| ᠠᠯᠠᠱᠠ ᠠᠶᠢᠮᠠᠭ ᠨᠠᠮ ᠤᠨ ᠲᠥᠪ ᠬᠤᠷᠢᠶ᠎ᠠ ᠪᠣᠯᠤᠨ ᠪᠥᠬᠦ ᠤᠯᠤᠰ ᠤᠨ ︽ᠬᠤᠶᠠᠷ ᠬᠤᠷᠠᠯ︾ ᠤᠨ ︽ | ᠵᠢᠷᠭᠤᠭ᠎ᠠ ᠶᠢ ᠳᠣᠭᠲᠠᠪᠤᠷᠢᠵᠢᠭᠤᠯᠬᠤ︾ ᠠᠵᠢᠯ ᠢ ᠨᠠᠷᠢᠨ ᠬᠢᠨᠠᠮᠠᠭᠠᠶ ᠲᠤᠭᠤᠰᠢᠯᠠᠭᠤᠯᠤᠨ᠂ ︽ᠵᠢᠷᠭᠤᠭ᠎ᠠ ᠶᠢ | ᠪᠠᠲᠤᠯᠠᠬᠤ︾ ᠡᠭᠦᠷᠭᠡ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠢᠨ᠎ᠡ | ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠠᠰᠢᠭ ᠦᠭᠡᠢ ᠨᠥᠯᠥᠭᠡ ᠶᠢ ᠢᠯᠠᠨ ᠳᠠᠪᠠᠵᠤ᠂ ᠨᠡᠶᠢᠭᠡᠮ | ᠤᠨ ᠳᠤᠰᠠᠯᠠᠮᠵᠢ ᠶᠢᠨ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠤ᠂ | ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠦᠲᠦᠮᠵᠢᠲᠡᠢ ᠪᠠᠲᠤᠯᠠᠪᠠ᠃ ᠡᠨᠡ ᠵᠢᠯ ᠤᠨ 11 | ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ ᠪᠥᠬᠦ ᠠᠶᠢᠮᠠᠭ ᠨᠡᠶᠢᠲᠡ 2372.39 ᠲᠦᠮᠡᠨ ᠲᠥᠭᠦᠷᠢᠭ ᠤᠨ ᠨᠡᠶᠢᠭᠡᠮ | ᠤᠨ ᠳᠤᠰᠠᠯᠠᠮᠵᠢ ᠶᠢᠨ ᠮᠥᠩᠭᠦ ᠪᠠᠭᠤᠯᠭᠠᠭᠰᠠᠨ ᠪᠠᠶᠢᠨ᠎ᠠ ᠃ | ᠬᠤᠲᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠨᠢ ᠬᠥᠮᠦᠨ | ᠪᠦᠷᠢ ᠰᠠᠷ᠎ᠠ ᠳᠤ 939 ᠲᠥᠭᠦᠷᠢᠭ ᠪᠣᠯᠵᠤ᠂ 909 ᠡᠷᠦᠬᠡ ᠶᠢᠨ 1441 ᠬᠥᠮᠦᠨ ᠳᠤ ᠨᠡᠶᠢᠲᠡ 1114.50 | ᠲᠦᠮᠡᠨ ᠲᠥᠭᠦᠷᠢᠭ ᠣᠯᠭᠤᠪᠠ ︵ᠡᠭᠦᠨ ᠳᠤ ᠪᠦᠬᠦᠯᠢ ᠡᠳᠤᠷ ᠤᠨ ᠳᠦᠷᠢᠮᠲᠤ ᠰᠤᠷᠭᠠᠭᠤᠯᠢ ᠶᠢᠨ 1422 | ᠣᠶᠤᠲᠠᠨ ︵ᠤᠳᠠᠭ᠎ᠠ︶ ᠳᠤ ᠨᠡᠶᠢᠲᠡ 132.82 ᠲᠦᠮᠡᠨ ᠲᠥᠭᠦᠷᠢᠭ ᠣᠯᠭᠤᠵᠤ᠂ ᠬᠥᠮᠦᠨ ᠳᠤᠮᠳᠠᠴᠢ ᠶᠢᠨ | ᠨᠥᠬᠦᠪᠥᠷᠢ 740 ᠲᠥᠭᠦᠷᠢᠭ ᠬᠦᠷᠴᠠᠢ᠃ | ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠨᠢ | ᠬᠥᠮᠦᠨ ᠪᠦᠷᠢ ᠵᠢᠯ ᠳᠤ 8643 ᠲᠥᠭᠦᠷᠢᠭ ᠪᠠᠶᠢᠵᠤ᠂ 413 ᠡᠷᠦᠬᠡ ᠶᠢᠨ 708 ᠬᠥᠮᠦᠨ ᠳᠤ ᠨᠡᠶᠢᠲᠡ 377. | 45 ᠲᠦᠮᠡᠨ ᠲᠥᠭᠦᠷᠢᠭ ᠣᠯᠭᠤᠪᠠ ︵ᠡᠭᠦᠨ ᠳᠤ ᠪᠦᠬᠦᠯᠢ ᠡᠳᠤᠷ ᠤᠨ ᠳᠦᠷᠢᠮᠲᠤ ᠰᠤᠷᠭᠠᠭᠤᠯᠢ ᠶᠢᠨ 211 | ᠣᠶᠤᠲᠠᠨ ︵ᠤᠳᠠᠭ᠎ᠠ︶ ᠳᠤ 12.47 ᠲᠦᠮᠡᠨ ᠲᠥᠭᠦᠷᠢᠭ ᠣᠯᠭᠤᠨ᠂ ᠳᠠᠩᠰᠠ ᠺᠠᠷᠲ ᠲᠠᠢ ᠶᠠᠳᠠᠭᠤ ᠬᠦᠴᠢᠷᠳᠡᠯ | ᠲᠠᠢ 224 ᠡᠷᠦᠬᠡ ᠶᠢᠨ 384 ᠬᠥᠮᠦᠨ ᠳᠤ 215.31 ᠲᠦᠮᠡᠨ ᠲᠥᠭᠦᠷᠢᠭ ᠣᠯᠭᠤᠵᠤ᠂ ᠬᠥᠮᠦᠨ ᠳᠤᠮᠳᠠᠴᠢ | ᠶᠢᠨ ᠨᠥᠬᠦᠪᠥᠷᠢ 501 ᠲᠥᠭᠦᠷᠢᠭ ᠲᠤ ᠬᠦᠷᠴᠠᠢ︶᠃ | ᠣᠨᠴᠠ ᠬᠦᠴᠢᠷᠳᠡᠯᠲᠡᠶ ᠬᠥᠮᠦᠰ ᠢ ᠠᠰᠠᠷᠠᠨ ᠬᠠᠷᠠᠭᠠᠯᠵᠠᠬᠤ ᠳᠤ ᠨᠡᠶᠢᠲᠡ 341.89 ᠲᠦᠮᠡᠨ ᠲᠥᠭᠦᠷᠢᠭ | ᠬᠡᠷᠡᠭᠯᠡᠪᠡ ᠃ ᠠᠰᠠᠷᠠᠨ ᠬᠠᠷᠠᠭᠠᠯᠵᠠᠬᠤ ᠨᠥᠬᠦᠪᠥᠷᠢ ᠶᠢᠨ ᠪᠠᠷᠢᠮᠵᠢᠶ᠎ᠠ ᠨᠢ ᠬᠦᠳᠡᠯᠮᠤᠷᠢᠯᠡᠬᠦ ᠴᠢᠳᠠᠪᠤᠷᠢ ᠪᠠᠨ | ᠪᠦᠷᠢᠮᠦᠰᠦᠨ ᠠᠯᠳᠠᠭᠰᠠᠨ ᠬᠦᠮᠤᠨ ᠳᠤ ᠰᠠᠷ᠎ᠠ ᠪᠦᠷᠢ 1144 ᠲᠥᠭᠦᠷᠢᠭ ᠦᠭᠴᠤ᠂ ᠬᠦᠳᠡᠯᠮᠤᠷᠢᠯᠡᠬᠦ ᠴᠢᠳᠠᠪᠤᠷᠢ | ᠪᠠᠨ ᠬᠡᠰᠡᠭ ᠠᠯᠳᠠᠭᠰᠠᠳ ᠪᠦᠷᠢ ᠳᠤ ᠰᠠᠷ᠎ᠠ ᠪᠦᠷᠢ 440 ᠲᠥᠭᠦᠷᠢᠭ ᠦᠭᠴᠠᠢ᠃ ᠮᠠᠯᠵᠢᠬᠤ ᠲᠠᠷᠢᠶᠠᠯᠠᠬᠤ ᠣᠷᠣᠨ | ᠤ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠨᠢ ᠬᠥᠮᠦᠨ ᠪᠦᠷᠢ ᠵᠢᠯ ᠳᠤ | 16178 ᠲᠥᠭᠦᠷᠢᠭ ᠪᠣᠯᠵᠤ᠂ 62 ᠬᠥᠮᠦᠨ ᠳᠤ ᠨᠡᠶᠢᠲᠡ 87.50 ᠲᠦᠮᠡᠨ ᠲᠥᠭᠦᠷᠢᠭ ᠣᠯᠭᠤᠵᠤ᠂ ᠠᠰᠠᠷᠠᠨ | ᠬᠠᠷᠠᠭᠠᠯᠵᠠᠬᠤ ᠨᠥᠬᠦᠪᠥᠷᠢ 31.03 ᠲᠦᠮᠡᠨ ᠲᠥᠭᠦᠷᠢᠭ ᠦᠭᠴᠠᠢ᠃ ᠬᠤᠲᠠ ᠪᠠᠯᠭᠠᠰᠤᠨ ᠤ ᠣᠨᠴᠠ | ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠨᠢ ᠬᠥᠮᠦᠨ ᠪᠦᠷᠢ ᠰᠠᠷ᠎ᠠ ᠳᠤ 2096 | ᠲᠥᠭᠦᠷᠢᠭ ᠪᠠᠶᠢᠵᠤ᠂ 84 ᠬᠥᠮᠦᠨ ᠳᠤ ᠨᠡᠶᠢᠲᠡ 183.84 ᠲᠦᠮᠡᠨ ᠲᠥᠭᠦᠷᠢᠭ ᠤᠨ ᠬᠠᠷᠠᠭᠠᠯᠵᠠᠯᠠᠯ ᠮᠥᠩᠭᠦ | ᠣᠯᠭᠤᠵᠤ᠂ ᠡᠳᠤᠷ ᠢᠶᠠᠷ ᠠᠰᠠᠷᠠᠨ ᠬᠠᠷᠠᠭᠠᠯᠵᠠᠬᠤ ᠨᠥᠬᠦᠪᠥᠷᠢ 39.52 ᠲᠦᠮᠡᠨ ᠲᠥᠭᠦᠷᠢᠭ ᠦᠭᠴᠠᠢ᠃ | ᠤᠷᠢᠳ ᠬᠤᠵᠢᠳ 440 ᠬᠥᠮᠦᠨ ︵ᠤᠳᠠᠭ᠎ᠠ︶ ᠳᠤ ᠲᠦᠷ ᠴᠠᠭ ᠤᠨ ᠳᠤᠰᠠᠯᠠᠯᠲᠠ ᠬᠢᠵᠤ᠂ 117.24 | ᠲᠦᠮᠡᠨ ᠲᠥᠭᠦᠷᠢᠭ ᠵᠠᠷᠤᠴᠠᠭᠤᠯᠵᠤ᠂ ᠬᠥᠮᠦᠨ ᠳᠤᠮᠳᠠᠴᠢ ᠳᠤᠰᠠᠯᠠᠮᠵᠢ ᠶᠢᠨ ᠪᠠᠷᠢᠮᠵᠢᠶ᠎ᠠ ᠨᠢ 2665 ᠲᠥᠭᠦᠷᠢᠭ | ᠬᠦᠷᠴᠠᠢ ᠃ | ᠰᠤᠷᠬᠤ ᠨᠠᠰᠤᠨ ᠠᠴᠠ ᠡᠮᠦᠨᠡᠬᠢ ᠬᠡᠦᠬᠡᠳ ᠪᠣᠯᠤᠨ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠬᠦᠷᠲᠡᠭᠰᠡᠨ ᠰᠤᠷᠤᠭᠴᠢ ᠶᠢᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠨᠢ ᠬᠥᠮᠦᠨ ᠪᠦᠷᠢ ᠰᠠᠷ᠎ᠠ | ᠳᠤ 40 ᠲᠥᠭᠦᠷᠢᠭ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠠᠮᠢᠳᠤᠷᠠᠯ ᠤᠨ | ᠨᠥᠬᠦᠪᠥᠷᠢ ᠶᠢᠨ ᠪᠠᠷᠢᠮᠵᠢᠶ᠎ᠠ ᠨᠢ ᠬᠦᠮᠤᠨ ᠪᠦᠷᠢ ᠰᠠᠷ᠎ᠠ ᠳᠤ 60 ᠲᠥᠭᠦᠷᠢᠭ ᠪᠣᠯᠤᠨ᠎ᠠ᠃ ᠤᠷᠢᠳ ᠬᠤᠵᠢᠳ | ᠨᠡᠶᠢᠲᠡ 2790 ᠬᠥᠮᠦᠨ ︵ᠤᠳᠠᠭ᠎ᠠ︶ ᠢ ᠲᠤᠰᠠᠯᠠᠵᠤ᠂ 12.45 ᠲᠦᠮᠡᠨ ᠲᠥᠭᠦᠷᠢᠭ ᠤᠨ ᠪᠠᠯᠠ ᠮᠥᠩᠭᠦ | ᠵᠠᠷᠤᠴᠠᠭᠤᠯᠪᠠ ︵ᠡᠭᠦᠨ ᠳᠤ᠄ ᠰᠤᠷᠬᠤ ᠨᠠᠰᠤᠨ ᠠᠴᠠ ᠡᠮᠦᠨᠡᠬᠢ 451 ᠬᠡᠦᠬᠡᠳ ︵ᠤᠳᠠᠭ᠎ᠠ︶ ᠳᠤ 1.8 | ᠲᠦᠮᠡᠨ ᠲᠥᠭᠦᠷᠢᠭ ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠦᠷᠲᠡᠭᠰᠡᠨ 1692 | ᠰᠣᠷᠣᠭᠴᠢ ︵ᠤᠳᠠᠭ᠎ᠠ︶ ᠳᠤ 6.77 ᠲᠦᠮᠡᠨ ᠲᠥᠭᠦᠷᠢᠭ ᠂ ᠡᠭᠦᠨ ᠠᠴᠠ ᠭᠠᠳᠠᠨ᠎ᠠ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ 647 ᠰᠤᠷᠤᠭᠴᠢ ︵ᠤᠳᠠᠭ᠎ᠠ︶ ᠳᠤ 3.88 ᠲᠦᠮᠡᠨ ᠲᠦᠭᠦᠷᠢᠭ ᠢ ᠲᠤᠰ ᠲᠤᠰ | ᠵᠠᠷᠤᠴᠠᠭᠤᠯᠤᠭᠰᠠᠨ ᠪᠠᠶᠢᠨ᠎ᠠ )᠃ | ᠡᠭᠦᠨ ᠠᠴᠠ ᠭᠠᠳᠠᠨ᠎ᠠ᠂ ᠨᠢᠭᠡ ᠯᠠ ᠤᠳᠠᠭᠠᠨ ᠤ ᠠᠮᠢᠳᠤᠷᠠᠯ ᠤᠨ ᠨᠥᠬᠦᠪᠥᠷᠢ ᠳᠤ ᠨᠡᠶᠢᠲᠡ 335.57 | ᠲᠦᠮᠡᠨ ᠲᠥᠭᠦᠷᠢᠭ ᠵᠠᠷᠤᠴᠠᠭᠤᠯᠵᠤ᠂ 2019 ᠣᠨ ᠤ 10 ᠳ᠋ᠤᠭᠠᠷ ᠰᠠᠷ᠎ᠠ ᠠᠴᠠ 2020 ᠣᠨ ᠤ 9 ᠳ᠋ᠤᠭᠡᠷ | ᠰᠠᠷ᠎ᠠ ᠪᠣᠯᠲᠠᠯᠠᠬᠢ ᠲᠦᠷ ᠴᠠᠭ ᠤᠨ ᠦᠨ᠎ᠡ ᠬᠠᠩᠰᠢ ᠶᠢᠨ ᠦᠰᠤᠯᠲᠡ ᠶᠢᠨ ᠨᠥᠬᠦᠪᠦᠷᠢ ᠶᠢ 73.29 ᠲᠦᠮᠡᠨ | ᠲᠥᠭᠦᠷᠢᠭ ᠵᠠᠷᠤᠴᠠᠭᠤᠯᠤᠭᠰᠠᠨ ᠪᠠᠶᠢᠨ᠎ᠠ ᠃ | | | | |