ᠬᠤ᠋ ᠴᠦᠨ ᠬᠤᠸᠠ᠄ ᠠᠮᠢᠳᠤᠷᠠᠯ ᠤᠨ ᠪᠤᠵᠠᠷ ᠤᠰᠤᠨ ᠤ ᠵᠠᠰᠠᠯᠳᠠ ᠶᠢ ᠴᠢᠩᠭᠠᠳᠬᠠᠬᠤ ᠪᠠ ᠬᠦᠳᠡᠭᠡ ᠳᠤᠰᠬᠤᠨ ᠤ ᠵᠤᠷᠯᠤᠩ ᠤᠨ ᠦᠭᠡᠷᠡᠴᠢᠯᠡᠯᠳᠡ ᠶᠢ ᠠᠬᠢᠭᠤᠯᠬᠤ ᠶᠢ ᠳᠦᠷᠭᠡᠳᠭᠡᠬᠦ ᠭᠡᠷᠡᠭᠳᠡᠢ ᠭᠡᠪᠡ
ᠨᠡᠶᠢᠲᠡᠯᠡᠭᠰᠡᠨ ᠴᠠᠭ᠄
2019-01-30
                               ᠪᠦᠬᠦ ᠤᠯᠤᠰ ᠤᠨ ᠬᠦᠳᠡᠭᠡ ᠳᠤᠰᠬᠤᠨ ᠤ ᠠᠮᠢᠳᠤᠷᠠᠯ ᠤᠨ ᠪᠤᠵᠠᠷ ᠤᠰᠤᠨ ᠤ ᠵᠠᠰᠠᠯᠳᠠ ᠶᠢ ᠠᠬᠢᠭᠤᠯᠬᠤ ᠠᠵᠢᠯ ᠤᠨ ᠪᠠᠶᠢᠷᠢ ᠶᠢᠨ ᠬᠤᠷᠠᠯ 1 ᠳ᠋ᠤᠭᠡᠷ ᠰᠠᠷ᠎ᠠ ᠶᠢᠨ 24 ᠤ ᠡᠳᠤᠷ ᠠᠨᠾᠦ᠋ᠢ ᠮᠤᠵᠢ ᠶᠢᠨ ᠴᠤᠤ ᠬᠤ᠋ ᠬᠤᠳᠠ  ᠳᠤ ᠬᠤᠷᠠᠯᠳᠤᠵᠤ᠂ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠭᠡᠰᠢᠬᠦᠨ᠂ ᠳᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠠᠷᠦᠩᠭᠡᠢ ᠰᠠᠶᠢᠳ ᠬᠤ᠋ ᠴᠦᠨ ᠬᠤᠸᠠ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠳᠠᠯᠪᠢᠪᠠ᠃      ᠬᠤ᠋ ᠴᠦᠨ ᠬᠤᠸᠠ᠂ ᠬᠦᠳᠡᠭᠡ ᠳᠤᠰᠬᠤᠨ ᠤ ᠠᠮᠢᠳᠤᠷᠠᠯ ᠤᠨ ᠪᠤᠵᠠᠷ ᠤᠰᠤ ᠶᠢ ᠵᠠᠰᠠᠬᠤ ᠶᠠᠪᠤᠳᠠᠯ ᠪᠤᠯ ᠤᠳᠤᠬᠠᠨ ᠤ ᠬᠦᠳᠡᠭᠡ ᠳᠤᠰᠬᠤᠨ ᠤ ᠰᠠᠭᠤᠭᠠᠯᠢ ᠠᠷᠠᠳ ᠤᠨ ᠤᠷᠤᠰᠢᠨ ᠰᠠᠭᠤᠬᠤ ᠤᠷᠴᠢᠨ ᠳᠤᠭᠤᠷᠢᠨ ᠢ ᠵᠠᠰᠠᠨ ᠴᠡᠭᠴᠡᠯᠡᠬᠦ ᠬᠠᠮᠤᠭ ᠳᠤᠪᠤᠶᠢᠮ᠎ᠠ ᠠᠰᠠᠭᠤᠳᠠᠯ ᠪᠤᠯᠬᠤ ᠳᠤᠯᠠ ᠡᠷᠭᠡᠪᠰᠢ ᠶᠡᠭᠡ ᠬᠦᠴᠦ ᠤᠷᠤᠭᠤᠯᠵᠤ ᠪᠠᠶᠢᠭᠠᠳ ᠵᠠᠰᠠᠯᠳᠠ ᠶᠢᠨ ᠡᠬᠦᠷᠭᠡ ᠪᠠᠨ ᠳᠤᠭᠳᠠᠭᠰᠠᠨ ᠬᠤᠭᠤᠴᠠᠭᠠᠨ ᠳᠤ ᠪᠠᠨ ᠴᠢᠨᠠᠷᠯᠢᠭ ᠢᠶᠠᠷ ᠪᠠᠶᠠᠯᠠᠬᠦᠯᠬᠦ ᠭᠡᠷᠡᠭᠳᠡᠢ᠃ ᠬᠦᠳᠡᠭᠡ ᠳᠤᠰᠬᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠪᠤᠳᠠᠳᠤ ᠪᠠᠶᠢᠳᠠᠯ ᠳᠤ ᠵᠤᠬᠢᠴᠠᠬᠤᠶᠢᠴᠠ ᠵᠠᠰᠠᠯᠳᠠ ᠶᠢᠨ ᠵᠠᠮ ᠢᠶᠠᠷ ᠵᠠᠮᠨᠠᠵᠤ᠂ ᠬᠦᠳᠡᠭᠡ ᠳᠤᠰᠬᠤᠨ ᠤ ᠤᠨᠴᠠᠯᠢᠭ ᠢ ᠦᠨᠳᠦᠰᠦᠯᠡᠨ ᠵᠠᠰᠠᠯᠳᠠ ᠶᠢᠨ ᠭᠡᠪ ᠵᠠᠬᠪᠤᠷ ᠪᠤᠯᠤᠨ ᠠᠷᠭ᠎ᠠ ᠭᠡᠮᠵᠢᠶ᠎ᠡ ᠪᠠᠨ ᠳᠤᠭᠳᠠᠭᠠᠨ᠂ ᠳᠤᠭᠤᠷᠢᠭ ᠲᠣᠭᠤᠷᠢᠭ ᠢᠶᠠᠷ ᠳᠦᠷᠦᠯ ᠬᠤᠪᠢᠶᠠᠨ ᠠᠬᠢᠭᠤᠯᠬᠤ ᠭᠡᠷᠡᠭᠳᠡᠢ᠃ ᠬᠦᠳᠡᠭᠡ ᠳᠤᠰᠬᠤᠨ ᠤ ᠠᠮᠢᠳᠤᠷᠠᠯ ᠤᠨ ᠪᠤᠵᠠᠷ ᠤᠰᠤ ᠶᠢ ᠵᠠᠰᠠᠬᠤ ᠪᠠ ᠵᠤᠷᠯᠤᠩ ᠤᠨ ᠦᠭᠡᠷᠡᠴᠢᠯᠡᠯᠳᠡ ᠶᠢ ᠨᠢᠭᠡᠳᠤᠯᠳᠠᠢ ᠳᠤᠬᠢᠷᠠᠭᠤᠯᠤᠨ᠂ ᠵᠠᠰᠠᠯᠳᠠ ᠶᠢᠨ ᠠᠷᠭ᠎ᠠ ᠭᠡᠮᠵᠢᠶ᠎ᠡ ᠶᠢ ᠠᠪᠴᠠᠯᠳᠤᠭᠤᠯᠬᠤ᠂ ᠰᠠᠯᠠᠭ᠎ᠠ ᠮᠦᠴᠢᠷ ᠬᠠᠮᠵᠢᠯᠴᠠᠬᠤ ᠪᠠ ᠰᠢᠶᠠᠨ ᠤ ᠱᠠᠳᠤ ᠨᠡᠶᠢᠳᠭᠡᠨ ᠭᠡᠷᠡᠭᠵᠢᠬᠦᠯᠬᠦ ᠶᠢ ᠴᠢᠩᠭᠠᠳᠬᠠᠵᠤ᠂ ᠬᠠᠷᠢᠯᠴᠠᠨ ᠠᠬᠢᠭᠤᠯᠬᠤ ᠭᠡᠷᠡᠭᠳᠡᠢ᠃ ᠪᠤᠬᠢᠷᠳᠤᠯ ᠤᠨ ᠡᠬᠢ ᠰᠤᠷᠪᠤᠯᠵᠢ ᠪᠡ ᠬᠤᠭ ᠨᠤᠪᠰᠢ ᠶᠢ ᠵᠠᠰᠠᠬᠤ᠂ ᠠᠮᠢ ᠠᠬᠤᠢ ᠶᠢᠨ ᠰᠡᠷᠭᠦᠯᠲᠡ ᠶᠢ ᠪᠦᠬᠦ ᠳᠠᠯ᠎ᠠ ᠪᠠᠷ ᠠᠬᠢᠭᠤᠯᠤᠨ᠂ ᠤᠯᠠᠨ ᠵᠦᠢᠯ ᠤᠨ ᠠᠷᠭ᠎ᠠ ᠪᠠᠷ ᠬᠦᠳᠡᠭᠡ ᠳᠤᠰᠬᠤᠨ ᠤ ᠦᠮᠦᠭᠡᠢ ᠪᠤᠵᠠᠷ ᠤᠰᠤ ᠶᠢ ᠵᠠᠰᠠᠬᠤ ᠭᠡᠷᠡᠭᠳᠡᠢ᠃ ᠵᠠᠰᠠᠭ ᠤᠨ ᠤᠷᠳᠤᠨ ᠤ ᠵᠢᠯᠤᠭᠤᠳᠬᠤ ᠦᠢᠯᠡᠳᠤᠯ ᠢ ᠬᠦᠢᠴᠡᠳ ᠪᠠᠳᠠᠷᠠᠭᠤᠯᠤᠨ᠂ ᠡᠯ᠎ᠡ ᠳᠠᠯ᠎ᠠ ᠶᠢᠨ ᠬᠦᠴᠦᠨ ᠢ ᠳᠠᠶᠢᠴᠢᠯᠠᠨ ᠵᠠᠰᠠᠯᠳᠠ ᠪᠠ ᠪᠦᠳᠦᠭᠡᠨ ᠪᠠᠶᠢᠭᠤᠯᠤᠯᠳᠠ ᠳᠤ ᠤᠷᠤᠯᠴᠠᠭᠤᠯᠵᠤ᠂ ᠪᠠᠶᠢᠩᠭᠤ ᠶᠢᠨ ᠪᠦᠳᠦᠮᠵᠢᠳᠤ ᠬᠢᠨᠠᠯᠳᠠ ᠬᠠᠮᠢᠶᠠᠷᠤᠯᠳᠠ ᠶᠢᠨ ᠳᠤᠭᠳᠠᠴᠠ ᠪᠠᠶᠢᠭᠤᠯᠤᠨ᠂ ᠬᠦᠳᠡᠭᠡ ᠳᠤᠰᠬᠤᠨ ᠤ ᠠᠮᠢᠳᠤᠷᠠᠯ ᠤᠨ ᠪᠤᠵᠠᠷ ᠤᠰᠤᠨ ᠤ ᠵᠠᠰᠠᠯᠳᠠ ᠶᠢ ᠠᠬᠢᠭᠤᠯᠬᠤ ᠬᠦᠴᠦᠨ ᠢ ᠪᠤᠢ ᠪᠤᠯᠭᠠᠬᠤ ᠭᠡᠷᠡᠭᠳᠡᠢ ᠭᠡᠵᠤ ᠵᠢᠭᠠᠵᠤ ᠭᠠᠷᠭᠠᠪᠠ᠃      ᠬᠤᠷᠠᠯ ᠠᠴᠠ ᠡᠮᠤᠨ᠎ᠠ᠂ ᠬᠤ᠋ ᠴᠦᠨ ᠬᠤᠸᠠ ᠴᠤᠤ ᠬᠤ᠋ ᠬᠤᠳᠠ ᠶᠢᠨ ᠵᠧᠨ ᠭᠤᠤ ᠪᠠᠯᠭᠠᠰᠤ ᠶᠢᠨ ᠸᠠᠩ ᠴᠢᠶᠤᠤ ᠵᠢᠢ ᠳᠤᠰᠬᠤᠨ᠂ ᠲᠦᠩ ᠶᠠᠩ ᠪᠠᠯᠭᠠᠰᠤ ᠶᠢᠨ ᠰᠢᠶᠤᠤ ᠳᠢᠶᠠᠨ ᠪᠦ᠋ ᠳᠤᠰᠬᠤᠨ᠂ ᠬᠤᠸᠠᠩ ᠯᠤ᠋ ᠪᠠᠯᠭᠠᠰᠤ ᠶᠢᠨ ᠴᠠᠩ ᠹᠠᠩ ᠳᠤᠰᠬᠤᠨ ᠢᠶᠠᠷ ᠬᠦᠷᠴᠤ ᠬᠦᠳᠡᠭᠡ ᠳᠤᠰᠬᠤᠨ ᠤ ᠠᠮᠢᠳᠤᠷᠠᠯ ᠤᠨ ᠪᠤᠵᠠᠷ ᠤᠰᠤᠨ ᠤ ᠵᠠᠰᠠᠯᠳᠠ ᠶᠢᠨ ᠪᠠᠶᠢᠳᠠᠯ ᠢ ᠤᠶᠢᠯᠠᠭᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号