ᠠᠷᠠᠳ ᠤᠨ ᠶᠠᠪᠤᠳᠠᠯ ᠤᠨ ᠲᠢᠩᠬᠢᠮ ᠤᠨ ᠣᠷᠣᠨ ᠨᠤᠲᠤᠭ ᠤᠨ ᠬᠤᠪᠢᠶᠠᠷᠢᠯᠠᠯ ᠪᠠ ᠭᠠᠵᠠᠷ ᠤᠨ ᠨᠡᠷ᠎ᠡ ᠶᠢᠨ  ᠬᠠᠮᠢᠶᠠᠷᠤᠯᠲᠠ ᠶᠢᠨ ᠭᠠᠵᠠᠷ ᠤᠨ ᠬᠢᠨ ᠠᠷᠠᠳ ᠤᠨ ᠶᠠᠪᠤᠳᠠᠯ ᠤᠨ ᠶᠠᠮᠤᠨ ᠤ ᠵᠠᠰᠠᠭ ᠵᠠᠬᠢᠷᠭᠠᠨ ᠤ ᠣᠷᠣᠨ ᠨᠤᠲᠤᠭ ᠤᠨ ᠬᠤᠪᠢᠶᠠᠷᠢᠯᠠᠯ ᠢ ᠰᠢᠯᠢᠳᠡᠭᠵᠢᠭᠦᠯᠬᠦ ᠪᠣᠯᠪᠠᠰᠤᠷᠠᠯ ᠳᠤ ᠢᠳᠡᠪᠬᠢᠲᠡᠶ ᠣᠷᠣᠯᠴᠠᠪᠠ
ᠨᠡᠶᠢᠲᠡᠯᠡᠭᠰᠡᠨ ᠴᠠᠭ᠄
2020/12/16
    10 ᠳ᠋ᠤᠭᠠᠷ ᠰᠠᠷ᠎ᠠ ᠶᠢᠨ 28 ᠤ ᠡᠳᠦᠷ ᠠᠴᠠ 30 ᠤ ᠡᠳᠦᠷ ᠪᠣᠯᠲᠠᠯ᠎ᠠ ᠠᠷᠠᠳ ᠤᠨ ᠶᠠᠪᠤᠳᠠᠯ ᠤᠨ ᠲᠢᠩᠬᠢᠮ ᠤᠨ ᠣᠷᠣᠨ ᠨᠤᠲᠤᠭ ᠤᠨ ᠬᠤᠪᠢᠶᠠᠷᠢᠯᠠᠯ ᠪᠠ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠭᠠᠵᠠᠷ ᠤᠨ  ᠬᠢᠨ ᠠᠵᠢᠯᠲᠠᠨ ᠲᠣᠮᠢᠯᠠᠨ ᠭᠦᠢᠵᠸᠤ  ᠮᠤᠵᠢ ᠶᠢᠨ ᠭᠦᠢᠶᠠᠩ ᠬᠤᠲᠠ ᠳᠤ ᠡᠷᠭᠢᠯᠡᠭᠰᠡᠨ ᠵᠠᠰᠠᠭ ᠵᠠᠬᠢᠷᠭᠠᠨ ᠤ ᠣᠷᠣᠨ ᠨᠤᠲᠤᠭ ᠤᠨ ᠬᠤᠪᠢᠶᠠᠷᠢᠯᠠᠯ ᠢ ᠰᠢᠯᠢᠳᠡᠭᠵᠢᠭᠦᠯᠬᠦ ᠪᠣᠯᠪᠠᠰᠤᠷᠠᠯ ᠤᠨ ᠠᠩᠭᠢ ᠳᠤ ᠣᠷᠣᠯᠴᠠᠪᠠ᠃ ᠲᠤᠰ ᠤᠳᠠᠭᠠᠨ ᠤ ᠪᠣᠯᠪᠠᠰᠤᠷᠠᠯ ᠨᠢ ᠤᠤᠯ ᠤᠨ ᠲᠤᠰᠬᠠᠶ ᠮᠡᠷᠭᠡᠵᠢᠯᠲᠡᠨ ᠢ ᠤᠷᠢᠵᠤ ᠬᠢᠴᠢᠶᠡᠯ ᠬᠢᠬᠦ ᠵᠠᠭᠪᠤᠷ ᠢ ᠡᠪᠳᠡᠵᠦ᠂ ᠰᠤᠳᠤᠯᠤᠨ ᠶᠠᠷᠢᠯᠴᠠᠬᠤ ᠠᠷᠭ᠎ᠠ ᠶᠢ ᠠᠪᠴᠤ᠂ ᠡᠯ᠎ᠡ ᠮᠣᠵᠢ ᠣᠷᠣᠨ ︵ᠬᠤᠲᠠ︶ ᠤ ᠪᠣᠯᠪᠠᠰᠤᠷᠠᠯ ᠳᠤ ᠣᠷᠣᠯᠴᠠᠭᠰᠠᠨ ᠬᠥᠮᠦᠰ ᠤᠨ ᠡᠵᠡᠨ ᠬᠥᠮᠦᠨ ᠤ ᠤᠬᠠᠮᠰᠠᠷ ᠢ ᠨᠡᠮᠡᠭᠳᠡᠭᠦᠯᠵᠤ᠂  ᠰᠢᠨ᠎ᠡ ᠪᠠᠷ ᠠᠵᠢᠯ ᠤᠨ ᠪᠠᠶᠢᠷᠢᠨ   ᠳᠤ ᠭᠠᠷᠤᠭᠰᠠᠨ ᠬᠥᠮᠦᠰ ᠤᠨ ᠢᠳᠡᠪᠬᠢᠵᠢᠯ ᠢ ᠬᠥᠭᠵᠢᠭᠡᠪᠡ᠃    ᠮᠠᠨ ᠤ ᠣᠷᠣᠨ ᠤ ᠪᠣᠯᠪᠠᠰᠤᠷᠠᠯ ᠳᠤ ᠣᠷᠣᠯᠴᠠᠭᠰᠠᠨ ᠠᠵᠢᠯᠲᠠᠳ ᠵᠠᠰᠠᠭ ᠵᠠᠬᠢᠷᠭᠠᠨ ᠤ ᠣᠷᠣᠨ ᠨᠤᠲᠤᠭ ᠤᠨ  ᠬᠤᠪᠢᠶᠠᠷᠢᠯᠠᠯ ᠤᠨ ᠬᠠᠮᠢᠶᠠᠷᠤᠯᠲᠠ ᠶᠢᠨ ᠠᠵᠢᠯ ᠨᠢ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠦᠵᠡᠭᠦᠯᠵᠤ ᠪᠠᠶᠢᠭ᠎ᠠ ᠦᠢᠯᠡᠳᠤᠯ ᠪᠠ ᠵᠠᠰᠠᠭ ᠵᠠᠬᠢᠷᠭᠠᠨ ᠤ ᠣᠷᠣᠨ ᠨᠤᠲᠤᠭ  ᠤᠨ ᠬᠤᠪᠢᠶᠠᠷᠢᠯᠠᠯ ᠬᠢᠭᠡᠳ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠬᠠᠷᠢᠴᠠᠭ᠎ᠠ ᠶᠢ ᠣᠶᠢᠯᠠᠭᠠᠵᠤ᠂ ︽ᠵᠠᠰᠠᠭ ᠵᠠᠬᠢᠷᠭᠠᠨ ᠤ ᠣᠷᠣᠨ ᠨᠤᠲᠤᠭ ᠤᠨ  ᠬᠤᠪᠢᠶᠠᠷᠢᠯᠠᠯ ᠤᠨ ᠬᠠᠮᠢᠶᠠᠷᠤᠯᠲᠠ ᠶᠢᠨ ᠲᠦᠷᠢᠮ︾ ᠪᠣᠯᠤᠨ ︽ᠵᠠᠰᠠᠭ ᠵᠠᠬᠢᠷᠭᠠᠨ ᠤ ᠣᠷᠣᠨ ᠨᠤᠲᠤᠭ ᠤᠨ ᠬᠤᠪᠢᠶᠠᠷᠢᠯᠠᠯ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾ ᠶᠢᠨ ᠭᠤᠤᠯ ᠠᠭᠤᠯᠭ᠎ᠠ ᠪᠠ ᠴᠢᠬᠤᠯᠠ ᠠᠴᠢ ᠬᠤᠯᠪᠣᠭᠳᠠᠯ ᠢ ᠭᠦᠨᠵᠡᠭᠡᠶ ᠦᠢᠯᠠᠭᠠᠨ ᠡᠵᠡᠮᠰᠢᠵᠡᠢ᠃      ᠬᠤᠶᠢᠰᠢᠳᠠ ᠶᠢᠨ ᠠᠵᠢᠯ ᠤᠨ ᠳᠤᠮᠳᠠ ᠠᠬ᠎ᠠ ᠳᠡᠭᠦᠦ ᠮᠤᠵᠢ ᠶᠢᠨ ᠠᠷᠭ᠎ᠠ ᠲᠤᠷᠰᠢᠯᠭ᠎ᠠ ᠶᠢ ᠲᠤᠯᠢ ᠪᠣᠯᠭᠠᠨ᠂ ᠮᠠᠨ ᠤ ᠣᠷᠣᠨ ᠤ ᠵᠠᠰᠠᠭ ᠵᠠᠬᠢᠷᠭᠠᠨ ᠤ ᠣᠷᠣᠨ ᠨᠤᠲᠤᠭ ᠤᠨ ᠬᠤᠪᠢᠶᠠᠷᠢᠯᠠᠯ ᠤᠨ ᠬᠠᠮᠢᠶᠠᠷᠤᠯᠲᠠ ᠶᠢᠨ ᠠᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠳᠤ ᠬᠦᠴᠦᠨ ᠴᠢᠳᠠᠯ ᠢᠶᠠᠨ ᠨᠡᠩ ᠰᠠᠶᠢᠨ ᠡᠷᠭᠦᠬᠦ ᠪᠠᠷ ᠪᠣᠢ  ᠃
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号