ᠯᠢ ᠺᠧ ᠴᠢᠶᠠᠩ ᠡᠮᠨᠡᠵᠤ ᠠᠰᠠᠷᠠᠬᠤ ᠶᠢ ᠤᠶᠠᠯᠳᠤᠭᠤᠯᠬᠤ ᠳᠦᠷᠦᠯ ᠵᠦᠢᠯ ᠢ ᠨᠢᠭᠡ ᠴᠤᠩᠬᠤ ᠳᠡᠭᠡᠷ᠎ᠡ ᠬᠦᠢᠴᠡᠳᠭᠡᠵᠤ ᠵᠠᠬ᠎ᠠ ᠳᠡᠯᠭᠡᠬᠦᠷ ᠤᠨ ᠭᠤᠤᠯ ᠴᠤᠭᠴᠠ ᠶᠢ ᠨᠠᠭᠠᠰᠢ ᠴᠠᠭᠠᠰᠢ ᠬᠦᠶᠦᠯᠭᠡᠬᠦ ᠦᠭᠡᠢ ᠪᠤᠯᠭᠠᠬᠤ ᠭᠡᠷᠡᠭᠳᠡᠢ ᠭᠡᠵᠡᠢ
ᠨᠡᠶᠢᠲᠡᠯᠡᠭᠰᠡᠨ ᠴᠠᠭ᠄
2018-12-07
                       11 ᠳ᠋ᠤᠭᠡᠷ ᠰᠠᠷ᠎ᠠ ᠶᠢᠨ 28 ᠤ ᠡᠳᠤᠷ ᠬᠤᠷᠠᠯᠳᠤᠭᠰᠠᠨ ᠳᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠳᠡᠭᠡᠷ᠎ᠠ᠂ ᠶᠡᠷᠦᠩᠭᠡᠢ ᠰᠠᠶᠢᠳ ᠯᠢ ᠺᠧ ᠴᠢᠶᠠᠩ᠂ ︽ᠤᠳᠤᠬᠠᠨ ᠳᠤ ᠡᠮᠨᠠᠵᠤ ᠠᠰᠠᠷᠠᠬᠤ ᠶᠢ ᠤᠶᠠᠯᠳᠤᠭᠤᠯᠬᠤ ᠳᠦᠷᠦᠯ ᠵᠦᠢᠯ ᠢ ᠬᠦᠢᠴᠡᠳᠭᠡᠬᠦ ᠳᠤ ᠪᠠᠨ ᠤᠯᠠᠨ ᠰᠠᠯᠠᠭ᠎ᠠ ᠮᠦᠴᠢᠷ ᠢᠶᠠᠷ ᠬᠢᠨᠠᠨ ᠵᠦᠪᠰᠢᠶᠡᠷᠡᠬᠦᠯᠬᠦ ᠴᠢᠬᠤᠯᠠ ᠲᠠᠢ ᠪᠠᠶᠢᠵᠤ᠂ ᠭᠡᠷᠪᠡ ᠰᠠᠯᠠᠭ᠎ᠠ ᠮᠦᠴᠢᠷ ᠬᠤᠭᠤᠷᠤᠨᠳᠤ ᠪᠠᠨ ᠰᠠᠨᠠᠯ ᠨᠢᠭᠡᠳᠬᠦ ᠦᠭᠡᠢ ᠪᠤᠯ ᠬᠠᠷᠢᠯᠴᠠᠨ ᠳᠦᠯᠬᠢᠯᠴᠠᠨ᠂ ᠵᠠᠬ᠎ᠠ ᠳᠡᠯᠭᠡᠬᠦᠷ ᠤᠨ ᠭᠤᠤᠯ ᠴᠤᠭᠴᠠ ᠶᠢ ᠶᠠᠭᠠᠬᠢᠬᠤ ᠶᠢᠨ ᠠᠷᠭ᠎ᠠ ᠦᠭᠡᠢ ᠪᠤᠯᠭᠠᠵᠤ ᠪᠠᠶᠢᠨ᠎ᠠ︾᠃ ︽ᠪᠢᠳᠡ ᠦᠨᠦᠳᠦᠷ ᠡᠬᠦᠨ ᠢᠶᠠᠷ ︿ᠰᠢᠪᠳᠤᠯᠤᠯᠳᠠ﹀ ᠪᠤᠯᠭᠠᠵᠤ᠂ ᠡᠮᠨᠡᠵᠤ ᠠᠰᠠᠷᠠᠬᠤ ᠶᠢ ᠤᠶᠠᠯᠳᠤᠭᠤᠯᠬᠤ ᠶᠢ ︿ᠨᠢᠭᠡ ᠴᠤᠩᠬᠤ︾ ᠳᠡᠭᠡᠷ᠎ᠡ ᠬᠦᠢᠴᠡᠳᠭᠡᠬᠦ ᠪᠤᠯᠭᠠᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠬᠠᠮᠳᠤᠷᠠᠨ ᠠᠯᠪᠠᠯᠠᠭᠤᠯᠵᠤ᠂ ᠬᠤᠯᠪᠤᠭᠠᠯᠠᠨ ᠬᠢᠨᠠᠨ ᠵᠦᠪᠰᠢᠶᠡᠷᠡᠬᠦ ᠪᠠᠷ ᠳᠤᠭᠳᠠᠭᠠᠨ᠂ ᠵᠠᠬ᠎ᠠ ᠳᠡᠯᠭᠡᠬᠦᠷ ᠤᠨ ᠭᠤᠤᠯ ᠴᠤᠭᠴᠠ ᠶᠢ ᠨᠠᠭᠠᠰᠢ ᠴᠠᠭᠠᠰᠢ ᠬᠦᠶᠦᠯᠭᠡᠬᠦ ᠦᠭᠡᠢ ᠪᠤᠯᠭᠠᠬᠤ ᠭᠡᠷᠡᠭᠳᠡᠢ︾ ᠭᠡᠵᠤ ᠭᠡᠯᠡᠪᠡ᠃      ᠳᠤᠰ ᠡᠳᠤᠷ ᠤᠨ ᠬᠤᠷᠠᠯ ᠳᠡᠭᠡᠷ᠎ᠡ ᠨᠠᠰᠤᠲᠠᠳ ᠢ ᠠᠰᠠᠷᠠᠬᠤ ᠠᠵᠤ ᠦᠢᠯᠡᠰ ᠢ ᠬᠦᠭᠵᠢᠬᠦᠯᠵᠤ᠂ ᠡᠮᠨᠡᠵᠤ ᠠᠰᠠᠷᠠᠬᠤ ᠶᠢ ᠤᠶᠠᠯᠳᠤᠭᠤᠯᠬᠤ ᠶᠢ ᠠᠬᠢᠭᠤᠯᠤᠨ᠂ ᠨᠠᠰᠤᠲᠠᠳ ᠢ ᠠᠰᠠᠷᠠᠬᠤ ᠠᠵᠢᠯ ᠢᠶᠠᠨ ᠴᠢᠨᠠᠠᠷᠵᠢᠭᠤᠯᠬᠤ ᠳᠤᠬᠠᠢ ᠪᠠᠶᠢᠷᠢᠯᠠᠭᠤᠯᠪᠠ᠃ ᠶᠡᠷᠦᠩᠭᠡᠢ ᠰᠠᠶᠢᠳ ᠯᠢ ᠺᠧ ᠴᠢᠶᠠᠩ᠂ ᠨᠠᠰᠤᠳᠠᠶᠢᠴᠤᠳ ᠤᠨ ᠯᠤᠳᠤ ᠶᠡᠭᠡ᠂ ᠤᠯᠠᠨ ᠶᠠᠩᠵᠤ ᠶᠢᠨ ᠂ ᠤᠯᠠᠨ ᠳᠠᠪᠬᠤᠷᠭ᠎ᠠ ᠶᠢᠨ ᠭᠡᠷᠡᠭᠴᠡᠭᠡᠨ ᠳᠤ ᠵᠤᠬᠢᠴᠠᠭᠤᠯᠤᠨ ᠨᠠᠰᠤᠲᠠᠳ ᠢ ᠠᠰᠠᠷᠠᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠤᠨ ᠦᠢᠯᠡᠴᠢᠯᠡᠭᠡᠨ ᠤ ᠴᠢᠨᠠᠷ ᠢ ᠳᠡᠭᠡᠭᠰᠢᠯᠡᠬᠦᠯᠬᠦ ᠪᠤᠯ ᠠᠷᠠᠳ ᠳᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠬᠦᠯᠦᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠪᠠᠳᠤᠯᠠᠬᠤ ᠠᠷᠭ᠎ᠠ ᠭᠡᠮᠵᠢᠶ᠎ᠡ ᠪᠤᠯᠬᠤ ᠮᠦᠷᠳᠡᠭᠡᠨ ᠡᠨᠡ ᠨᠢ ᠠᠵᠢᠯ ᠤᠯᠭᠤᠬᠤ ᠶᠢ ᠠᠬᠢᠭᠤᠯᠵᠤ᠂ ᠦᠢᠯᠡᠴᠢᠯᠡᠭᠡᠨ ᠤ ᠳᠦᠪᠰᠢᠨ ᠢ ᠳᠡᠭᠡᠭᠰᠢᠯᠡᠬᠦᠯᠬᠦ ᠳᠤ ᠠᠰᠢᠭ ᠲᠠᠢ ᠶᠤᠮ ᠭᠡᠵᠤ ᠴᠢᠬᠤᠯᠠᠴᠢᠯᠠᠪᠠ᠃      ᠶᠡᠷᠦᠩᠭᠡᠢ ᠰᠠᠶᠢᠳ ᠯᠢ ᠺᠧ ᠴᠢᠶᠠᠩ᠂ ︽ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠨᠠᠰᠤᠲᠠᠳ ᠢ ᠠᠰᠠᠷᠠᠬᠤ ᠠᠵᠤ ᠦᠢᠯᠡᠰ ᠢ ᠬᠦᠭᠵᠢᠬᠦᠯᠬᠦ᠂ ᠡᠮᠨᠡᠵᠤ ᠠᠰᠠᠷᠠᠬᠤ ᠶᠢ ᠤᠶᠠᠯᠳᠤᠭᠤᠯᠬᠤ ᠶᠢ ᠠᠬᠢᠭᠤᠯᠬᠤ ᠳᠤᠬᠠᠢ ᠪᠢᠴᠢᠭ ᠮᠠᠲ᠋ᠧᠷᠢᠶᠠᠯ ᠪᠠᠭᠤᠯᠭᠠᠬᠤ ᠳᠤ ᠪᠠᠨ ᠵᠢᠭᠠᠨ ᠵᠢᠯᠤᠭᠤᠳᠬᠤ ᠴᠢᠨᠠᠷ ᠲᠠᠢ ᠪᠠᠶᠢᠯᠭᠠᠬᠤ ᠠᠴᠠ ᠪᠢᠰᠢ ᠬᠠᠷᠢᠨ ᠳᠦᠯᠦᠪᠯᠡᠭᠡᠨ ᠤ ᠴᠢᠨᠠᠷ ᠲᠠᠢ ᠬᠦᠢᠴᠡᠳᠭᠡᠬᠦ ᠵᠦᠢᠯ ᠪᠠᠶᠢᠯᠭᠠᠵᠤ ᠪᠤᠯᠬᠤ ᠦᠭᠡᠢ᠃ ᠤᠷᠤᠨ ᠨᠤᠳᠤᠭ ᠤᠨ ᠬᠢᠨ ᠤ ᠤᠯᠠᠨ ᠵᠦᠢᠯ ᠤᠨ ᠠᠷᠭ᠎ᠠ ᠭᠡᠯᠪᠡᠷᠢ ᠪᠠᠷ ᠨᠠᠰᠤᠲᠠᠳ ᠢ ᠠᠰᠠᠷᠠᠬᠤ ᠪᠦᠳᠦᠮᠵᠢᠳᠡᠢ ᠦᠢᠯᠡᠴᠢᠯᠡᠭᠡ ᠬᠠᠩᠭᠠᠬᠤ ᠶᠢ ᠵᠤᠷᠢᠬᠵᠢᠭᠤᠯᠬᠤ ᠭᠡᠷᠡᠭᠳᠡᠢ︾ ᠭᠡᠵᠤ ᠭᠡᠯᠡᠪᠡ᠃      ᠯᠢ ᠺᠧ ᠴᠢᠶᠠᠩ᠄ ︽ᠤᠯᠠᠨ ᠤ ᠨᠡᠶᠢᠳᠡᠮ ᠳᠤᠰᠬᠠᠵᠤ ᠪᠠᠶᠢᠭ᠎ᠠ ᠨᠠᠰᠤᠲᠠᠳ ᠢ ᠠᠰᠠᠷᠠᠬᠤ ᠪᠠᠶᠢᠭᠤᠯᠤᠮᠵᠢ ᠵᠠᠬ᠎ᠠ ᠳᠡᠯᠭᠡᠬᠦᠷ ᠲᠤ ᠤᠷᠤᠬᠤ ᠳᠤ ᠬᠦᠴᠢᠷ ᠠᠰᠠᠭᠤᠳᠠᠯ ᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠨᠠᠷᠢᠨ ᠬᠢᠨᠠᠮᠠᠭᠠᠢ ᠰᠤᠳᠤᠯᠵᠤ᠂ ᠭᠤᠤᠯ ᠰᠠᠭᠠᠳ ᠬᠠᠷᠰᠢ ᠨᠢ ᠬᠠᠮᠢᠭ᠎ᠠ ᠪᠠᠶᠢᠬᠤ ᠶᠢ ᠡᠷᠢᠵᠤ ᠭᠠᠷᠭᠠᠨ᠂ ᠴᠢᠭᠯᠡᠬᠦᠯᠦᠯᠳᠤ ᠴᠢᠨᠠᠷ ᠲᠠᠢ ᠠᠷᠭ᠎ᠠ ᠭᠡᠮᠵᠢᠶ᠎ᠡ ᠳᠤᠭᠳᠠᠭᠠᠵᠤ᠂ ᠳᠦᠬᠦᠮᠴᠢᠯᠠᠵᠤ ᠪᠤᠯᠬᠤ ᠶᠢ ᠨᠢ ᠳᠦᠬᠦᠮᠴᠢᠯᠠᠨ᠂ ᠵᠠᠬ᠎ᠠ ᠳᠡᠯᠭᠡᠬᠦᠷ ᠲᠤ ᠤᠷᠤᠬᠤ ᠳᠤ ᠤᠯᠠᠮ ᠳᠦᠬᠦᠮ ᠪᠤᠯᠭᠠᠵᠤ᠂ ᠡᠯ᠎ᠡ ᠵᠦᠢᠯ ᠤᠨ ᠦᠮᠴᠢᠯᠡᠯ ᠤᠨ ᠨᠠᠰᠤᠲᠠᠳ ᠢ ᠠᠰᠠᠷᠠᠬᠤ ᠪᠠᠶᠢᠭᠤᠯᠤᠮᠵᠢ ᠶᠢᠨ ᠭᠡᠪᠴᠢᠶᠡᠵᠢᠭᠰᠡᠨ᠂ ᠬᠡᠯᠬᠢᠶᠡᠵᠢᠭᠰᠡᠨ ᠬᠦᠭᠵᠢᠯᠳᠡ ᠶᠢ ᠳᠡᠮᠵᠢᠬᠦ ᠭᠡᠷᠡᠭᠳᠡᠢ︾ ᠭᠡᠵᠤ ᠵᠢᠭᠠᠵᠤ ᠭᠠᠷᠭᠠᠪᠠ᠃      ᠯᠢ ᠺᠧ ᠴᠢᠶᠠᠩ᠂ ᠨᠠᠰᠤᠲᠠᠳ ᠢ ᠭᠡᠷ ᠲᠤ ᠨᠢ ᠠᠰᠠᠷᠠᠬᠤ᠂ ᠨᠡᠶᠢᠭᠡᠮ ᠳᠤᠭᠤᠷᠢᠭ ᠲᠤ ᠠᠰᠠᠷᠠᠬᠤ ᠦᠢᠯᠡᠴᠢᠯᠡᠭᠡ ᠶᠢ ᠶᠡᠭᠡᠪᠡᠷ ᠬᠦᠭᠵᠢᠬᠦᠯᠵᠤ᠂ ᠰᠢᠨ᠎ᠠ ᠪᠠᠷ ᠪᠠᠶᠢᠭᠤᠯᠬᠤ ᠰᠠᠭᠤᠭᠠᠯᠢ ᠠᠷᠠᠳ ᠤᠨ ᠳᠤᠭᠤᠷᠢᠭ ᠲᠤ ᠨᠠᠰᠤᠲᠠᠳ ᠢ ᠠᠰᠠᠷᠠᠬᠤ ᠦᠢᠯᠡᠴᠢᠯᠡᠭᠡᠨ ᠤ ᠳᠤᠨᠤᠭ ᠳᠦᠬᠦᠭᠡᠷᠦᠮᠵᠢ ᠳᠤᠬᠢᠷᠠᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠭᠡᠷᠡᠭᠳᠡᠢ᠂ ᠰᠠᠭᠤᠭᠠᠯᠢ ᠠᠷᠠᠳ ᠤᠨ ᠬᠠᠭᠤᠴᠢᠨ ᠳᠤᠭᠤᠷᠢᠭ ᠪᠤᠯᠤᠨ ᠤᠨᠴᠠ ᠬᠦᠴᠢᠷᠳᠡᠯ  ᠲᠠᠢ ᠠᠴᠠ ᠪᠣᠯᠵᠤ ᠣᠨᠴᠠᠭᠠᠢ ᠬᠠᠷᠠᠭᠠᠯᠵᠠᠯ ᠦᠵᠡᠭᠦᠯᠬᠦ ᠨᠠᠰᠤᠲᠠᠳ ᠲᠠᠢ ᠭᠡᠷ ᠪᠦᠯᠢ ᠵᠡᠷᠭᠡ ᠳᠤ ᠨᠠᠰᠤᠳᠠᠶᠢᠴᠤᠳ  ᠲᠤ ᠵᠤᠬᠢᠴᠠᠭᠰᠠᠨ ᠣᠷᠴᠢᠨ ᠢ ᠪᠣᠢ ᠪᠣᠯᠭᠠᠬᠤ ᠵᠠᠰᠠᠯᠳᠠ ᠬᠢᠬᠦ ᠭᠡᠷᠡᠭᠳᠡᠢ᠃ ᠨᠡᠶᠢᠭᠡᠮ ᠳᠤᠭᠤᠷᠢᠭ ᠤᠨ ᠨᠠᠰᠤᠲᠠᠳ ᠢ ᠠᠰᠠᠷᠠᠬᠤ ᠦᠢᠯᠡᠴᠢᠯᠡᠭᠡ ᠦᠷᠨᠢᠬᠦᠯᠬᠦ ᠶᠢ ᠳᠡᠮᠵᠢᠬᠦ ᠭᠡᠷᠡᠭᠳᠡᠢ ᠭᠡᠵᠤ ᠢᠯᠡᠷᠭᠡᠶᠢᠯᠡᠪᠡ᠃      ᠳᠤᠰ ᠡᠳᠤᠷ ᠤᠨ ᠬᠤᠷᠠᠯ ᠠᠴᠠ᠂ ᠳᠡᠮᠵᠢᠯᠭᠡ ᠶᠢᠨ ᠳᠦᠷᠦ ᠶᠢᠨ ᠪᠤᠳᠤᠯᠭ᠎ᠠ ᠶᠢᠨ ᠨᠠᠶᠢᠲᠠᠪᠤᠷᠢᠵᠢᠯᠲᠠ ᠶᠢ ᠴᠢᠩᠭᠠᠳᠬᠠᠵᠤ᠂ ᠤᠳᠤ ᠶᠢᠨ ᠪᠠᠶᠢᠭ᠎ᠠ ᠡᠮ ᠡᠮᠨᠡᠯᠭᠡ ᠡᠷᠡᠬᠦᠯ ᠬᠠᠮᠠᠭᠠᠯᠠᠯ ᠪᠤᠯᠤᠨ ᠨᠠᠰᠤᠲᠠᠳ ᠢ ᠠᠰᠠᠷᠠᠬᠤ ᠪᠠᠶᠢᠭᠤᠯᠤᠮᠵᠢ ᠶᠢᠨ ᠬᠠᠮᠳᠤᠷᠠᠯᠴᠠᠭ᠎ᠠ ᠶᠢ ᠠᠬᠢᠭᠤᠯᠤᠨ᠂ ᠬᠠᠷᠢᠯᠴᠠᠨ ᠨᠦᠬᠦᠪᠦᠷᠢᠯᠡᠬᠦ ᠦᠢᠯᠡᠳᠤᠯ ᠢ ᠪᠠᠳᠠᠷᠠᠭᠤᠯᠬᠤ ᠭᠡᠷᠡᠭᠳᠡᠢ᠃ ᠨᠦᠬᠦᠴᠡᠯ ᠳᠤ ᠨᠡᠶᠢᠴᠡᠬᠦ ᠨᠠᠰᠤᠲᠠᠳ ᠢ ᠠᠰᠠᠷᠠᠬᠤ ᠪᠠᠶᠢᠭᠤᠯᠤᠮᠵᠢ ᠶᠢᠨ ᠳᠤᠳᠤᠭᠠᠳᠤ ᠳᠤ ᠡᠮᠨᠡᠯᠭᠡ ᠶᠢᠨ ᠪᠠᠶᠢᠭᠤᠯᠤᠮᠵᠢ ᠭᠠᠷᠭᠠᠨ᠂ ᠡᠮᠨᠡᠯᠭᠡ ᠶᠢᠨ ᠳᠠᠭᠠᠳᠬᠠᠯ ᠤᠨ ᠳᠤᠭᠳᠠᠮᠠᠯ ᠴᠡᠭ ᠪᠤᠯᠭᠠᠬᠤ ᠭᠡᠷᠡᠭᠳᠡᠢ᠃ ᠬᠦᠳᠡᠭᠡ ᠳᠤᠰᠬᠤᠨ ᠪᠤᠯᠤᠨ ᠨᠡᠶᠢᠭᠡᠮ ᠳᠤᠭᠤᠷᠢᠭ ᠤᠨ ᠡᠮᠨᠡᠵᠤ ᠠᠰᠠᠷᠠᠬᠤ ᠶᠢ ᠤᠶᠠᠯᠳᠤᠭᠤᠯᠬᠤ ᠠᠵᠢᠯ ᠢ ᠠᠬᠢᠭᠤᠯᠤᠨ᠂ ᠳᠤᠰᠬᠤᠨ ᠤ ᠡᠮᠴᠢ ᠶᠢᠨ ᠨᠠᠰᠤᠲᠠᠳ ᠢ ᠡᠷᠡᠬᠦᠯᠵᠢᠬᠦᠯᠵᠤ ᠠᠰᠠᠷᠠᠬᠤ ᠦᠢᠯᠡᠴᠢᠯᠡᠭᠡ ᠳᠤ ᠤᠷᠤᠯᠴᠠᠬᠤ ᠶᠢ ᠵᠤᠷᠢᠭᠵᠢᠭᠤᠯᠬᠤ ᠳᠤᠭᠳᠠᠴᠠ ᠪᠠᠶᠢᠭᠤᠯᠬᠤ ᠭᠡᠷᠡᠭᠳᠡᠢ᠃ ᠡᠮᠨᠡᠯᠭᠡ ᠶᠢᠨ ᠠᠵᠢᠯᠳᠠᠨ ᠤ ᠡᠮᠨᠡᠵᠤ ᠠᠰᠠᠷᠠᠬᠤ ᠶᠢ ᠤᠶᠠᠯᠳᠤᠭᠤᠯᠬᠤ ᠪᠠᠶᠢᠭᠤᠯᠤᠮᠵᠢ ᠳᠤ ᠬᠦᠷᠴᠤ ᠠᠵᠢᠯᠯᠠᠬᠤ ᠶᠢ ᠵᠤᠷᠢᠭᠵᠢᠭᠤᠯᠤᠨ᠂ ᠮᠡᠷᠭᠡᠵᠢᠯ ᠤᠨ ᠴᠤᠯᠠ ᠳᠤᠭᠳᠠᠭᠠᠬᠤ ᠵᠡᠷᠭᠡ ᠳᠡᠯ᠎ᠡ ᠪᠠᠷ ᠠᠳᠠᠯᠢ ᠳᠡᠭᠰᠢ ᠬᠠᠷᠠᠭᠠᠯᠵᠠᠯ ᠬᠦᠷᠳᠡᠭᠡᠬᠦ ᠭᠡᠷᠡᠭᠳᠡᠢ ᠭᠡᠵᠤ ᠱᠠᠭᠠᠷᠳᠠᠵᠠᠢ᠃      ᠳᠤᠰ ᠡᠳᠤᠷ ᠤᠨ ᠬᠤᠷᠠᠯ ᠠᠴᠠ ᠪᠠᠰᠠ ᠠᠯᠪᠠᠨ ᠠᠴᠠ ᠡᠷᠬᠢᠯᠡᠭᠰᠡᠨ ᠨᠠᠰᠤᠲᠠᠳ ᠢ ᠠᠰᠠᠷᠠᠬᠤ ᠪᠠᠶᠢᠭᠤᠯᠤᠮᠵᠢ ᠶᠢᠨ ᠬᠢᠨ ᠬᠦᠴᠢᠷᠳᠡᠯ ᠲᠠᠢ ᠨᠠᠰᠤᠲᠠᠳ ᠪᠦᠬᠦᠳᠡ ᠶᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠳᠤ ᠤᠷᠤᠭᠤᠯᠬᠤ ᠦᠢᠯᠡᠳᠤᠯ ᠢᠶᠠᠨ ᠪᠠᠳᠠᠷᠠᠭᠤᠯᠤᠨ᠂ ᠳᠡᠩᠭᠡᠭᠡ ᠮᠠᠭᠤᠳᠠᠵᠤ ᠤᠶᠤᠨ ᠮᠡᠳᠡᠷᠡᠯ ᠮᠠᠭᠤᠳᠠᠨ ᠠᠵᠤ ᠠᠬᠤᠢ ᠶᠢᠨ ᠳᠠᠯ᠎ᠠ ᠪᠠᠷ ᠬᠦᠴᠢᠷᠳᠡᠯ ᠲᠠᠢ ᠪᠤᠯᠤᠭᠰᠠᠨ ᠨᠠᠰᠤᠲᠠᠳ᠂ ᠳᠦᠯᠦᠪᠯᠡᠭᠡᠳᠤ ᠦᠷᠡᠵᠢᠯ ᠤᠨ ᠤᠨᠴᠠᠭᠠᠢ ᠭᠡᠷ ᠪᠦᠯᠢ ᠶᠢᠨ ᠨᠠᠰᠤᠲᠠᠳ ᠲᠤ ᠬᠠᠷᠠᠮᠵᠢ ᠦᠭᠡᠢ ᠪᠤᠶᠤ ᠪᠠᠭ᠎ᠠ ᠵᠠᠷᠤᠳᠠᠯ ᠬᠤᠷᠢᠶᠠᠬᠤ ᠦᠢᠯᠡᠴᠢᠯᠡᠭᠡ ᠬᠠᠩᠭᠠᠬᠤ ᠭᠡᠷᠡᠭᠳᠡᠢ᠃ ᠨᠠᠰᠤᠲᠠᠳ ᠢ ᠠᠰᠠᠷᠠᠬᠤ ᠬᠦᠮᠦᠰ ᠤᠨ ᠳᠤᠬᠠᠶᠢᠯᠠᠭᠰᠠᠨ ᠠᠵᠢᠯ ᠤᠨ ᠪᠤᠯᠪᠠᠰᠤᠷᠠᠯ ᠢ ᠴᠢᠩᠭᠠᠳᠬᠠᠨ᠂ ᠤᠷᠳᠤ ᠬᠤᠭᠤᠴᠠᠭ᠎ᠠ ᠪᠠᠷ ᠬᠠᠷᠠᠭᠠᠯᠵᠠᠬᠤ ᠦᠢᠯᠡᠴᠢᠯᠡᠭᠡᠨ ᠤ ᠬᠦᠭᠵᠢᠯᠳᠡ ᠶᠢ ᠳᠦᠷᠭᠡᠳᠭᠡᠬᠦ ᠭᠡᠷᠡᠭᠳᠡᠢ᠃ ᠨᠠᠰᠤᠲᠠᠳ ᠢ ᠠᠰᠠᠷᠠᠬᠤ ᠦᠢᠯᠡᠴᠢᠯᠡᠭᠡ ᠡᠷᠬᠢᠯᠡᠵᠤ ᠪᠠᠶᠢᠭ᠎ᠠ ᠪᠦᠭᠡᠳ ᠨᠦᠬᠦᠴᠡᠯ ᠳᠤ ᠨᠡᠶᠢᠴᠡᠬᠦ ᠬᠤᠪᠢ ᠬᠦᠮᠦᠨ ᠪᠤᠯᠤᠨ ᠵᠢᠵᠢᠭ ᠪᠠᠭ᠎ᠠ ᠠᠵᠤ ᠠᠬᠤᠶᠢᠯᠠᠯ ᠳᠤ ᠦᠢᠯᠡᠰ ᠪᠦᠳᠦᠭᠡᠬᠦ ᠪᠠᠳᠤᠯᠠᠨ ᠳᠠᠭᠠᠭᠠᠴᠢᠯᠠᠯᠳᠠ ᠲᠠᠢ ᠵᠢᠭᠡᠯᠡᠯᠭᠡ ᠦᠭᠴᠤ ᠳᠡᠮᠵᠢᠬᠦ ᠭᠡᠷᠡᠭᠳᠡᠢ᠃ ᠰᠠᠯᠠᠭ᠎ᠠ ᠮᠦᠴᠢᠷ ᠠᠯᠤᠰᠯᠠᠨ ᠬᠠᠮᠵᠢᠯᠴᠠᠨ ᠬᠢᠨᠠᠨ ᠬᠠᠮᠢᠶᠠᠷᠬᠤ ᠶᠢ ᠴᠢᠩᠭᠠᠳᠬᠠᠵᠤ᠂ ᠨᠠᠰᠤᠲᠠᠳ ᠢ ᠠᠰᠠᠷᠠᠬᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠨᠠᠷ ᠪᠤᠯᠤᠨ ᠠᠮᠤᠷ ᠳᠦᠪᠰᠢᠨ ᠤ ᠤᠯᠤᠰ ᠤᠨ ᠠᠯᠪᠠᠳᠠᠯᠭ᠎ᠠ ᠶᠢᠨ ᠴᠢᠨᠠᠷ ᠲᠠᠢ ᠪᠠᠷᠢᠮᠵᠢᠶ᠎ᠠ ᠶᠢ ᠳᠤᠭᠳᠠᠭᠠᠵᠤ᠂ ᠨᠠᠰᠤᠲᠠᠳ ᠢ ᠠᠰᠠᠷᠠᠬᠤ ᠬᠦᠷᠢᠶᠡᠯᠡᠩ ᠢ ᠦᠭᠡᠷᠡᠴᠢᠯᠡᠨ ᠳᠡᠰ ᠳᠡᠪᠰᠢᠬᠦᠯᠬᠦ ᠪᠠ ᠠᠷᠠᠳ ᠠᠴᠠ ᠡᠷᠬᠢᠯᠡᠭᠰᠡᠨ ᠨᠠᠰᠤᠲᠠᠳ ᠢ ᠠᠰᠠᠷᠠᠬᠤ ᠪᠠᠶᠢᠭᠤᠯᠤᠮᠵᠢ ᠶᠢᠨ ᠭᠠᠯ ᠰᠡᠷᠭᠡᠶᠢᠯᠡᠵᠤ ᠭᠠᠯ ᠤᠨᠳᠠᠷᠠᠭᠠᠬᠤ᠂ ᠠᠮᠤᠷ ᠳᠦᠪᠰᠢᠨ ᠤ ᠠᠵᠢᠯ ᠢ ᠪᠠᠷᠢᠮᠵᠢᠶ᠎ᠠ ᠳᠤ ᠬᠦᠷᠭᠡᠬᠦ ᠭᠡᠷᠡᠭᠳᠡᠢ ᠭᠡᠵᠤ ᠳᠤᠭᠳᠠᠭᠠᠵᠠᠢ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号