| | ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ | ᠪᠠᠶᠢᠭᠤᠯᠤᠯᠲᠠ ᠶᠢᠨ ᠠᠯᠪᠠᠨ ᠬᠡᠷ ᠬᠡᠰᠡᠭ ᠨᠠᠮ ᠤᠨ ᠪᠠᠶᠢᠭᠤᠯᠤᠯᠲᠠ ᠶᠢᠨ ᠵᠢᠭᠠᠨ ᠵᠢᠯᠣᠭᠤᠳᠣᠭᠴᠢ ᠶᠢ ᠵᠣᠬᠢᠶᠠᠨ | ᠪᠠᠶᠢᠭᠤᠯᠤᠨ ᠥᠪᠥᠷ ᠮᠣᠩᠭᠤᠯ ᠤᠨ ᠦᠨᠳᠦᠰᠦᠲᠡᠨ ᠤ ᠠᠷᠠᠯᠵᠢᠶ᠎ᠠ ᠶᠢ ᠠᠬᠢᠭᠤᠯᠬᠤ ᠬᠤᠷᠠᠯ᠂ ᠥᠪᠥᠷ ᠮᠣᠩᠭᠤᠯ ᠤᠨ | ᠸᠧᠨᠵᠸᠤ ᠬᠤᠳᠠᠯᠳᠤᠭᠠᠨ ᠤ ᠨᠡᠶᠢᠬᠡᠮᠯᠢᠭ ᠵᠡᠷᠭᠡ ᠭᠠᠵᠠᠷ ᠠᠴᠠ ᠬᠠᠮᠢᠶᠠᠷᠬᠤ ᠨᠠᠶᠢᠬᠡᠮ ᠤᠨ ᠵᠣᠬᠢᠶᠠᠨ ᠪᠠᠶᠢᠭᠤᠯᠤᠯᠲᠠ | ᠶᠢᠨ ︽ᠵᠢᠷᠭᠤᠭᠠᠨ ᠰᠠᠶᠢᠨ ᠲᠠᠢ︾ ᠨᠠᠮ ᠤᠨ ᠵᠣᠬᠢᠶᠠᠨ ᠪᠠᠶᠢᠭᠤᠯᠤᠯᠲᠠ ᠶᠢ ᠡᠭᠦᠳᠦᠨ ᠪᠠᠶᠢᠭᠤᠯᠤᠭᠰᠠᠨ ᠠᠵᠢᠯ ᠤᠨ | ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃ | ︽ᠵᠢᠷᠭᠤᠭᠠᠨ ᠰᠠᠶᠢᠨ ᠲᠠᠢ︾ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ | ᠭᠡᠳᠡᠭ ᠨᠢ ᠤᠯᠤᠰ ᠲᠥᠷᠥ ᠶᠢᠨ ᠴᠢᠭᠯᠡᠯ ᠢ ᠪᠠᠷᠢᠮᠲᠠᠯᠠᠭᠰᠠᠨ ᠢᠶᠠᠷ ᠰᠠᠶᠢᠨ᠂ ᠣᠯᠠᠨ ᠲᠦᠮᠡᠨ ᠢ ᠪᠦᠯᠬᠦᠮᠳᠡᠭᠦᠯᠦᠭᠰᠡᠨ | ᠢᠶᠠᠷ ᠰᠠᠶᠢᠨ᠂ ᠠᠵᠢᠯ ᠦᠢᠯᠡᠰ ᠢᠶᠠᠨ ᠬᠦᠭᠵᠢᠭᠦᠯᠤᠭ᠍ᠰᠡᠨ ᠢᠶᠠᠷ ᠰᠠᠶᠢᠨ᠂ ᠲᠡᠷᠢᠭᠦᠨ ᠤ ᠰᠣᠶᠣᠯ ᠢ ᠴᠣᠭᠴᠠᠯᠠᠭᠰᠠᠨ | ᠢᠶᠠᠷ ᠰᠠᠶᠢᠨ᠂ ᠴᠢᠳᠠᠪᠤᠷᠢᠲᠠᠨ ᠢ ᠬᠦᠮᠤᠵᠢᠭᠦᠯᠤᠨ ᠦᠢᠯᠡᠴᠢᠯᠡᠭᠰᠡᠨ ᠢᠶᠠᠷ ᠰᠠᠶᠢᠨ᠂ ᠲᠣᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠭᠰᠠᠨ ᠢᠶᠠᠷ ᠰᠠᠶᠢᠨ ᠪᠠᠶᠢᠬᠤ ᠶᠢ ᠵᠢᠭᠠᠵᠤ ᠪᠣᠶ᠃ | 2017 ᠣᠨ ᠠᠴᠠ ᠡᠬᠢᠯᠡᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠨᠠᠮ ᠤᠨ ᠪᠠᠶᠢᠭᠤᠯᠤᠯᠲᠠ ᠶᠢᠨ ᠠᠯᠪᠠᠨ ᠬᠡᠷ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠬᠤᠷᠢᠶ᠎ᠠ | ᠨᠡᠶᠢᠲᠡ 113 ︽ᠵᠢᠷᠭᠤᠭᠠᠨ ᠰᠠᠶᠢᠨ ᠲᠠᠢ︾ ᠣᠷᠣᠨ ᠤ ᠰᠢᠭᠤᠳ ᠬᠠᠷᠢᠶ᠎ᠠ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢ ᠪᠤᠶᠢᠵᠢᠭᠤᠯᠪᠠ᠃ ᠡᠨᠡ ᠵᠢᠯ 2 — 3 ᠥᠪᠡᠷᠲᠡᠭᠡᠨ ᠵᠠᠰᠠᠬᠤ | ᠣᠷᠣᠨ ᠤ ᠲᠠᠰ ᠤᠨ ︽ᠵᠢᠷᠭᠤᠭᠠᠨ ᠰᠠᠶᠢᠨ ᠲᠠᠢ︾ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠨᠢᠭᠡᠴᠢ ᠶᠢ ᠡᠭᠦᠳᠤᠨ ᠪᠠᠶᠢᠭᠤᠯᠬᠤ ᠪᠠᠷ ᠪᠣᠢ᠃ | | | | |