷᠦᠩᠬᠡᠢ ᠱᠦᠵᠢ ᠱᠠᠩᠬᠠᠢ᠎ᠳᠤ ᠠᠵᠢᠯ ᠪᠠᠢ᠌ᠴᠠᠭ᠋ᠠᠬᠤ᠎ᠳᠤ᠎ᠪᠠᠨ ᠬᠡᠯᠡᠭᠰᠡᠨ ᠦᠭᠡ
ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠦᠭᠵᠢᠬᠦᠯᠤᠯᠳᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ ᠬᠠᠮᠳᠤ᠎ᠪᠠᠷ ᠪᠠᠶ᠋ᠢᠭᠤᠯᠬᠤ᠂ ᠬᠠᠮᠳᠤ᠎ᠪᠠᠷ ᠵᠠᠰᠠᠬᠤ᠂ ᠬᠠᠮᠳᠤ᠎ᠪᠠᠷ ᠡᠳ᠋ᠯᠡᠬᠦ ᠪᠠ ᠭᠣᠣᠯᠳᠠᠯᠭ᠎ᠠ᠎ᠪᠠᠨ ᠳᠣᠷᠣᠭᠰᠢ᠎ᠪᠠᠨ ᠰᠢᠯᠵᠢᠭᠦᠯᠬᠦ᠂ ᠬᠦᠴᠦᠨ ᠵᠶ᠋ᠡᠨ ᠳᠣᠷᠣᠭᠰᠢ ᠲᠠᠯᠪᠢᠬᠤ ᠵᠢ ᠪᠠᠷᠢᠮᠲᠠᠯᠠᠵᠤ ᠠᠷᠠᠳ ᠤᠯᠠᠨ᠎ᠤ ᠠᠩᠬᠠᠷᠴᠤ ᠪᠠᠢ᠌ᠭ᠎ᠠ ᠠᠵᠢᠯ ᠣᠯᠭᠣᠯᠲᠠ᠂ ᠰᠤᠷᠭ᠋ᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ ᠵᠡᠷᠭᠡ ᠲᠣᠪᠣᠢ᠌ᠮ᠎ᠠ ᠠᠰᠠᠭᠤᠳᠠᠯ᠎ᠢ ᠴᠢᠷᠮᠠᠢ᠌ᠨ ᠰᠠᠢ᠌ᠲᠤᠷ ᠰᠢᠢ᠍ᠳᠪᠤᠷᠢᠯᠡᠬᠡᠳ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠲᠦᠪᠰᠢᠨ ᠪᠣᠯᠣᠨ ᠶᠠᠰᠤ ᠴᠢᠨᠠᠷ᠎ᠢ ᠳᠠᠰᠤᠷᠠᠯᠳᠠ ᠦᠭᠡᠢ ᠳᠡᠭᠡᠭᠰᠢᠯᠡᠭᠦᠯᠵᠦ ᠤᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠤᠯ ᠵᠢᠷᠭ᠋ᠠᠯᠲᠤ ᠲᠥᠷᠥᠭᠳᠡᠯ ᠪᠠ᠂ ᠠᠮᠤᠷ ᠠᠮᠤᠭᠤᠯᠠᠡᠭ ᠲᠥᠷᠥᠭᠳᠡᠯ᠎ᠢ ᠲᠡᠭᠡᠭᠰᠢᠯᠡᠬᠦᠯᠬᠦ ᠬᠡᠷᠡᠭᠲᠡᠢ᠃
— 2018 ᠣᠨ᠎ᠤ 11 ᠳ᠋ᠤᠭ᠋ᠠᠷ ᠰᠠᠷ᠎ᠠ ᠵᠢᠨ 7᠎ᠤ ᠡᠳᠦᠷ᠂ ᠰᠢ ᠵᠢᠨ ᠫᠢᠩ ᠶᠡᠷᠦᠩᠬᠡᠢ ᠱᠦᠵᠢ ᠱᠠᠩᠬᠠᠢ᠎ᠳᠤ ᠠᠵᠢᠯ ᠪᠠᠢ᠌ᠴᠠᠭ᠋ᠠᠬᠤ᠎ᠳᠤ᠎ᠪᠠᠨ ᠬᠡᠯᠡᠭᠰᠡᠨ ᠦᠭᠡ