ᠯᠢ ᠺᠧ ᠴᠢᠶᠠᠩ ᠠᠩᠭᠤᠯᠠ ᠶᠢᠨ ᠶᠡᠷᠦᠩᠭᠡᠶᠢᠯᠡᠭᠴᠢ ᠯᠦᠸᠧᠯᠦ᠋ᠨᠰᠦ᠋ᠸᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2018-11-27

     ᠳᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠭᠡᠢ ᠰᠠᠶᠢᠳ ᠯᠢ ᠺᠧ ᠴᠢᠶᠠᠩ 10 ᠳ᠋ᠤᠭᠠᠷ ᠰᠠᠷ᠎ᠠ ᠶᠢᠨ 9 ᠤ

ᠡᠳᠤᠷ ᠠᠷᠠᠳ ᠤᠨ ᠶᠡᠭᠡ ᠬᠤᠷᠠᠯ ᠤᠨ ᠳᠢᠩᠬᠢᠮ ᠳᠤ ᠳᠤᠮᠳᠠᠳᠤ ᠤᠯᠤᠰ ᠲᠤ ᠳᠦᠷᠦ ᠶᠢᠨ ᠶᠠᠪᠤᠳᠠᠯ ᠤᠨ

ᠠᠶᠢᠯᠴᠢᠯᠠᠯᠳᠠ ᠬᠢᠬᠦ ᠪᠠᠷ ᠢᠷᠡᠭᠰᠡᠨ ᠠᠩᠭᠤᠯᠠ ᠶᠢᠨ ᠶᠡᠷᠦᠩᠭᠡᠶᠢᠯᠡᠭᠴᠢ ᠯᠦᠸᠧᠯᠦ᠋ᠨᠰᠦ᠋ᠸᠧ ᠲᠠᠢ ᠠᠭᠤᠯᠵᠠᠪᠠ᠃

     ᠯᠢ ᠺᠧ ᠴᠢᠶᠠᠩ᠂ ᠳᠤᠮᠳᠠᠳᠤ ᠠᠩᠭᠤᠯᠠ ᠶᠢᠨ ᠪᠤᠳᠠᠳᠠᠢ ᠶᠢ ᠡᠷᠬᠢᠮᠯᠡᠬᠦ ᠬᠠᠮᠳᠤᠷᠠᠯᠴᠠᠭᠠᠨ ᠤ ᠠᠯᠤᠰ

ᠢᠷᠡᠭᠡᠳᠦᠢ ᠦᠷᠭᠡᠨ ᠠᠭᠤᠳᠠᠮ ᠶᠤᠮ᠃ ᠳᠠᠷᠠᠭ᠎ᠠ ᠠᠯᠬᠤᠮ ᠳᠤ ᠬᠤᠶᠠᠷ ᠳᠠᠯ᠎ᠠ ᠪᠠᠷ ᠢᠶᠠᠨ ᠬᠦᠭᠵᠢᠯᠳᠡ ᠶᠢᠨ

ᠪᠠᠶᠢᠯᠳᠤᠬᠤ ᠪᠤᠳᠤᠯᠭ᠎ᠠ ᠶᠢᠨ ᠠᠪᠴᠠᠯᠳᠤᠭ᠎ᠠ ᠪᠠᠨ ᠴᠢᠩᠭᠠᠳᠬᠠᠨ᠂ ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ

ᠶᠠᠷᠢᠶᠠᠨ ᠤ ᠳᠠᠪᠴᠠᠩ ᠤᠨ ᠪᠡᠭᠡᠵᠢᠩ ᠤᠨ ᠳᠦᠷᠦᠬᠦᠴᠤᠳ ᠤᠨ ᠬᠤᠷᠠᠯ ᠤᠨ ᠦᠷ᠎ᠡ ᠪᠦᠳᠦᠮᠵᠢ ᠶᠢ

ᠨᠠᠶᠢᠳᠠᠪᠤᠷᠢᠵᠢᠭᠤᠯᠵᠤ᠂ ᠬᠠᠮᠳᠤᠷᠠᠯᠴᠠᠬᠤ ᠭᠡᠪ ᠵᠠᠭᠪᠤᠷ ᠤᠨ ᠰᠢᠨ᠎ᠠ ᠶᠢ ᠡᠬᠦᠳᠤᠨ᠂ ᠪᠡᠯᠡ ᠤᠷᠤᠭᠤᠯᠤᠯᠥᠳᠠ ᠶᠢ

ᠬᠠᠮᠠᠭᠠᠯᠠᠬᠤ ᠵᠦᠪᠳᠡᠯᠴᠡᠭᠡᠷ ᠢ ᠳᠦᠷᠭᠡᠨ ᠵᠦᠪᠳᠡᠨ ᠳᠤᠭᠳᠠᠭᠠᠵᠤ᠂ ᠠᠵᠤ ᠦᠢᠯᠡᠰ᠂ ᠠᠷᠠᠯᠵᠢᠶ᠎ᠠ᠂ ᠰᠠᠭᠤᠷᠢ

ᠳᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠵᠡᠷᠭᠡ ᠭᠤᠤᠯᠳᠠᠯᠭ᠎ᠠ ᠲᠠᠢ ᠬᠦᠷᠢᠶ᠎ᠠ ᠴᠠᠷᠠᠭ᠎ᠠ ᠶᠢᠨ ᠬᠠᠮᠳᠤᠷᠠᠯᠴᠠᠭ᠎ᠠ

 ᠪᠠᠨ ᠠᠬᠢᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠢᠯᠡᠳᠤᠯ ᠢ ᠤᠯᠠᠮ ᠴᠢᠨᠠᠭᠰᠢᠳᠠ

ᠪᠠᠳᠠᠷᠠᠭᠤᠯᠵᠤ᠂ ᠳᠤᠮᠳᠠᠳᠤ ᠠᠩᠭᠤᠯᠠ ᠶᠢᠨ ᠬᠠᠷᠢᠯᠴᠠᠨ ᠠᠰᠢᠭ ᠲᠠᠢ ᠬᠠᠮᠳᠤᠷᠠᠯᠴᠠᠭ᠎ᠠ ᠶᠢ ᠳᠡᠰ ᠳᠡᠪᠰᠢᠬᠦᠯᠦᠨ᠂

ᠬᠤᠶᠠᠷ ᠤᠯᠤᠰ ᠤᠨ ᠠᠷᠠᠳ ᠳᠦᠮᠡᠨ ᠳᠤ ᠠᠰᠢᠭ ᠬᠦᠷᠳᠡᠭᠡᠨ᠎ᠡ᠃ ᠳᠤᠮᠳᠠᠳᠤ ᠶᠢᠨ ᠬᠢᠨ ᠳᠤᠮᠳᠠᠳᠤ ᠤᠯᠤᠰ ᠤᠨ

ᠠᠵᠤ ᠠᠬᠤᠶᠢᠯᠠᠯ ᠠᠩᠭᠤᠯᠠ ᠳᠤ ᠤᠴᠢᠵᠤ ᠪᠡᠯᠡ ᠤᠷᠤᠭᠤᠯᠬᠤ᠂ ᠠᠩᠭᠤᠯᠠ ᠶᠢᠨ ᠬᠠᠤᠯᠢ ᠳᠦᠷᠢᠮ ᠢ ᠰᠠᠬᠢᠨ

ᠵᠢᠷᠤᠮᠯᠠᠬᠤ ᠶᠢ ᠵᠤᠷᠢᠭᠵᠢᠭᠤᠯᠤᠨ᠎ᠠ᠃ ᠠᠩᠭᠤᠯᠠ ᠶᠢᠨ ᠬᠢᠨ ᠠᠷᠠᠯᠵᠢᠶ᠎ᠠ ᠬᠤᠳᠠᠯᠳᠤᠭᠠᠨ ᠤ ᠶᠠᠪᠤᠳᠠᠯ ᠳᠤ ᠳᠦᠬᠦᠮ

ᠦᠵᠡᠬᠦᠯᠵᠤ᠂ ᠨᠡᠩ ᠤᠯᠠᠨ ᠪᠦᠳᠦᠮᠵᠢᠳᠡᠢ ᠠᠷᠭ᠎ᠠ ᠭᠡᠮᠵᠢᠶ᠎ᠡ ᠠᠪᠴᠤ ᠳᠤᠮᠳᠠᠳᠤ ᠶᠢᠨ ᠡᠷᠭᠡᠳᠤ ᠠᠷᠠᠳ ᠤᠨ ᠠᠮᠤᠷ

ᠳᠦᠪᠰᠢᠨ ᠢ ᠪᠠᠳᠤᠯᠠᠬᠤ ᠶᠢ ᠬᠦᠰᠡᠵᠤ ᠪᠠᠶᠢᠨ᠎ᠠ ᠭᠡᠵᠤ ᠢᠯᠡᠷᠭᠡᠶᠢᠯᠡᠪᠡ᠃

     ᠯᠦᠸᠧᠯᠦ᠋ᠨᠰᠦ᠋ᠸᠧ᠂ ᠪᠢ ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠳᠠᠪᠴᠠᠩ ᠤᠨ

ᠪᠡᠭᠡᠵᠢᠩ ᠤᠨ ᠳᠦᠷᠦᠬᠦᠴᠤᠳ ᠤᠨ ᠬᠤᠷᠠᠯ ᠤᠨ ᠳᠠᠷᠠᠭ᠎ᠠ ᠳᠤᠮᠳᠠᠳᠤ ᠤᠯᠤᠰ ᠲᠤ ᠳᠠᠬᠢᠨ ᠠᠶᠢᠯᠴᠢᠯᠠᠵᠤ ᠪᠠᠶᠢᠨ᠎ᠠ᠂

ᠡᠨᠡ ᠨᠢ ᠠᠩᠭᠤᠯᠠ ᠳᠤᠮᠳᠠᠳᠤ ᠶᠢᠨ ᠬᠠᠷᠢᠴᠠᠭᠠᠨ ᠤ ᠴᠢᠬᠤᠯᠠ ᠴᠢᠨᠠᠷ ᠢ ᠬᠠᠷᠠᠭᠤᠯᠵᠤ ᠪᠠᠶᠢᠭ᠎ᠠ ᠶᠤᠮ᠃ ᠠᠩᠭᠤᠯᠠ

ᠳᠤᠮᠳᠠᠳᠤ ᠬᠤᠶᠠᠷ ᠤᠯᠤᠰ ᠤᠷᠳᠤ ᠬᠤᠭᠤᠴᠠᠭ᠎ᠠ ᠪᠠᠷ ᠨᠦᠬᠦᠷᠰᠡᠭ᠂ ᠬᠠᠷᠢᠯᠴᠠᠨ ᠠᠰᠢᠭ ᠲᠠᠢ ᠬᠠᠮᠳᠤᠪᠠᠷ ᠠᠰᠢᠭ

ᠤᠯᠬᠤ ᠶᠢ ᠪᠠᠷᠢᠮᠳᠠᠯᠠᠵᠤ ᠳᠤᠮᠳᠠᠳᠤ ᠠᠹᠷᠢᠺᠠ ᠶᠢᠨ ᠦᠯᠢᠭᠡᠷ ᠳᠠᠭᠤᠷᠢᠶᠠᠯ ᠪᠤᠯᠪᠠ᠃ ᠠᠩᠭᠤᠯᠠ ᠶᠢᠨ ᠬᠢᠨ ᠳᠤᠮᠳᠠᠳᠤ

ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠳᠠᠪᠴᠠᠩ ᠤᠨ ᠪᠡᠭᠡᠵᠢᠩ ᠤᠨ ᠳᠦᠷᠦᠬᠦᠴᠤᠳ ᠤᠨ ᠬᠤᠷᠠᠯ ᠤᠨ

ᠢᠳᠡᠪᠬᠢᠳᠡᠢ ᠠᠮᠵᠢᠯᠳᠠ ᠶᠢ ᠳᠡᠭᠡᠳᠤ ᠭᠡᠮᠵᠢᠶ᠎ᠡ ᠪᠠᠷ ᠮᠠᠭᠳᠠᠨ ᠰᠠᠶᠢᠰᠢᠶᠠᠵᠤ ᠪᠠᠶᠢᠨ᠎ᠠ᠃ ᠪᠢᠳᠠ ᠳᠤᠷᠠᠳᠠᠶ᠎ᠠ

ᠳᠤᠮᠳᠠᠳᠤ ᠶᠢᠨ ᠬᠢᠨ ᠲᠠᠢ ᠤᠰᠤᠨ ᠴᠠᠬᠢᠯᠭᠠᠨ ᠦᠷᠳᠡᠭᠡ᠂ ᠴᠠᠬᠢᠯᠭᠠᠨ ᠳᠤᠤᠷ᠂ ᠵᠠᠰᠠᠮᠠᠯ ᠵᠠᠮ᠂ ᠲᠡᠮᠤᠷ ᠵᠠᠮ ᠵᠡᠷᠭᠡ

ᠰᠠᠭᠤᠷᠢ ᠳᠦᠬᠦᠭᠡᠷᠦᠮᠵᠢ ᠶᠢᠨ ᠬᠦᠷᠢᠶ᠎ᠠ ᠴᠠᠷᠠᠭ᠎ᠠ ᠳᠤ ᠬᠠᠮᠳᠤᠷᠠᠨ ᠠᠵᠢᠯᠯᠠᠵᠤ᠂ ᠳᠤᠮᠳᠠᠳᠤ ᠤᠯᠤᠰ ᠤᠨ ᠠᠵᠤ

ᠠᠬᠤᠶᠢᠯᠠᠯ ᠤᠨ ᠠᠩᠭᠤᠯᠠ ᠳᠤ ᠪᠡᠯᠡ ᠤᠷᠤᠭᠤᠯᠤᠨ ᠠᠳᠠᠯ ᠦᠢᠯᠡᠰ ᠢᠶᠠᠨ ᠬᠦᠭᠵᠢᠬᠦᠯᠬᠦ ᠳᠤ ᠰᠠᠶᠢᠨ ᠰᠠᠶᠢᠬᠠᠨ

ᠤᠷᠴᠢᠨ ᠳᠤᠭᠤᠷᠢᠨ ᠬᠠᠩᠭᠠᠨ᠎ᠠ ᠭᠡᠵᠤ ᠢᠯᠡᠷᠭᠡᠶᠢᠯᠡᠪᠡ᠃

ᠸᠠᠩ ᠢ ᠠᠭᠤᠯᠵᠠᠯᠳᠠ ᠳᠤ ᠤᠷᠤᠯᠴᠠᠪᠠ᠃

 
ᠢᠷᠡᠯᠲᠡ᠄ ᠦᠪᠤᠷ ᠮᠤᠩᠭᠤᠯ ᠤᠨ ᠠᠷᠠᠤᠨ ᠤᠨ ᠶᠠᠪᠤᠳᠠᠯ ᠤᠨ ᠲᠢᠩᠭᠢᠮ ᠤᠨ ᠭᠢᠳᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号