ᠤᠯᠠᠭᠠᠨᠴᠠᠪ ᠬᠤᠳᠠ ᠶᠢᠨ ᠤᠳᠤᠷᠢᠳᠤᠯᠭ᠎ᠠ ᠭᠡᠤᠭᠡᠳ ᠤᠨ ᠠᠰᠠᠷᠠᠮᠵᠢ ᠶᠢᠨ ᠬᠦᠷᠢᠶᠡᠯᠡᠩ ᠤᠨ ᠦᠨᠦᠴᠢᠨ ᠵᠡᠮᠳᠡᠭ ᠭᠡᠤᠭᠡᠳ ᠢ ᠡᠷᠬᠢᠨ ᠦᠵᠡᠵᠤ ᠪᠤᠯᠭᠤᠭᠠᠪᠠ
ᠨᠡᠶᠢᠲᠡᠯᠡᠭᠰᠡᠨ ᠴᠠᠭ᠄
2019-01-30
               ᠴᠠᠭᠠᠨ ᠰᠠᠷ᠎ᠡ ᠬᠦᠷᠴᠤ ᠢᠷᠡᠬᠦ ᠠᠴᠠ ᠡᠮᠤᠨᠡᠭᠡᠨ᠂ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠹᠸᠢ ᠳ᠋ᠦᠩ ᠪᠢᠨ ᠬᠤᠯᠪᠤᠭᠳᠠᠯ ᠪᠦᠬᠦᠢ ᠠᠵᠢᠯᠳᠠᠨ ᠢ ᠳᠠᠭᠠᠭᠤᠯᠤᠨ ᠬᠤᠳᠠ ᠶᠢᠨ ᠭᠡᠤᠭᠡᠳ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠤ᠂ ᠳᠡᠨᠳᠡᠬᠢ ᠦᠨᠦᠴᠢᠨ ᠵᠡᠮᠳᠡᠭ ᠭᠡᠤᠭᠡᠳ ᠢ ᠡᠷᠬᠢᠨ ᠦᠵᠡᠵᠤ ᠪᠤᠯᠭᠤᠭᠠᠨ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠢ ᠳᠦᠯᠦᠭᠡᠯᠡᠨ ᠦᠨᠦᠴᠢᠨ ᠵᠡᠮᠳᠡᠭ ᠭᠡᠤᠭᠡᠳ ᠲᠤ ᠳᠤᠬᠤᠨᠢᠭᠤᠯᠤᠯ ᠤᠨ ᠵᠤᠭᠤᠰ ᠮᠦᠩᠬᠦ ᠡᠳ᠋ ᠪᠤᠳᠠᠰ ᠬᠦᠷᠭᠡᠨ ᠦᠭᠴᠤ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠳᠡᠭᠡᠵᠡᠢ᠃      ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠢᠶᠤᠤ ᠵᠢᠶᠦ᠋ᠨ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠬᠤᠳᠠ ᠶᠢᠨ ᠳᠡᠳ᠋ ᠳᠠᠷᠤᠭ᠎ᠠ ᠬᠦᠸᠧ ᠵᠢᠩ᠂ ᠬᠤᠳᠠ ᠶᠢᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠠᠢ ᠴᠧᠨ ᠸᠧᠨ᠂ ᠬᠤᠳᠠ ᠶᠢᠨ ᠤᠯᠤᠰ ᠳᠦᠷᠦ ᠶᠢᠨ ᠵᠦᠪᠯᠡᠯᠭᠡᠨ ᠤ ᠳᠡᠳ᠋ ᠳᠡᠷᠢᠬᠦᠯᠡᠭᠴᠢ ᠶᠠᠨ ᠢᠦᠢ ᠳ᠋ᠦᠩ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠳᠤᠬᠤᠨᠢᠭᠤᠯᠬᠤ ᠠᠵᠢᠯᠯᠠᠭ᠎ᠠ ᠳᠤ ᠤᠷᠤᠯᠴᠠᠵᠠᠢ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号