ᠯᠢ ᠺᠧ ᠴᠢᠶᠠᠩ᠄ ᠳᠤᠮᠳᠠᠳᠤ ᠤᠯᠤᠰ ᠲᠤ ᠢᠷᠡᠵᠤ ᠠᠵᠢᠯᠯᠠᠵᠤ ᠠᠮᠢᠳᠤᠷᠠᠵᠤ ᠪᠠᠶᠢᠭ᠎ᠠ ᠭᠠᠳᠠᠭᠠᠳᠤ ᠶᠢᠨ ᠬᠦᠮᠤᠰ ᠲᠤ ᠤᠯᠠᠮ ᠰᠠᠶᠢᠨ ᠨᠦᠬᠦᠴᠡᠯ ᠬᠠᠩᠭᠠᠵᠤ ᠳᠦᠬᠦᠮ ᠦᠵᠡᠬᠦᠯᠦᠨ᠎ᠡ ᠭᠡᠪᠡ
ᠨᠡᠶᠢᠲᠡᠯᠡᠭᠰᠡᠨ ᠴᠠᠭ᠄
2019-01-30
                     ᠯᠢ ᠺᠧ ᠴᠢᠶᠠᠩ 1 ᠳ᠋ᠤᠭᠡᠷ ᠰᠠᠷ᠎ᠠ ᠶᠢᠨ 25 ᠤ ᠡᠳᠤᠷ ᠤᠨ ᠶᠠᠷᠢᠯᠴᠠᠬᠤ ᠬᠤᠷᠠᠯ ᠳᠡᠭᠡᠷ᠎ᠡ᠄ ︽ᠳᠤᠮᠳᠠᠳᠤ ᠤᠯᠤᠰ ᠤᠨ ᠬᠢᠨ ᠭᠠᠳᠠᠭᠠᠳᠤ ᠨᠡᠭᠡᠭᠡᠯᠳᠡ ᠪᠠᠨ ᠤᠯᠠᠮ ᠢᠶᠠᠷ ᠦᠷᠭᠡᠳᠭᠡᠵᠤ᠂ ᠵᠠᠬ᠎ᠠ ᠳᠡᠯᠭᠡᠬᠦᠷ ᠲᠤ ᠤᠷᠤᠬᠤ ᠶᠢ ᠵᠦᠪᠰᠢᠶᠡᠷᠡᠬᠦ ᠶᠢ ᠤᠯᠠᠮ ᠠᠭᠤᠵᠢᠮ ᠳᠠᠯᠪᠢᠨ᠂ ᠭᠠᠳᠠᠭᠠᠳᠤ ᠶᠢᠨ ᠬᠦᠮᠤᠰ ᠲᠤ ᠡᠷᠭᠡ ᠳᠡᠭᠰᠢ ᠪᠠᠷ ᠦᠷᠢᠰᠦᠯᠳᠦᠬᠦ ᠠᠷᠠᠯᠵᠢᠶ᠎ᠠ ᠬᠤᠳᠠᠯᠳᠤᠭᠠᠨ ᠤ ᠡᠵᠡᠩᠨᠡᠯᠳᠡ ᠶᠢᠨ ᠤᠷᠴᠢᠨ ᠳᠤᠭᠤᠷᠢᠨ ᠢ ᠬᠠᠩᠭᠠᠵᠤ᠂ ᠭᠠᠳᠠᠭᠠᠳᠤ ᠲᠠᠢ ᠳᠡᠷᠢᠬᠦᠨ ᠤ ᠮᠡᠷᠭᠡᠵᠢᠯ ᠪᠤᠯᠤᠨ ᠬᠠᠮᠢᠶᠠᠷᠤᠯᠳᠠ ᠶᠢᠨ ᠳᠤᠷᠰᠢᠯᠭ᠎ᠠ ᠪᠠᠨ ᠰᠤᠯᠢᠯᠴᠠᠬᠤ ᠪᠤᠯᠤᠨ᠎ᠠ᠃ ᠳᠤᠮᠳᠠᠳᠤ ᠤᠯᠤᠰ ᠤᠨ ᠬᠢᠨ ᠳᠤᠮᠳᠠᠳᠤ ᠤᠯᠤᠰ ᠲᠤ ᠢᠷᠡᠵᠤ ᠠᠵᠢᠯᠯᠠᠵᠤ ᠠᠮᠢᠳᠤᠷᠠᠵᠤ ᠪᠠᠶᠢᠭ᠎ᠠ ᠭᠠᠳᠠᠭᠠᠳᠤ ᠶᠢᠨ ᠬᠦᠮᠤᠰ ᠲᠤ ᠤᠯᠠᠮ ᠰᠠᠶᠢᠨ ᠨᠦᠬᠦᠴᠡᠯ ᠬᠠᠩᠭᠠᠨ ᠳᠦᠬᠦᠮ ᠦᠵᠡᠬᠦᠯᠤᠨ᠎ᠠ︾ ᠭᠡᠵᠤ ᠭᠡᠯᠡᠪᠡ᠃      ᠯᠢ ᠺᠧ ᠴᠢᠶᠠᠩ ᠳᠤᠰ ᠤᠷᠤᠢ ᠠᠷᠠᠳ ᠤᠨ ᠶᠡᠭᠡ ᠬᠤᠷᠠᠯ ᠤᠨ ᠳᠢᠩᠬᠢᠮ ᠳᠤ ᠳᠤᠮᠳᠠᠳᠤ ᠤᠯᠤᠰ ᠲᠤ ᠠᠵᠢᠯᠯᠠᠵᠤ ᠠᠮᠢᠳᠤᠷᠠᠵᠤ ᠪᠠᠶᠢᠭ᠎ᠠ ᠨᠢᠭᠡ ᠪᠦᠯᠦᠭ ᠭᠠᠳᠠᠭᠠᠳᠤ ᠶᠢᠨ ᠳᠤᠰᠬᠠᠢ ᠮᠡᠷᠭᠡᠵᠢᠯᠳᠡᠨ ᠲᠠᠢ ᠴᠠᠭᠠᠨ ᠰᠠᠷ᠎ᠠ ᠶᠢ ᠤᠬᠳᠤᠬᠤ ᠶᠠᠷᠢᠯᠴᠠᠬᠤ ᠬᠤᠷᠠᠯ ᠬᠢᠵᠤ᠂ ᠭᠠᠳᠠᠭᠠᠳᠤ ᠶᠢᠨ ᠳᠤᠰᠬᠠᠢ ᠮᠡᠷᠭᠡᠵᠢᠯᠳᠡᠨ ᠤ ᠤᠷᠳᠤ ᠬᠤᠭᠤᠴᠠᠭ᠎ᠠ ᠪᠠᠷ ᠳᠤᠮᠳᠠᠳᠤ ᠤᠯᠤᠰ ᠤᠨ ᠦᠭᠡᠷᠡᠴᠢᠯᠡᠯᠳᠡ ᠨᠡᠭᠡᠭᠡᠯᠳᠡ ᠶᠢᠨ ᠦᠢᠯᠡᠰ ᠢ ᠳᠡᠮᠵᠢᠭᠰᠡᠨ ᠪᠠ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ ︵ᠰᠠᠨᠠᠯ ᠬᠤᠷᠢᠶᠠᠬᠤ ᠨᠤᠤᠷᠠᠭ︶︾ ᠳᠤ ᠬᠤᠪᠤᠷ ᠨᠠᠨᠳᠢᠨ ᠰᠠᠨᠠᠯ ᠵᠦᠪᠯᠡᠯᠭᠡ ᠦᠭᠬᠦᠭᠰᠡᠨ ᠳᠤ ᠳᠠᠯᠠᠷᠬᠠᠵᠤ ᠪᠠᠶᠢᠬᠤ ᠪᠠᠨ ᠢᠯᠡᠳᠭᠡᠪᠡ᠃      ᠯᠢ ᠺᠧ ᠴᠢᠶᠠᠩ᠄ ︽ᠪᠢ ᠠᠳᠡ ᠢᠷᠡᠬᠦ ᠠᠴᠠ ᠡᠮᠤᠨ᠎ᠠ ᠡᠨᠡ ᠬᠦ ᠬᠤᠪᠤᠷ ᠨᠠᠨᠳᠢᠨ ᠰᠠᠨᠠᠯ ᠵᠦᠪᠯᠡᠯᠭᠡ ᠶᠢ ᠳᠤᠰᠬᠠᠬᠰᠠᠨ ᠳᠤᠪᠴᠢ ᠮᠡᠳᠡᠭᠡ ᠶᠢ ᠦᠵᠡᠭᠰᠡᠨ ᠶᠤᠮ᠂ ᠳᠠᠨᠠᠷ ᠤᠨ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠠᠵᠢᠯ ᠳᠤ ᠰᠠᠨᠠᠭ᠎ᠠ ᠳᠠᠯᠪᠢᠵᠤ ᠪᠠᠶᠢᠭ᠎ᠠ ᠳᠤ ᠳᠠᠯᠠᠷᠬᠠᠵᠤ ᠪᠠᠶᠢᠨ᠎ᠠ᠃ ᠪᠢ ᠳᠤᠮᠳᠠᠳᠤ ᠤᠯᠤᠰ ᠤᠨ ᠵᠠᠰᠠᠭ ᠤᠨ ᠤᠷᠳᠤᠨ ᠢ ᠳᠦᠯᠦᠭᠡᠯᠡᠨ ᠳᠤᠮᠳᠠᠳᠤ ᠤᠯᠤᠰ ᠲᠤ ᠠᠵᠢᠯᠯᠠᠵᠤ ᠪᠠᠶᠢᠭ᠎ᠠ ᠭᠠᠳᠠᠭᠠᠳᠤ ᠶᠢᠨ ᠳᠤᠰᠬᠠᠢ ᠮᠡᠷᠭᠡᠵᠢᠯᠳᠡᠨ ᠲᠠ ᠪᠦᠬᠦᠨ ᠳᠤ ᠴᠠᠭᠠᠨ ᠰᠠᠷ᠎ᠠ ᠶᠢᠨ ᠮᠡᠨᠳᠤᠴᠢᠯᠠᠯ ᠳᠡᠪᠰᠢᠬᠦᠯᠦᠶ᠎ᠡ︾ ᠭᠡᠪᠡ᠃      ᠨᠤᠫᠧᠯ ᠤᠨ ᠠᠵᠤ ᠠᠬᠤᠢ ᠶᠢᠨ ᠤᠬᠠᠭᠠᠨ ᠤ ᠱᠠᠩᠨᠠᠯ ᠬᠦᠷᠳᠡᠭᠰᠡᠨ ᠨᠢᠦ᠋ ᠶᠤᠷᠺ ᠶᠡᠭᠡ ᠰᠤᠷᠭᠠᠭᠤᠯᠢ ᠶᠢᠨ ᠫᠧᠷᠦᠹᠧᠰᠰᠤᠷ ᠪᠤᠷᠦ᠋᠂ ᠷᠤᠮᠦᠸᠧ᠂ ᠳᠤᠮᠳᠠᠳᠤ ᠤᠯᠤᠰ ᠤᠨ ᠦᠭᠡᠷᠡᠴᠢᠯᠡᠯᠳᠡ ᠨᠡᠭᠡᠭᠡᠯᠳᠡ ᠶᠢᠨ ᠠᠮᠵᠢᠯᠳᠠ ᠤᠯᠤᠭᠰᠠᠨ ᠵᠠᠩᠬᠢᠯᠠᠭ᠎ᠠ ᠶᠢᠨ ᠳᠤᠷᠰᠢᠯᠭ᠎ᠠ ᠨᠢ ᠭᠤᠷᠪᠠᠨ ᠳᠠᠯ᠎ᠠ ᠶᠢ ᠬᠠᠷᠢᠯᠴᠠᠨ ᠠᠬᠢᠭᠤᠯᠤᠭᠰᠠᠨ ᠶᠠᠪᠤᠳᠠᠯ ᠪᠤᠯᠤᠨ᠎ᠠ᠄ ᠳᠡᠷᠤᠢ ᠨᠡᠮᠡᠭᠳᠡᠯ ᠤᠨ ᠬᠤᠷᠳᠤᠴᠠ᠂ ᠳᠤᠭᠳᠠᠭᠤᠨ ᠪᠤᠯᠤᠨ ᠪᠠᠭᠳᠠᠭᠠᠮᠵᠢᠳᠠᠢ ᠪᠠᠶᠢᠬᠤ ᠶᠢ ᠬᠠᠷᠢᠯᠴᠠᠨ ᠠᠬᠢᠭᠤᠯᠤᠭᠰᠠᠨ ᠶᠠᠪᠤᠳᠠᠯ ᠪᠤᠯᠤᠨ᠎ᠠ ᠭᠡᠵᠤ ᠭᠡᠯᠡᠪᠡ᠃ ᠳᠡᠷᠡ᠂ ᠪᠠᠭᠳᠠᠭᠠᠮᠵᠢᠳᠤ ᠴᠢᠨᠠᠷ ᠲᠠᠢ ᠨᠡᠮᠡᠭᠳᠡᠯ ᠢ ᠠᠬᠢᠭᠤᠯᠬᠤ ᠳᠤ ᠪᠠᠨ ᠵᠠᠰᠠᠭ ᠤᠨ ᠤᠷᠳᠤᠨ ᠨᠢ ᠤᠨᠴᠠᠭᠠᠢ ᠵᠤᠷᠢᠭᠵᠢᠭᠤᠯᠤᠯ ᠤᠨ ᠳᠤᠭᠳᠠᠴᠠ ᠪᠠᠷ ᠳᠠᠮᠵᠢᠭᠤᠯᠤᠨ ᠰᠤᠷᠭᠠᠭᠤᠯᠢ᠂ ᠢᠯᠠᠩᠭᠤᠶ᠎ᠠ ᠶᠡᠭᠡ ᠰᠤᠷᠭᠠᠭᠤᠯᠢ ᠶᠢᠨ ᠡᠬᠦᠳᠡ ᠶᠢ ᠰᠤᠷᠤᠭᠴᠢᠳ ᠲᠤ ᠨᠡᠭᠡᠭᠡᠨ ᠦᠭᠴᠤ᠂ ᠴᠢᠨᠡᠭᠡᠯᠢᠭ ᠡᠷᠦᠭᠡ ᠶᠢᠨ ᠭᠡᠤᠭᠡᠳ᠂ ᠶᠠᠳᠠᠭᠤ ᠬᠦᠴᠢᠷᠳᠡᠯ ᠲᠠᠢ ᠡᠷᠦᠭᠡ ᠶᠢᠨ ᠭᠡᠤᠭᠡᠳ ᠲᠤ ᠴᠦᠮ ᠠᠳᠠᠯᠢᠬᠠᠨ ᠦᠭᠡᠳᠡᠯᠡᠨ ᠬᠦᠭᠵᠢᠬᠦ ᠵᠠᠮ ᠳᠠᠯᠪᠢᠵᠤ ᠦᠭᠪᠡᠯ ᠵᠤᠬᠢᠨ᠎ᠠ ᠭᠡᠵᠤ ᠰᠠᠨᠠᠭᠤᠯᠪᠠ᠃      ᠯᠢ ᠺᠧ ᠴᠢᠶᠠᠩ ᠡᠨᠡ ᠬᠦ ᠰᠠᠨᠠᠭᠤᠯᠭ᠎ᠠ ᠶᠢ ᠮᠠᠭᠳᠠᠨ ᠰᠠᠶᠢᠰᠢᠶᠠᠵᠤ ᠪᠠᠶᠢᠭ᠎ᠠ ᠪᠠᠨ ᠢᠯᠡᠳᠭᠡᠪᠡ᠃ ᠳᠡᠷᠡ᠄ ︽ᠪᠠᠭᠳᠠᠭᠠᠮᠵᠢᠳᠤ ᠴᠢᠨᠠᠷ ᠲᠠᠢ ᠨᠡᠮᠡᠭᠳᠡᠯ ᠳᠤ ᠶᠠᠭᠤᠨ ᠤ ᠤᠷᠢᠳ ᠠᠵᠢᠯ ᠤᠯᠭᠤᠯᠳᠠ ᠶᠢ ᠨᠡᠮᠡᠭᠳᠡᠬᠦᠯᠵᠤ᠂ ᠠᠵᠢᠯ ᠤᠯᠬᠤ ᠴᠢᠳᠠᠪᠤᠷᠢ ᠲᠠᠢ ᠬᠦᠮᠦᠨ ᠪᠦᠬᠦᠨ ᠳᠤ ᠠᠵᠢᠯ ᠤᠯᠬᠤ ᠠᠵᠠ ᠳᠤᠬᠢᠶᠠᠯ ᠤᠯᠭᠤᠨ᠎ᠠ᠃ ᠠᠵᠢᠯ ᠤᠯᠬᠤ ᠴᠢᠳᠠᠪᠤᠷᠢ ᠶᠢ ᠳᠡᠭᠡᠭᠰᠢᠯᠡᠬᠦᠯᠬᠦ ᠳᠤ ᠰᠤᠷᠭᠠᠨ ᠬᠦᠮᠦᠵᠢᠯ ᠪᠤᠯᠤᠨ ᠠᠵᠢᠯ ᠮᠡᠷᠭᠡᠵᠢᠯ ᠤᠨ ᠪᠤᠯᠪᠠᠰᠤᠷᠠᠯ ᠱᠠᠭᠠᠷᠳᠠᠭᠳᠠᠨ᠎ᠠ ᠂ ᠬᠦᠮᠦᠨ ᠪᠦᠬᠦᠨ ᠳᠤ ᠡᠷᠭᠡ ᠳᠡᠭᠰᠢ ᠰᠤᠷᠭᠠᠨ ᠬᠦᠮᠦᠵᠢᠯ ᠬᠦᠷᠳᠡᠭᠡᠵᠤ᠂ ᠠᠳᠠᠯᠢ ᠪᠤᠰᠤ ᠳᠠᠪᠬᠤᠷᠭ᠎ᠠ ᠶᠢᠨ ᠭᠡᠷ ᠪᠦᠯᠢ ᠶᠢᠨ ᠭᠡᠤᠭᠡᠳ ᠤᠳ ᠲᠤ ᠠᠳᠠᠯᠢᠬᠠᠨ ᠰᠤᠷᠭᠠᠨ ᠬᠦᠮᠦᠵᠢᠯ ᠬᠦᠷᠳᠡᠬᠦ ᠠᠵᠤ ᠳᠤᠬᠢᠶᠠᠯ ᠤᠯᠭᠤᠨ᠎ᠠ᠂ ᠢᠩᠬᠢᠪᠡᠯ ᠰᠠᠶ᠋ᠢ ᠨᠡᠶᠢᠭᠡᠮ ᠤᠨ ᠪᠦᠳᠦᠭᠡᠭᠰᠡᠨ ᠠᠵᠢᠯ ᠤᠯᠬᠤ ᠤᠷᠴᠢᠨ ᠳᠤᠭᠤᠷᠢᠨ ᠲᠠᠢ ᠠᠪᠴᠠᠯᠳᠤᠭᠤᠯᠵᠤ᠂ ᠴᠢᠨᠠᠭᠰᠢᠯᠠᠨ ᠳᠤᠭᠳᠠᠭᠤᠨ ᠪᠦᠭᠡᠳ ᠪᠠᠭᠳᠠᠭᠠᠮᠵᠢᠳᠠᠢ ᠨᠡᠮᠡᠭᠳᠡᠯ ᠢ ᠪᠡᠶᠡᠯᠡᠬᠦᠯᠵᠤ ᠴᠢᠳᠠᠨ᠎ᠠ ᠭᠡᠵᠤ ᠭᠡᠯᠡᠪᠡ᠃      ᠭᠧᠷᠮᠡᠨ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠤᠺᠰᠹᠤᠷᠳ᠋ ᠶᠡᠭᠡ ᠰᠤᠷᠭᠠᠭᠤᠯᠢ ᠶᠢᠨ ᠫᠧᠷᠦᠹᠧᠰᠰᠤᠷ ᠫᠧᠲ᠋ᠧ᠂ ᠰᠠᠱᠧᠨᠮᠸᠢᠡᠯ ᠪᠤᠯ ︽ᠠᠵᠤ ᠦᠢᠯᠡᠳᠪᠤᠷᠢ 4.0︾ ᠶᠢᠨ ᠳᠤᠰᠬᠠᠢ ᠮᠡᠷᠭᠡᠵᠢᠯᠳᠡᠨ ᠪᠤᠯᠤᠨ᠎ᠠ᠃ ᠳᠡᠷᠡ᠂ ᠤᠶᠤᠨᠴᠢ ᠦᠢᠯᠡᠳᠬᠦ ᠪᠠ ᠡᠷᠬᠢᠯᠳᠡᠳᠤ ᠠᠵᠤ ᠠᠬᠤᠢ ᠵᠡᠷᠭᠡ ᠳᠡᠯ᠎ᠡ ᠪᠠᠷ ᠰᠠᠨᠠᠭᠤᠯᠭ᠎ᠠ ᠳᠤᠷᠠᠳᠪᠠ᠃      ᠯᠢ ᠺᠧ ᠴᠢᠶᠠᠩ᠄ ︽ᠳᠠᠨ ᠤ ᠰᠠᠨᠠᠭᠤᠯᠭ᠎ᠠ ᠳᠤ ᠳᠠᠯᠠᠷᠬᠠᠵᠤ ᠪᠠᠶᠢᠨ᠎ᠠ︾᠃ ︽ᠳᠤᠮᠳᠠᠳᠤ ᠤᠯᠤᠰ ᠤᠨ ᠬᠢᠨ ︿ᠠᠵᠤ ᠦᠢᠯᠡᠳᠪᠤᠷᠢ 4.0﹀ ᠶᠢ ᠰᠤᠷᠤᠯᠴᠠᠬᠤ ᠶᠢ ᠪᠠᠷᠢᠮᠳᠠᠯᠠᠭᠰᠠᠭᠠᠷ ᠢᠷᠡᠪᠡ᠂ ᠪᠢᠳᠡ ᠤᠳᠤ ᠶᠠᠭ ᠰᠠᠶᠢᠬᠠᠨ ᠠᠵᠤ ᠦᠢᠯᠡᠳᠪᠤᠷᠢ ᠶᠢᠨ ᠢᠨᠲ᠋ᠧᠷ ᠰᠦᠯᠵᠢᠶ᠎ᠡ ᠪᠠᠶᠢᠭᠤᠯᠬᠤ ᠶᠢ ᠠᠬᠢᠭᠤᠯᠵᠤ ᠪᠤᠢ᠂ ᠡᠨᠡ ᠨᠢ ᠳᠤᠮᠳᠠᠳᠤ ᠤᠯᠤᠰ ᠤᠨ ᠦᠢᠯᠡᠳᠬᠦ ᠳᠦᠪᠰᠢᠨ ᠢ ᠳᠡᠭᠡᠭᠰᠢᠯᠡᠬᠦᠯᠬᠦ ᠵᠠᠩᠬᠢᠯᠠᠭ᠎ᠠ ᠪᠤᠯᠬᠤ ᠮᠦᠷᠳᠡᠭᠡᠨ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢ ᠳᠠᠶᠢᠴᠢᠯᠠᠬᠤ ᠴᠢᠬᠤᠯᠠ ᠳᠠᠪᠴᠠᠩ ᠪᠤᠯᠬᠤ ᠶᠤᠮ᠃ ᠭᠠᠳᠠᠭᠠᠳᠤ ᠶᠢᠨ ᠳᠤᠰᠬᠠᠢ ᠮᠡᠷᠭᠡᠵᠢᠯᠳᠡᠨ ᠤ ᠰᠠᠨᠠᠯ ᠵᠦᠪᠯᠡᠯᠭᠡ ᠠᠷᠭ᠎ᠠ ᠤᠬᠠᠭᠠᠨ ᠭᠠᠷᠭᠠᠬᠤ ᠶᠢ ᠬᠦᠰᠡᠵᠤ ᠪᠠᠶᠢᠨ᠎ᠠ︾ ᠭᠡᠵᠤ ᠭᠡᠯᠡᠪᠡ᠃      ᠰᠠᠱᠧᠨᠮᠸᠢᠡᠯ ᠳᠤᠮᠳᠠᠳᠤ ᠤᠯᠤᠰ ᠤᠨ ᠤᠯᠠᠨ ᠤᠯᠤᠰ ᠤᠨ ᠰᠢᠨ᠎ᠠ ᠶᠢ ᠡᠬᠦᠳᠬᠦ ᠳᠦᠪ ᠤᠨ ᠳᠡᠷᠢᠬᠦᠯᠡᠭᠴᠢ ᠶᠢᠨ ᠳᠤᠰᠢᠶᠠᠯ ᠢ ᠬᠠᠷᠢᠭᠤᠴᠠᠵᠤ ᠪᠠᠶᠢᠭ᠎ᠠ ᠪᠦᠭᠡᠳ ᠳᠤᠬᠠᠢ ᠶᠢᠨ ᠭᠠᠵᠠᠷ ᠤᠨ ᠨᠢᠭᠡᠨ ᠰᠤᠷᠭᠠᠭᠤᠯᠢ ᠶᠢᠨ ᠳᠡᠳ᠋ ᠵᠠᠬᠢᠷᠤᠯ ᠤᠨ ᠳᠤᠰᠢᠶᠠᠯ ᠢ ᠬᠠᠷᠢᠭᠤᠴᠠᠵᠤ ᠪᠠᠶᠢᠳᠠᠭ᠃ ᠳᠡᠷᠡ ᠶᠡᠷᠦᠩᠭᠡᠢ ᠰᠠᠶᠢᠳ ᠯᠢ ᠺᠧ ᠴᠢᠶᠠᠩ ᠳᠤ ︽ᠶᠡᠭᠡ ᠦᠢᠯᠡᠰ ᠢ ᠪᠦᠳᠦᠭᠡᠬᠦ ᠳᠤ ᠤᠯᠠᠨ ᠤ ᠬᠦᠴᠦᠨ ᠢ ᠨᠢᠬᠳᠠᠷᠠᠭᠤᠯᠬᠤ ᠭᠡᠷᠡᠭᠳᠡᠢ︾᠃ ᠠᠷᠠᠳ ᠠᠴᠠ ᠡᠷᠬᠢᠯᠡᠭᠰᠡᠨ ᠶᠡᠭᠡ ᠰᠤᠷᠭᠠᠭᠤᠯᠢ᠂ ᠳᠤᠮᠳᠠᠳᠤ ᠭᠠᠳᠠᠭᠠᠳᠤ ᠬᠤᠷᠰᠢᠨ ᠡᠷᠬᠢᠯᠡᠭᠰᠡᠨ ᠰᠤᠷᠭᠠᠭᠤᠯᠢ ᠶᠢᠨ ᠬᠢᠨ ᠪᠤᠰᠤᠳ ᠠᠯᠪᠠᠨ ᠠᠴᠠ ᠡᠷᠬᠢᠯᠡᠭᠰᠡᠨ ᠪᠠᠶᠢᠭᠤᠯᠤᠮᠵᠢ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠪᠡᠯᠡ ᠮᠦᠩᠬᠦᠨ ᠤ ᠦᠷᠢᠰᠦᠯᠳᠦᠭᠡᠨ ᠳᠤ ᠡᠷᠭᠡ ᠳᠡᠭᠰᠢ ᠪᠠᠷ ᠤᠷᠤᠯᠴᠠᠬᠤ ᠶᠢ ᠵᠦᠪᠰᠢᠶᠡᠷᠡᠬᠦ ᠶᠢ ᠬᠦᠰᠡᠵᠤ ᠪᠠᠶᠢᠨ᠎ᠠ ᠭᠡᠵᠤ ᠰᠠᠨᠠᠭᠤᠯᠪᠠ᠃      ᠯᠢ ᠺᠧ ᠴᠢᠶᠠᠩ᠄ ︽ᠳᠤᠮᠳᠠᠳᠤ ᠤᠯᠤᠰ ᠲᠤ ᠳᠠᠩᠰᠠᠯᠠᠭᠤᠯᠤᠭᠰᠠᠨ ᠠᠯᠪᠠᠨ ᠠᠴᠠ ᠡᠷᠭᠢᠯᠡᠭᠰᠡᠨ ᠶᠡᠭᠡ ᠰᠤᠷᠭᠠᠭᠤᠯᠢ ᠴᠤ ᠪᠤᠯᠤᠭ᠂ ᠠᠷᠠᠳ ᠠᠴᠠ ᠡᠷᠬᠢᠯᠡᠭᠰᠡᠨ ᠶᠡᠭᠡ ᠰᠤᠷᠭᠠᠭᠤᠯᠢ ᠴᠤ ᠪᠤᠯᠤᠭ᠂ ᠳᠤᠮᠳᠠᠳᠤ ᠭᠠᠳᠠᠭᠠᠳᠤ ᠬᠤᠷᠰᠢᠨ ᠡᠷᠬᠢᠯᠡᠭᠰᠡᠨ ᠶᠡᠭᠡ ᠰᠤᠷᠭᠠᠭᠤᠯᠢ ᠴᠤ ᠪᠤᠯᠤᠭ᠂ ᠵᠦᠪᠭᠡᠨ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠳᠦᠷᠦᠯ ᠵᠦᠢᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠮᠦᠩᠬᠦ ᠵᠡᠷᠭᠡ ᠨᠢ WTO ᠶᠢᠨ ᠳᠦᠷᠢᠮ ᠳᠤ ᠨᠡᠶᠢᠴᠡᠳᠡᠭ ᠶᠤᠮ ᠪᠤᠯ ᠪᠦᠬᠦᠳᠡ ᠳᠤ ᠡᠷᠭᠡ ᠳᠡᠭᠰᠢ ᠪᠠᠷ ᠦᠷᠢᠰᠦᠯᠳᠦᠬᠦ ᠠᠵᠠ ᠵᠠᠪᠰᠢᠶᠠᠨ ᠤᠯᠭᠤᠨ᠎ᠠ᠃ ᠦᠷᠢᠰᠦᠯᠳᠦᠭᠡᠨ ᠤ ᠳᠤᠮᠳᠠ ᠨᠡᠩ ᠠᠷᠪᠢᠨ ᠳᠤᠮᠳᠠᠳᠤ ᠭᠠᠳᠠᠭᠠᠳᠤ ᠬᠤᠷᠰᠢᠨ ᠡᠷᠬᠢᠯᠡᠭᠰᠡᠨ ᠰᠤᠷᠭᠠᠭᠤᠯᠢ ᠪᠤᠯᠤᠨ ᠪᠠᠶᠢᠭᠤᠯᠤᠮᠵᠢ ᠴᠤᠯᠭᠤᠷᠠᠨ ᠭᠠᠷᠬᠤ ᠶᠢ ᠪᠢ ᠬᠦᠰᠡᠵᠤ ᠪᠠᠶᠢᠨ᠎ᠠ᠃ ᠡᠨᠡ ᠨᠢ ᠨᠡᠶᠢᠭᠡᠮ ᠨᠡᠶᠢᠳᠡ ᠳᠤ ᠳᠤᠮᠳᠠᠳᠤ ᠤᠯᠤᠰ ᠤᠨ ᠦᠭᠡᠷᠡᠴᠢᠯᠡᠯᠳᠡ ᠨᠡᠭᠡᠭᠡᠯᠳᠡ ᠪᠠᠨ ᠤᠯᠠᠮ ᠢᠶᠠᠷ ᠦᠷᠭᠡᠳᠭᠡᠬᠦ ᠵᠤᠷᠢᠭ ᠰᠠᠨᠠᠭ᠎ᠠ ᠶᠢ ᠳᠡᠮᠵᠢᠭᠤᠯᠬᠤ ᠪᠤᠯᠤᠨ᠎ᠠ︾ ᠭᠡᠵᠤ ᠬᠠᠷᠢᠭᠤ ᠭᠡᠯᠡᠪᠡ᠃      ᠨᠤᠫᠧᠯ ᠤᠨ ᠹᠢᠽᠢᠺ ᠤᠨ ᠤᠬᠠᠭᠠᠨ ᠤ ᠱᠠᠩᠨᠠᠯ ᠬᠦᠷᠳᠡᠭᠰᠡᠨ ᠮᠠᠨᠴᠧᠰᠲ᠋ᠧᠷ ᠶᠡᠭᠡ ᠰᠤᠷᠭᠠᠭᠤᠯᠢ ᠶᠢᠨ ᠫᠧᠷᠦᠹᠧᠰᠰᠤᠷ ᠺᠠᠩᠰᠲ᠋ᠠᠨᠳᠢᠩ᠂ ᠨᠤᠸ᠋ᠱᠤᠯᠤᠹ᠂ ᠳᠤᠮᠳᠠᠳᠤ ᠶᠢᠨ ᠦᠢᠯᠡᠳᠬᠦ ᠦᠢᠯᠡᠰ ᠨᠢ ᠭᠡᠪᠴᠢᠶᠠᠵᠢᠯ ᠤᠨ ᠳᠠᠯ᠎ᠠ  ᠪᠠᠷ ᠴᠤ ᠪᠤᠯᠤᠭ᠂ ᠪᠤᠳᠤᠯᠢᠶᠠᠨᠳᠤ ᠳᠠᠯ᠎ᠠ ᠪᠠᠷ ᠴᠤ ᠪᠤᠯᠤᠭ ᠪᠦᠷ ᠯᠤᠳᠤ ᠶᠡᠭᠡ ᠠᠮᠵᠢᠯᠳᠠ ᠤᠯᠵᠠᠢ᠃ ᠭᠡᠬᠦ ᠳᠤ ᠰᠠᠭᠤᠷᠢ ᠰᠤᠳᠤᠯᠤᠯ ᠤᠨ ᠪᠡᠯᠡ ᠤᠷᠤᠭᠤᠯᠤᠯᠳᠠ ᠶᠢ ᠤᠮᠳᠤᠭᠠᠶᠢᠯᠠᠭᠰᠠᠨ ᠪᠠᠶᠢᠵᠤ᠂ ᠳᠤᠮᠳᠠᠳᠤ ᠤᠯᠤᠰ ᠤᠨ ᠠᠩᠬᠠᠨ ᠤ ᠡᠬᠦᠳᠤᠨ ᠪᠦᠳᠦᠭᠡᠯᠳᠡ ᠶᠢᠨ ᠴᠢᠨᠠᠷ ᠲᠠᠢ ᠦᠷ᠎ᠡ ᠪᠦᠳᠦᠮᠵᠢ ᠶᠢ ᠴᠢᠩᠭᠠᠳᠬᠠᠬᠤ ᠴᠢᠬᠤᠯᠠ ᠲᠠᠢ ᠪᠠᠶᠢᠨ᠎ᠠ ᠭᠡᠵᠤ ᠰᠠᠨᠠᠭᠤᠯᠪᠠ᠃      ᠯᠢ ᠺᠧ ᠴᠢᠶᠠᠩ᠂ ᠵᠠᠬ᠎ᠠ ᠳᠡᠯᠭᠡᠬᠦᠷ ᠤᠨ ᠬᠦᠷᠢᠶ᠎ᠡ ᠭᠡᠪᠴᠢᠶ᠎ᠠ ᠳᠦᠢᠯ ᠤᠨ ᠶᠡᠭᠡ ᠪᠤᠯᠤᠭᠰᠠᠨ ᠢᠶᠠᠷ ᠠᠵᠤ ᠠᠬᠤᠢ ᠶᠢᠨ ᠨᠡᠮᠡᠭᠳᠡᠯ ᠨᠡᠯᠢᠶᠡᠳ ᠳᠦᠷᠭᠡᠰᠴᠤ᠂ ᠳᠤᠮᠳᠠᠳᠤ ᠤᠯᠤᠰ ᠤᠨ ᠭᠡᠷᠡᠭᠯᠡᠭᠡᠨ ᠤ ᠮᠡᠷᠭᠡᠵᠢᠯ ᠤᠨ ᠬᠦᠭᠵᠢᠯᠳᠡ ᠬᠠᠷᠢᠴᠠᠩᠭᠤᠢ ᠳᠦᠷᠭᠡᠨ ᠪᠤᠯᠪᠠ᠃ ᠭᠡᠬᠦ ᠳᠤ ᠰᠠᠭᠤᠷᠢ ᠰᠤᠳᠤᠯᠭᠠᠨ ᠢ ᠴᠢᠩᠭᠠᠳᠬᠠᠬᠤ ᠴᠢᠬᠤᠯᠠ ᠲᠠᠢ ᠪᠠᠶᠢᠭᠰᠠᠭᠠᠷ ᠭᠡᠵᠤ ᠭᠡᠯᠡᠪᠡ᠃ ᠯᠢ ᠺᠧ ᠴᠢᠶᠠᠩ᠄ ︽ᠰᠠᠭᠤᠷᠢ ᠰᠤᠳᠤᠯᠭᠠᠨ ᠪᠤᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠭᠵᠢᠯᠳᠡ ᠶᠢ ᠠᠬᠢᠭᠤᠯᠬᠤ ᠦᠨᠳᠦᠰᠤ ᠪᠤᠯᠤᠨ᠎ᠠ︾᠃ ︽ᠳᠤᠮᠳᠠᠳᠤ ᠤᠯᠤᠰ ᠰᠠᠭᠤᠷᠢ ᠰᠤᠳᠤᠯᠭᠠᠨ ᠢ ᠴᠢᠩᠭᠠᠳᠬᠠᠵᠤ᠂ ᠦᠭᠡᠷᠡᠴᠢᠯᠡᠯᠳᠡ ᠨᠡᠭᠡᠭᠡᠯᠳᠡ ᠶᠢᠨ ᠶᠠᠪᠤᠴᠠ ᠳᠤ ᠭᠠᠳᠠᠭᠠᠳᠤ ᠶᠢᠨ ᠰᠢᠨᠵᠢᠯᠠᠬᠦ ᠤᠬᠠᠭᠠᠳᠠᠳ ᠲᠠᠢ ᠬᠠᠮᠳᠤᠷᠠᠯᠴᠠᠭ᠎ᠠ ᠪᠠᠨ ᠨᠢᠬᠳᠠᠷᠠᠭᠤᠯᠵᠤ᠂ ᠮᠡᠳᠡᠯᠭᠡ ᠶᠢᠨ ᠦᠮᠴᠢᠯᠠᠯ ᠤᠨ ᠡᠷᠭᠡ ᠶᠢ ᠤᠯᠠᠮ ᠰᠠᠶᠢᠨ ᠢᠶᠠᠷ ᠬᠠᠮᠠᠭᠠᠯᠠᠨ᠎ᠠ︾ ᠭᠡᠵᠤ ᠭᠡᠯᠡᠪᠡ᠃      ᠭᠠᠳᠠᠭᠠᠳᠤ ᠶᠢᠨ ᠡᠷᠳᠡᠮᠳᠡᠨ ᠮᠡᠷᠭᠡᠵᠢᠯᠳᠡᠨ ᠤ ᠰᠠᠨᠠᠯ ᠰᠠᠨᠠᠭᠤᠯᠤᠮᠵᠢ ᠳᠠᠭᠤᠰᠤᠭᠰᠠᠨ ᠤ ᠳᠠᠷᠠᠭ᠎ᠠ ᠯᠢ ᠺᠧ ᠴᠢᠶᠠᠩ᠂ ᠨᠢᠳᠤᠨᠤᠨ ᠤ ᠳᠤᠮᠳᠠᠳᠤ ᠤᠯᠤᠰ ᠤᠨ ᠠᠵᠤ ᠠᠬᠤᠢ ᠶᠢᠨ GDP ᠶᠢᠨ ᠨᠡᠮᠡᠭᠳᠡᠯ 6.6% ᠳᠤ ᠬᠦᠷᠪᠡ᠂ ᠡᠨᠡ ᠨᠢ ᠦᠨᠳᠦᠷ ᠰᠠᠭᠤᠷᠢ ᠳᠤᠭᠠᠨ ᠤ ᠰᠠᠭᠤᠷᠢᠨ ᠳᠡᠭᠡᠷᠡᠬᠢ ᠨᠡᠮᠡᠭᠳᠡᠯ ᠪᠤᠯᠬᠤ ᠪᠦᠭᠡᠳ ᠳᠤᠮᠳᠠᠳᠤ ᠤᠯᠤᠰ ᠤᠨ ᠠᠷᠠᠳ ᠳᠦᠮᠡᠨ ᠤ ᠴᠦᠬᠦᠷᠡᠯ ᠦᠭᠡᠢ ᠴᠢᠷᠮᠠᠶᠢᠭᠰᠠᠨ ᠤ ᠦᠷ᠎ᠡ ᠳ᠋ᠦᠩ ᠪᠤᠯᠤᠨ᠎ᠠ᠂ ᠮᠦᠨᠴᠤ ᠳᠤᠮᠳᠠᠳᠤ ᠳᠤ ᠪᠠᠶᠢᠭ᠎ᠠ ᠭᠠᠳᠠᠭᠠᠳᠤ ᠶᠢᠨ ᠳᠤᠰᠬᠠᠢ ᠮᠡᠷᠭᠡᠵᠢᠯᠳᠡᠨ ᠪᠤᠯᠤᠨ ᠠᠵᠤ ᠠᠬᠤᠶᠢᠯᠠᠯ ᠤᠨ ᠴᠢᠬᠤᠯᠠ ᠬᠤᠪᠢ ᠨᠡᠮᠡᠷᠢ ᠦᠵᠡᠬᠦᠯᠦᠭᠰᠡᠨ  ᠲᠠᠢ ᠬᠤᠯᠪᠤᠭ᠎ᠠ ᠲᠠᠢ ᠭᠡᠵᠤ ᠭᠡᠯᠡᠪᠡ᠃      ᠯᠢ ᠺᠧ ᠴᠢᠶᠠᠩ᠄ ︽ᠤᠳᠤᠬᠠᠨ ᠳᠤ ᠳᠡᠯᠡᠭᠡᠢ ᠶᠢᠨ ᠪᠠᠶᠢᠳᠠᠯ ᠪᠤᠳᠤᠯᠢᠶᠠᠨᠳᠠᠢ ᠪᠦᠭᠡᠳ ᠬᠤᠪᠢᠷᠠᠯᠳᠠ ᠶᠡᠭᠡ  ᠲᠠᠢ ᠪᠡᠶᠢᠨ᠎ᠠ᠂ ᠳᠤᠮᠳᠠᠳᠤ ᠤᠯᠤᠰ ᠴᠤ ᠤᠷᠳᠤ ᠬᠤᠭᠤᠴᠠᠭ᠎ᠠ ᠪᠠᠷ ᠤᠷᠤᠰᠢᠵᠤ ᠪᠠᠶᠢᠭᠰᠠᠨ ᠵᠦᠷᠢᠴᠡᠯ ᠢᠶᠠᠨ ᠠᠯᠬᠤᠮ ᠠᠯᠬᠤᠮ ᠢᠶᠠᠷ ᠰᠢᠢᠳᠪᠤᠷᠢᠯᠡᠵᠤ ᠪᠠᠶᠢᠭ᠎ᠠ ᠳᠤᠯᠠ ᠠᠵᠤ ᠠᠬᠤᠢ ᠶᠢᠨ ᠨᠡᠮᠡᠭᠳᠡᠯ ᠨᠢ ᠤᠬᠤᠷ ᠬᠤᠭᠤᠴᠠᠭᠠᠨ ᠳᠤ ᠳᠤᠯᠬᠢᠰᠦᠯ ᠲᠠᠢ ᠪᠠᠶᠢᠬᠤ ᠨᠢ ᠳᠠᠮᠵᠢᠭ ᠦᠭᠡᠢ︾᠃ ︽ᠭᠡᠬᠦ ᠳᠤ ᠪᠢᠳᠠ ᠢᠳᠡᠭᠡᠯ ᠳᠦᠬᠦᠷᠡᠩ ᠪᠠᠶᠢᠵᠤ᠂ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠢ ᠵᠤᠬᠢᠬᠤ ᠭᠡᠮᠵᠢᠶᠡᠨ ᠳᠤ ᠪᠠᠶᠢᠯᠭᠠᠬᠤ ᠶᠢ ᠪᠠᠳᠤᠯᠠᠨ᠂ ᠤᠷᠳᠤ ᠬᠤᠭᠤᠴᠠᠭ᠎ᠠ ᠪᠠᠷ ᠳᠤᠮᠳᠠ ᠳᠡᠭᠡᠳᠤ ᠬᠤᠷᠳᠤᠴᠠ ᠪᠠᠷ ᠨᠡᠮᠡᠭᠳᠡᠬᠦᠯᠬᠦ ᠶᠢ ᠪᠡᠶᠡᠯᠡᠬᠦᠯᠬᠦ ᠴᠢᠳᠠᠪᠤᠷᠢ ᠲᠠᠢ︾ ᠭᠡᠵᠤ ᠭᠡᠯᠡᠪᠡ᠃      ᠯᠢ ᠺᠧ ᠴᠢᠶᠠᠩ᠂ ᠳᠤᠮᠳᠠᠳᠤ ᠤᠯᠤᠰ ᠤᠨ ᠠᠵᠤ ᠠᠬᠤᠢ ᠶᠢᠨ ᠬᠦᠭᠵᠢᠯᠳᠡ ᠦᠨᠳᠦᠰᠤᠨ ᠳᠤ ᠪᠠᠨ ᠤᠷᠳᠤ ᠬᠤᠭᠤᠴᠠᠭ᠎ᠠ ᠪᠠᠷ ᠰᠠᠶᠢᠨ ᠪᠤᠯᠬᠤ ᠪᠤᠯᠤᠨ᠎ᠠ᠃ ᠤᠴᠢᠷ ᠨᠢ ᠳᠤᠮᠳᠠᠳᠤ ᠤᠯᠤᠰ 9 ᠳ᠋ᠦᠩᠰᠢᠭᠤᠷ ᠬᠦᠳᠡᠯᠮᠦᠷᠢᠴᠢᠨ ᠪᠠ ᠶᠡᠭᠡ ᠳᠡᠭᠡᠳᠤ ᠰᠤᠷᠭᠠᠭᠤᠯᠢ ᠶᠢᠨ ᠰᠤᠷᠭᠠᠨ ᠬᠦᠮᠦᠵᠢᠯ ᠬᠦᠷᠳᠡᠭᠰᠡᠨ ᠪᠤᠶᠤ ᠳᠤᠰᠬᠠᠢ ᠮᠡᠷᠭᠡᠵᠢᠯᠳᠡᠨ ᠢ ᠪᠠᠭᠳᠠᠭᠠᠭᠰᠠᠨ 14 ᠳ᠋ᠦᠩᠰᠢᠭᠤᠷ ᠰᠢᠬᠠᠮ ᠬᠦᠮᠦᠨ ᠠᠮᠠ ᠲᠠᠢ᠂ ᠤᠯᠤᠰ ᠤᠨ ᠳᠤᠳᠤᠭᠠᠳᠤ ᠶᠢᠨ ᠶᠡᠭᠡ ᠵᠠᠬ᠎ᠠ ᠳᠡᠯᠭᠡᠬᠦᠷ ᠪᠤᠯᠤᠨ ᠬᠦᠮᠦᠨ ᠤ ᠬᠦᠴᠦᠨ ᠢᠶᠠᠷ ᠡᠯᠪᠡᠭ ᠪᠠᠶᠠᠯᠢᠭ ᠶᠤᠮ᠃ ᠡᠨᠡ ᠨᠢ ᠳᠤᠮᠳᠠᠳᠤ ᠤᠯᠤᠰ ᠤᠨ ᠬᠦᠭᠵᠢᠯᠳᠡ ᠶᠢᠨ ᠬᠠᠮᠤᠭ ᠶᠡᠭᠡ ᠳᠡᠯᠳᠡ ᠬᠦᠴᠤᠨ ᠪᠤᠯᠤᠨ᠎ᠠ ᠭᠡᠪᠡ᠃      ᠯᠢ ᠺᠧ ᠴᠢᠶᠠᠩ᠂ ᠳᠤᠮᠳᠠᠳᠤ ᠤᠯᠤᠰ ᠦᠭᠡᠷᠡᠴᠢᠯᠡᠯᠳᠡ ᠨᠡᠭᠡᠭᠡᠯᠳᠡ ᠪᠠᠨ ᠤᠯᠠᠮ ᠢᠶᠠᠷ ᠦᠷᠭᠡᠳᠭᠡᠨ᠂ ᠵᠠᠬ᠎ᠠ ᠳᠡᠯᠭᠡᠬᠦᠷ ᠲᠤ ᠤᠷᠤᠬᠤ ᠶᠢ ᠵᠦᠪᠰᠢᠶᠡᠷᠡᠬᠦ ᠪᠠᠨ ᠠᠭᠤᠵᠢᠮ ᠳᠠᠯᠪᠢᠵᠤ᠂ ᠠᠳᠠᠯᠢ ᠳᠡᠭᠰᠢ ᠪᠠᠷ ᠬᠠᠨᠳᠤᠨ᠂ ᠡᠷᠭᠡ ᠳᠡᠭᠰᠢ ᠪᠠᠷ ᠦᠷᠢᠰᠦᠯᠳᠦᠬᠦ ᠠᠷᠠᠯᠵᠢᠶ᠎ᠠ ᠬᠤᠳᠠᠯᠳᠤᠭᠠᠨ ᠤ ᠡᠵᠡᠩᠨᠡᠯᠳᠡ ᠶᠢᠨ ᠤᠷᠴᠢᠨ ᠳᠤᠭᠤᠷᠢᠨ ᠢ ᠬᠠᠩᠭᠠᠵᠤ᠂ ᠭᠠᠳᠠᠭᠠᠳᠤ ᠶᠢᠨ ᠳᠡᠷᠢᠬᠦᠨ ᠤ ᠮᠡᠷᠭᠡᠵᠢᠯ ᠪᠤᠯᠤᠨ ᠬᠠᠮᠢᠶᠠᠷᠤᠯᠳᠠ ᠶᠢᠨ ᠳᠤᠷᠰᠢᠯᠭ᠎ᠠ ᠪᠠᠷ ᠳᠤᠯᠢ ᠪᠤᠯᠭᠠᠬᠤ ᠪᠤᠯᠤᠨ᠎ᠠ ᠭᠡᠵᠤ ᠭᠡᠯᠡᠪᠡ᠃      ᠯᠢ ᠺᠧ ᠴᠢᠶᠠᠩ᠂ ᠪᠢᠳᠡ ᠡᠯ᠎ᠡ ᠤᠯᠤᠰ ᠤᠨ ᠦᠷᠢᠰᠦᠯᠳᠦᠬᠦ ᠴᠢᠳᠠᠪᠤᠷᠢ ᠲᠠᠢ ᠳᠠᠸᠠᠷ ᠪᠤᠯᠤᠨ ᠮᠡᠷᠭᠡᠵᠢᠯ ᠳᠤᠮᠳᠠᠳᠤ ᠤᠯᠤᠰ ᠤᠨ ᠵᠠᠬ᠎ᠠ ᠳᠡᠯᠭᠡᠬᠦᠷ ᠲᠤ ᠤᠷᠤᠵᠤ ᠢᠷᠡᠬᠦ ᠶᠢ ᠪᠠᠶᠠᠷᠯᠠᠨ ᠤᠬᠳᠤᠵᠤ᠂ ᠤᠯᠤᠰ ᠤᠨ ᠳᠤᠳᠤᠭᠠᠳᠤ ᠶᠢᠨ ᠭᠡᠷᠡᠭᠯᠡᠭᠴᠢᠳ ᠲᠤ ᠨᠡᠩ ᠠᠷᠪᠢᠨ ᠴᠢᠯᠦᠭᠡ ᠲᠠᠢ ᠰᠤᠩᠭᠤᠨ ᠭᠡᠷᠡᠭᠯᠡᠬᠦ ᠵᠠᠪᠰᠢᠶᠠᠨ ᠬᠠᠩᠭᠠᠬᠤ ᠶᠢᠨ ᠬᠠᠮᠳᠤ ᠳᠡᠯᠡᠭᠡᠢ ᠶᠢᠨ ᠡᠯ᠎ᠡ ᠤᠯᠤᠰ ᠲᠤ ᠨᠡᠩ ᠶᠡᠭᠡ ᠵᠠᠬ᠎ᠠ ᠳᠡᠯᠭᠡᠬᠦᠷ ᠬᠠᠩᠭᠠᠨ᠎ᠠ᠃ ᠪᠢᠳᠡ ᠮᠡᠳᠡᠯᠭᠡ ᠶᠢᠨ ᠦᠮᠴᠢᠯᠠᠯ ᠤᠨ ᠡᠷᠭᠡ ᠶᠢ ᠬᠠᠮᠠᠭᠠᠯᠠᠵᠤ᠂ ᠰᠢᠨ᠎ᠠ ᠶᠢ ᠡᠬᠦᠳᠦᠭᠰᠡᠨ ᠦᠷ᠎ᠡ ᠪᠦᠳᠦᠭᠡᠯ ᠢ ᠬᠤᠪᠢᠷᠠᠭᠤᠯᠤᠨ ᠠᠰᠢᠭᠯᠠᠵᠤ᠂ ᠰᠢᠨ᠎ᠠ ᠶᠢ ᠡᠬᠦᠳᠤᠨ ᠬᠦᠭᠵᠢᠬᠦ ᠪᠤᠯᠤᠨ ᠨᠡᠶᠢᠭᠡᠮ ᠤᠨ ᠳᠠᠪᠰᠢᠯᠳᠠ ᠶᠢ ᠠᠬᠢᠭᠤᠯᠤᠨ᠎ᠠ ᠭᠡᠵᠤ ᠭᠡᠯᠡᠪᠡ᠃      ᠯᠢ ᠺᠧ ᠴᠢᠶᠠᠩ ᠬᠠᠮᠤᠭ ᠰᠡᠬᠦᠯ ᠳᠤ᠂ ᠭᠠᠳᠠᠭᠠᠳᠤ ᠶᠢᠨ ᠳᠤᠰᠬᠠᠢ ᠮᠡᠷᠭᠡᠵᠢᠯᠳᠡᠨ ᠤ ᠳᠤᠮᠳᠠᠳᠤ ᠤᠯᠤᠰ ᠲᠤ ᠢᠷᠡᠵᠤ ᠠᠵᠢᠯᠯᠠᠬᠤ ᠶᠢ ᠪᠠᠶᠠᠷᠯᠠᠨ ᠤᠭᠳᠤᠨ᠎ᠠ᠃ ᠳᠤᠮᠳᠠᠳᠤ ᠤᠯᠤᠰ ᠤᠨ ᠬᠢᠨ ᠭᠠᠳᠠᠭᠠᠳᠤ ᠶᠢᠨ ᠴᠢᠳᠠᠪᠤᠷᠢᠳᠠᠨ ᠤ ᠬᠠᠮᠢᠶᠠᠷᠤᠯᠳᠠ ᠦᠢᠯᠡᠴᠢᠯᠡᠭᠡ ᠪᠠᠳᠤᠯᠠᠪᠤᠷᠢ ᠶᠢᠨ ᠳᠠᠯ᠎ᠠ ᠪᠠᠷ ᠬᠢ ᠡᠯ᠎ᠡ ᠵᠦᠢᠯ ᠤᠨ ᠳᠦᠷᠦ ᠶᠢᠨ ᠪᠤᠳᠤᠯᠭ᠎ᠠ ᠪᠠᠨ ᠤᠯᠠᠮ ᠢᠶᠠᠷ ᠳᠡᠬᠦᠯᠳᠡᠷᠵᠢᠬᠦᠯᠵᠤ᠂ ᠳᠤᠮᠳᠠᠳᠤ ᠤᠯᠤᠰ ᠲᠤ ᠢᠷᠡᠵᠤ ᠠᠵᠢᠯᠯᠠᠵᠤ ᠠᠮᠢᠳᠤᠷᠠᠵᠤ ᠪᠠᠶᠢᠭ᠎ᠠ ᠭᠠᠳᠠᠭᠠᠳᠤ ᠶᠢᠨ ᠳᠤᠰᠬᠠᠢ ᠮᠡᠷᠭᠡᠵᠢᠯᠳᠡᠨ ᠳᠤ ᠨᠡᠩ ᠳᠦᠬᠦᠮ ᠦᠵᠡᠬᠦᠯᠦᠨ᠎ᠡ᠃ ᠭᠠᠳᠠᠭᠠᠳᠤ ᠶᠢᠨ ᠳᠤᠰᠬᠠᠢ ᠮᠡᠷᠭᠡᠵᠢᠯᠳᠡᠨ ᠤ ᠦᠷᠬᠦᠯᠵᠢᠯᠡᠨ ᠰᠠᠨᠠᠯ ᠵᠦᠪᠯᠡᠯᠭᠡ ᠦᠭᠴᠤ᠂ ᠳᠤᠮᠳᠠᠳᠤ ᠤᠯᠤᠰ ᠬᠢᠭᠡᠳ ᠳᠡᠯᠡᠭᠡᠢ ᠶᠢᠨ ᠬᠦᠭᠵᠢᠯᠳᠡ ᠶᠢ ᠠᠬᠢᠭᠤᠯᠬᠤ ᠶᠢ ᠬᠦᠰᠡᠵᠤ ᠪᠠᠶᠢᠨ᠎ᠠ ᠭᠡᠵᠤ ᠭᠡᠯᠡᠪᠡ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号