4 ᠳ᠋ᠤᠭᠡᠷ ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ ᠦᠬᠠᠶ ᠬᠤᠲᠠ ᠶᠢᠨ ᠠᠷᠠᠳ ᠤᠨ | ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠸᠠᠩ ᠶᠦᠩ ᠯᠢᠶᠠᠩ ᠪᠠᠶᠢᠴᠠᠭᠠᠨ ᠰᠤᠳᠤᠯᠬᠤ ᠳᠤᠭᠤᠶᠢᠯᠠᠩ ᠢᠶᠠᠨ | ᠳᠠᠭᠠᠭᠤᠯᠤᠨ᠂ ᠤᠷᠢᠳ ᠬᠤᠵᠢᠳ ᠬᠠᠶᠢᠷᠤᠪ ᠤᠨ ᠲᠣᠬᠤᠶ ᠲᠣᠭᠤᠷᠢᠭ᠂ ᠤᠳᠠ ᠲᠣᠭᠤᠷᠢᠭ ᠲᠤ ᠬᠦᠷᠴᠦ᠂ | 2020 ᠣᠨ ᠤ ᠯᠣᠲᠲ᠋ᠧᠷᠢ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠᠷ ᠳᠤᠰᠠᠯᠠᠭᠰᠠᠨ ᠲᠥᠷᠥᠯ | ᠵᠦᠢᠯ ᠤᠨ ᠪᠣᠯᠤᠮᠵᠢᠲᠤ ᠴᠢᠨᠠᠷ᠂ ᠠᠷᠠᠳ ᠤᠨ ᠶᠠᠪᠤᠳᠠᠯ ᠤᠨ ᠬᠦᠷᠢᠶᠡᠨ ᠳᠠᠬᠢ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠯᠲᠠ ᠶᠢᠨ ᠲᠥᠷᠥ ᠶᠢᠨ ᠪᠣᠳᠣᠯᠭ᠎ᠠ ᠪᠠᠷ ᠦᠨᠳᠦᠰᠦᠨ ᠵᠦᠢᠯ ᠢ ᠪᠠᠲᠤᠯᠠᠭᠰᠠᠨ ᠪᠠᠶᠢᠳᠠᠯ ᠳᠤ | ᠪᠠᠶᠢᠴᠠᠭᠠᠨ ᠰᠤᠳᠤᠯᠤᠯᠲᠠ ᠬᠢᠪᠠ᠃ | ᠪᠠᠶᠢᠴᠠᠭᠠᠨ ᠰᠤᠳᠤᠯᠤᠯᠲᠠ ᠨᠢ ᠬᠠᠶᠢᠷᠤᠪ ᠤᠨ ᠲᠤᠬᠤᠢ ᠲᠣᠭᠤᠷᠢᠭ ᠤᠨ 6 ᠪᠠᠯᠭᠠᠰᠤ ︵ᠵᠡᠭᠡᠯᠢ ᠭᠤᠳᠤᠮᠵᠢ︶ | ᠶᠢᠨ 18 ᠨᠡᠶᠢᠭᠡᠮ ᠲᠣᠭᠤᠷᠢᠭ᠂ ᠤᠳᠠ ᠲᠣᠭᠤᠷᠢᠭ ᠤᠨ 9 ᠪᠠᠯᠭᠠᠰᠤ ︵ᠵᠡᠭᠡᠯᠢ ᠭᠤᠳᠤᠮᠵᠢ︶ ᠶᠢᠨ 12 ᠨᠡᠶᠢᠭᠡᠮ | ᠲᠣᠭᠤᠷᠢᠭ ᠲᠤ ᠬᠦᠷᠴᠦ ᠪᠠᠶᠢᠴᠠᠭᠠᠨ ᠰᠤᠷᠪᠤᠯᠵᠢᠯᠠᠭᠰᠠᠨ ᠪᠠᠶᠢᠨ᠎ᠠ᠃ ᠡᠯ᠎ᠡ ᠨᠡᠶᠢᠭᠡᠮ ᠲᠣᠭᠤᠷᠢᠭ ᠤᠨ ᠨᠡᠶᠢᠭᠡᠮ | ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠬᠡᠤᠬᠡᠳ ᠤᠨ ᠭᠡᠷ ᠪᠦᠯᠢ᠂ ᠵᠡᠮᠳᠡᠭᠴᠦᠳ ᠢ ᠲᠤᠰᠠᠯᠠᠬᠤ ᠲᠥᠪ᠂ | ᠨᠠᠰᠤᠲᠠᠶᠢᠴᠤᠳ ᠢ ᠡᠳᠦᠷ ᠢᠶᠠᠷ ᠬᠠᠷᠠᠭᠠᠯᠵᠠᠬᠤ ᠲᠥᠪ ᠵᠡᠷᠭᠡ ᠲᠦᠷᠣᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠴᠢᠬᠤᠯᠠ ᠴᠢᠨᠠᠷ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠪᠠᠷᠢᠯᠭ᠎ᠠ ᠶᠢᠨ ᠠᠬᠢᠴᠠ ᠪᠣᠯᠤᠨ ᠣᠷᠣᠰᠢᠵᠤ | ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠦᠢᠯᠠᠭᠠᠪᠠ᠃ | ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠷᠦᠬᠡ ᠳᠤ ᠣᠷᠣᠵᠤ᠂ ᠳᠠᠩᠰᠠᠯᠠᠵᠤ | ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠨᠡᠶᠢᠭᠡᠮ ᠤᠨ ᠳᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠢᠯᠠᠭᠠᠵᠠᠢ᠃ | | | | |