ᠪᠦᠬᠦ ᠤᠷᠤᠨ ᠤ ᠨᠡᠶᠢᠭᠡᠮ ᠲᠤᠭᠤᠷᠢᠭ ᠤᠨ ᠵᠠᠰᠠᠯᠲᠠ ᠶᠢᠨ ᠠᠵᠢᠯ ᠤᠨ ᠲᠤᠷᠰᠢᠯᠭ᠎ᠠ ᠰᠤᠯᠢᠯᠴᠠᠬᠤ ᠬᠤᠷᠠᠯ ᠪᠤᠭᠤᠲᠤ ᠬᠤᠲᠠᠨ᠎ᠠ ᠶᠠᠪᠤᠭᠲᠠᠪᠠ
ᠨᠡᠶᠢᠲᠡᠯᠡᠭᠰᠡᠨ ᠴᠠᠭ᠄
2019-04-25
                 4 ᠳ᠋ᠤᠭᠡᠷ ᠰᠠᠷ᠎ᠠ ᠶᠢᠨ 12 ᠤᠨ ᠡᠲᠤᠷ ᠪᠦᠬᠦ ᠤᠷᠤᠨ ᠤ ᠨᠡᠶᠢᠭᠡᠮ ᠲᠤᠭᠤᠷᠢᠭ ᠤᠨ ᠵᠠᠰᠠᠯᠲᠠ ᠶᠢᠨ ᠠᠵᠢᠯ  ᠤᠨ ᠲᠤᠷᠰᠢᠯᠭ᠎ᠠ ᠰᠤᠯᠢᠯᠴᠠᠬᠤ ᠬᠤᠷᠠᠯ ᠪᠤᠭᠤᠲᠤ ᠬᠤᠲᠠᠨ᠎ᠠ ᠶᠠᠪᠤᠭᠲᠠᠭᠰᠠᠨ ᠪᠠᠶᠢᠨ᠎ᠠ᠃ ᠬᠤᠷᠠᠯ ᠲᠡᠭᠡᠷ᠎ᠠ 2019 ᠤᠨ ᠤ ᠪᠦᠬᠦ ᠤᠷᠤᠨ ᠤ ᠦᠨᠲᠤᠰᠤᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠪᠤᠯᠤᠨ ᠨᠡᠶᠢᠭᠡᠮ ᠲᠤᠭᠤᠷᠢᠭ ᠤᠨ ᠵᠠᠰᠠᠯᠲᠠ ᠶᠢᠨ ᠠᠵᠢᠯ ᠳᠤ ᠪᠠᠶᠢᠷᠢᠯᠠᠭᠤᠯᠤᠯᠲᠠ ᠬᠢᠪᠠ᠃ ᠬᠤᠷᠠᠯ ᠠᠴᠠ ᠡᠮᠤᠨ᠎ᠡ ᠪᠠᠰᠠ ᠨᠢᠭᠡ ᠪᠦᠯᠤᠭ᠌ ᠵᠡᠭᠡᠯᠢ ᠭᠤᠲᠤᠮᠵᠢ᠂ ᠨᠡᠶᠢᠭᠡᠮ ᠲᠤᠭᠤᠷᠢᠭ ᠤᠨ ᠺᠠᠳ᠋ᠷ ᠠᠵᠢᠯᠲᠠᠨ 80 ᠭᠠᠷᠤᠢ ᠬᠦᠮᠤᠨ ᠢ ᠵᠤᠬᠢᠶᠠᠨ ᠪᠠᠶᠢᠭᠤᠯᠵᠤ᠂ ᠪᠤᠭᠤᠲᠤ ᠬᠤᠲᠠ ᠶᠢᠨ ᠴᠢᠩ ᠱᠠᠨ ᠲᠤᠭᠤᠷᠢᠭ᠂ ᠬᠦᠨᠳᠡᠯᠡᠨ ᠲᠤᠭᠤᠷᠢᠭ ᠤᠨ ᠨᠡᠶᠢᠭᠡᠮ ᠲᠤᠭᠤᠷᠢᠭ  ᠤᠨ ᠵᠠᠰᠠᠨ ᠴᠡᠭᠴᠡᠯᠡᠯᠲᠡ ᠪᠤᠯᠤᠨ ᠤᠶᠢᠯᠡᠴᠢᠯᠡᠭᠡᠨ ᠤ ᠲᠠᠯ᠎ᠠ ᠪᠠᠷ ᠰᠢᠨᠡᠴᠢᠯᠡᠯᠲᠡ ᠬᠢᠭᠰᠡᠨ ᠲᠡᠷᠢᠬᠦᠨ ᠤ ᠲᠤᠷᠰᠢᠯᠭ᠎ᠠ  ᠶᠢ ᠲᠤᠭᠤᠷᠢᠨ ᠦᠵᠡᠵᠤ ᠰᠤᠷᠤᠯᠴᠠᠭᠰᠠᠨ ᠪᠠᠶᠢᠨ᠎ᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号