ᠠᠷᠠᠳ ᠤᠨ ᠶᠠᠪᠤᠳᠠᠯ ᠤᠨ ᠳᠢᠩᠬᠢᠮ ᠬᠦᠬᠡᠬᠤᠳᠠ ᠶᠢᠨ ᠳᠡᠷᠭᠡᠨ ᠦᠷᠳᠡᠭᠡᠨ ᠤ ᠵᠡᠬᠦᠨ ᠵᠠᠮ ᠤᠨ ᠨᠡᠶᠢᠭᠡᠮ ᠳᠤᠭᠤᠷᠢᠭ ᠤᠨ ᠨᠠᠮ ᠤᠨ ᠬᠤᠷᠢᠶ᠎ᠠ ᠲᠠᠢ ᠬᠠᠮᠳᠤᠷᠠᠨ ᠴᠠᠭᠠᠨ ᠰᠠᠷ᠎ᠠ ᠶᠢᠨ ᠬᠤᠭᠤᠴᠠᠭᠠᠨ ᠳᠤ ︽ᠬᠠᠶᠢᠷ᠎ᠡ ᠬᠠᠯᠠᠮᠵᠢ ᠬᠦᠷᠭᠡᠬᠦ︾ ᠭᠤᠤᠯ ᠰᠡᠳᠤᠪᠳᠤ ᠨᠠᠮ ᠤᠨ ᠡᠳᠤᠷ ᠤᠨ ᠠᠵᠢᠯᠯᠠᠭ᠎ᠠ ᠦᠷᠨᠢᠬᠦᠯᠵᠡᠢ
ᠨᠡᠶᠢᠲᠡᠯᠡᠭᠰᠡᠨ ᠴᠠᠭ᠄
2019-01-29
                                       2019 ᠤᠨ ᠤ 1 ᠳ᠋ᠤᠭᠡᠷ ᠰᠠᠷ᠎ᠠ ᠶᠢᠨ 22 ᠤ ᠡᠳᠤᠷ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠳᠢᠩᠬᠢᠮ ᠤᠨ ᠬᠢᠨ ᠬᠠᠪᠰᠤᠷᠤᠨ ᠳᠡᠳᠬᠦᠵᠤ ᠪᠠᠶᠢᠭ᠎ᠠ ᠨᠢᠭᠡᠴᠢ ᠪᠤᠯᠬᠤ ᠬᠦᠬᠡᠬᠤᠳᠠ ᠶᠢᠨ ᠳᠡᠷᠭᠡᠨ ᠦᠷᠳᠡᠭᠡᠨ ᠤ ᠵᠡᠬᠦᠨ ᠵᠠᠮ ᠤᠨ ᠨᠡᠶᠢᠭᠡᠮ ᠳᠤᠭᠤᠷᠢᠭ ᠤᠨ ᠨᠠᠮ ᠤᠨ ᠬᠤᠷᠢᠶ᠎ᠠ ᠲᠠᠢ ᠬᠠᠮᠳᠤᠷᠠᠨ 2019 ᠤᠨ ᠤ ᠴᠠᠭᠠᠨ ᠰᠠᠷ᠎ᠠ ᠶᠢᠨ ᠬᠤᠭᠤᠴᠠᠭᠠᠨ ᠳᠤ ︽ᠬᠠᠶᠢᠷ᠎ᠡ ᠬᠠᠯᠠᠮᠵᠢ ᠬᠦᠷᠭᠡᠬᠦ︾ ᠭᠤᠤᠯ ᠰᠡᠳᠤᠪᠳᠤ ᠨᠠᠮ ᠤᠨ ᠡᠳᠤᠷ ᠤᠨ ᠠᠵᠢᠯᠯᠠᠭ᠎ᠠ ᠦᠷᠨᠢᠬᠦᠯᠵᠤ᠂ ᠳᠤᠰ ᠳᠤᠭᠤᠷᠢᠭ ᠤᠨ ᠶᠠᠳᠠᠭᠤ ᠬᠦᠴᠢᠷᠳᠡᠯ ᠲᠠᠢ ᠨᠠᠮ ᠤᠨ ᠭᠡᠰᠢᠬᠦᠨ ᠪᠤᠯᠤᠨ ᠶᠠᠳᠠᠭᠤ ᠬᠦᠴᠢᠷᠳᠡᠯ ᠲᠠᠢ 10 ᠡᠷᠦᠭᠡ ᠶᠢ ᠪᠤᠯᠭᠤᠭᠠᠨ ᠳᠤᠬᠤᠨᠢᠭᠤᠯᠵᠠᠢ᠃      ᠠᠷᠠᠳ ᠤᠨ ᠶᠠᠪᠤᠳᠠᠯ ᠤᠨ ᠳᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠢᠩᠬᠢᠮ ᠤᠨ ᠳᠡᠳ᠋ ᠳᠠᠷᠤᠭ᠎ᠠ ᠹᠧᠩ ᠬᠤ᠋ ᠡᠾᠧ ᠳᠢᠩᠬᠢᠮ ᠤᠨ ᠪᠠᠶᠢᠭᠤᠯᠭ᠎ᠠ ᠶᠢᠨ 10 ᠭᠠᠷᠤᠢ ᠨᠠᠮ ᠤᠨ ᠭᠡᠰᠢᠬᠦᠨ ᠢ ᠳᠠᠭᠠᠭᠤᠯᠤᠨ᠂ ᠬᠦᠬᠡᠬᠤᠳᠠ ᠶᠢᠨ ᠳᠡᠷᠭᠡᠨ ᠦᠷᠳᠡᠭᠡᠨ ᠤ ᠵᠡᠬᠦᠨ ᠵᠠᠮ ᠤᠨ ᠨᠡᠶᠢᠭᠡᠮ ᠳᠤᠭᠤᠷᠢᠭ ᠤᠨ ᠶᠠᠳᠠᠭᠤ ᠬᠦᠴᠢᠷᠳᠡᠯ ᠲᠠᠢ ᠨᠠᠮ ᠤᠨ ᠭᠡᠰᠢᠬᠦᠨ᠂ ᠰᠠᠭᠤᠭᠠᠯᠢ ᠠᠷᠠᠳ ᠲᠠᠢ ᠶᠠᠷᠢᠯᠴᠠᠵᠤ ᠵᠤᠭᠤᠭᠳᠠᠨ᠂ ᠳᠡᠳᠡᠨ ᠤ ᠡᠳᠤᠷ ᠳᠤᠳᠤᠮ ᠤᠨ ᠠᠮᠢᠳᠤᠷᠠᠯ ᠤᠨ ᠪᠠᠶᠢᠳᠠᠯ ᠪᠤᠯᠤᠨ ᠬᠦᠴᠢᠷᠳᠡᠯ ᠢ ᠠᠰᠠᠭᠤᠨ ᠤᠶᠢᠯᠠᠭᠠᠵᠤ᠂ ᠳᠡᠳᠡᠨ ᠳᠤ ᠳᠤᠬᠤᠨᠢᠭᠤᠯᠤᠯ ᠤᠨ ᠪᠤᠳᠠᠰ ᠬᠦᠷᠭᠡᠵᠤ ᠦᠭᠴᠡᠢ᠃ ᠹᠧᠩ ᠬᠤ᠋ ᠡᠾᠧ ᠪᠠᠰᠠ ᠨᠡᠶᠢᠭᠡᠮ ᠳᠤᠭᠤᠷᠢᠭ ᠤᠨ ᠳᠤᠨᠤᠭ ᠳᠦᠬᠦᠭᠡᠷᠦᠮᠵᠢ ᠵᠢᠴᠢ ᠰᠠᠭᠤᠭᠠᠯᠢ ᠠᠷᠠᠳ ᠤᠨ ᠠᠮᠢᠳᠤᠷᠠᠯ ᠤᠨ ᠪᠠᠶᠢᠳᠠᠯ ᠢ ᠤᠶᠢᠯᠠᠭᠠᠪᠠ᠃ ᠠᠷᠠᠳ ᠤᠨ ᠶᠠᠪᠤᠳᠠᠯ ᠤᠨ ᠳᠢᠩᠬᠢᠮ ᠤᠨ ᠨᠠᠮ ᠤᠨ ᠭᠡᠰᠢᠬᠦᠨ ᠰᠠᠶᠢᠨ ᠳᠤᠷᠠᠴᠤᠳ ᠳᠤᠰ ᠠᠵᠢᠯᠯᠠᠭ᠎ᠠ ᠳᠤ ᠤᠷᠤᠯᠴᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号