ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ ᠤᠨ ᠬᠢᠨᠠᠨ ᠰᠢᠯᠭᠠᠬᠤ ᠳᠤᠭᠤᠶᠢᠯᠠᠩ ᠲᠠᠶᠢᠲᠠᠭ ᠭᠠᠴᠠᠭ᠎ᠠ ᠳᠤ ᠬᠦᠷᠴᠦ ᠠᠷᠠᠳ ᠤᠨ ᠶᠠᠪᠤᠳᠠᠯ ᠤᠨ ᠲᠢᠩᠬᠢᠮ ᠤᠨ ᠶᠠᠳᠠᠭᠤ ᠠᠴᠠ ᠠᠩᠬᠢᠵᠢᠷᠠᠭᠤᠯᠬᠤ ᠴᠡᠭ ᠤᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢ  ᠬᠢᠨᠠᠨ ᠰᠢᠯᠭᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2020/12/31
      12 ᠳ᠋ᠤᠭᠠᠷ ᠰᠠᠷ᠎ᠠ ᠶᠢᠨ 4 ᠤ ᠡᠳᠦᠷ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ  ᠶᠢᠨ ᠠᠵᠢᠯ ᠤᠨ ᠬᠤᠷᠢᠶ᠎ᠠ ᠶᠢᠨ ᠬᠢᠨᠠᠨ ᠰᠢᠯᠭᠠᠬᠤ ᠳᠤᠭᠤᠶᠢᠯᠠᠩ ᠤᠨ ᠬᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠳᠡᠳ᠋ ᠡᠷᠬᠢᠯᠡᠭᠴᠢ ᠡᠦ ᠴᠠᠩ ᠹᠦ᠋᠂ ᠲᠦᠯᠢᠶᠡᠮᠤᠳᠤ ᠪᠠᠯᠭᠠᠰᠤᠨ ᠤ ᠳᠠᠷᠤᠭ᠎ᠠ ᠸᠠᠩ ᠪᠣᠣ ᠵᠢᠶᠦ᠋ᠨ ᠤ   ᠪᠠᠷᠠᠳᠠᠯᠭ᠎ᠠ ᠪᠠᠷ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠦᠯᠢᠶᠡᠮᠤᠳᠤ ᠪᠠᠯᠭᠠᠰᠤᠨ   ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ 2020 ᠣᠨ ᠤ ᠶᠠᠳᠠᠭᠤ ᠠᠴᠠ ᠠᠩᠬᠢᠵᠢᠷᠠᠭᠤᠯᠬᠤ ᠬᠠᠪᠰᠤᠷᠤᠨ ᠲᠡᠳᠬᠦᠬᠦ ᠠᠵᠢᠯ ᠤᠨ  ᠪᠠᠶᠢᠳᠠᠯ ᠢ ᠬᠢᠨᠠᠨ ᠰᠢᠯᠭᠠᠭᠰᠠᠨ ᠪᠠᠶᠢᠨ᠎ᠠ  ᠃      ᠬᠢᠨᠠᠨ ᠰᠢᠯᠭᠠᠬᠤ ᠳᠤᠭᠤᠶᠢᠯᠠᠩ ︿︿2020 ᠣᠨ   ᠳᠤ ᠬᠢᠩᠭᠠᠨ ᠠᠶᠢᠮᠠᠭ ᠪᠣᠯᠤᠨ ᠤᠯᠠᠭᠠᠨᠴᠠᠪ ᠬᠤᠲᠠ   ᠶᠢᠨ ᠶᠠᠳᠠᠭᠤ  ᠬᠦᠴᠢᠷᠳᠡᠯ ᠲᠠᠢ ᠭᠠᠴᠠᠭ᠎ᠠ ( ᠲᠣᠰᠬᠤᠨ )   ᠶᠢ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠡᠭᠦᠷᠭᠡ ᠶᠢᠨ ᠨᠠᠷᠢᠨ ᠳᠠᠩᠰᠠ﹀﹀  ᠪᠣᠯᠤᠨ ︿︿ᠲᠣᠰᠬᠤᠨ   ᠳᠤ ᠰᠠᠭᠤᠭ᠎ᠠ ᠺᠠᠳ᠋ᠷ   ᠤᠨ ᠬᠠᠮᠢᠶᠠᠷᠤᠯᠲᠠ   ᠶᠢᠨ ᠠᠵᠢᠯ  ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ﹀﹀ ᠤᠨ ᠱᠠᠭᠠᠷᠳᠠᠯᠭ᠎ᠠ   ᠶᠢ ᠦᠨᠳᠦᠰᠦᠯᠡᠨ᠂ ᠰᠣᠨᠣᠰᠬᠤ ᠂ ᠪᠠᠶᠢᠴᠠᠭᠠᠬᠤ᠂ ᠦᠵᠡᠬᠦ᠂ ᠰᠤᠷᠪᠤᠯᠵᠢᠯᠠᠬᠤ ᠠᠷᠭ᠎ᠠ ᠪᠠᠷ ᠠᠷᠠᠳ ᠤᠨ ᠶᠠᠪᠤᠳᠠᠯ ᠤᠨ ᠲᠢᠩᠬᠢᠮ ᠤᠨ ᠬᠠᠪᠰᠤᠷᠤᠨ ᠲᠡᠳᠬᠦᠬᠦ ᠠᠵᠢᠯ ᠳᠤ ᠬᠢ ᠤᠯᠤᠰ ᠲᠥᠷᠥ ᠶᠢᠨ ᠬᠠᠷᠢᠭᠤᠴᠠᠯᠭ᠎ᠠ ᠶᠢ ᠬᠡᠷᠬᠢᠨ ᠨᠠᠶᠢᠲᠠᠪᠤᠷᠢᠵᠢᠭᠤᠯᠤᠭᠰᠠᠨ᠂ ᠲᠣᠰᠬᠤᠨ  ᠳᠤ ᠰᠠᠭᠤᠬᠤ ᠠᠵᠢᠯ ᠤᠨ ᠬᠠᠮᠢᠶᠠᠷᠤᠯᠲᠠ ᠶᠢ ᠬᠡᠷᠬᠢᠨ ᠴᠢᠩᠭᠠᠳᠬᠠᠭᠰᠠᠨ᠂ ᠬᠠᠪᠰᠤᠷᠤᠨ ᠲᠡᠳᠬᠦᠬᠦ ᠳᠦᠰᠤᠯ ᠤᠨ ᠬᠡᠷᠡᠭᠵᠢᠭᠦᠯᠦᠯᠲᠡ ᠶᠢ ᠬᠡᠷᠬᠢᠨ ᠠᠬᠢᠭᠤᠯᠤᠭᠰᠠᠨ ᠵᠡᠷᠭᠡ ᠠᠵᠢᠯ ᠢ ᠪᠥᠬᠦ ᠲᠠᠯ᠎ᠠ ᠪᠠᠷ ᠬᠢᠨᠠᠨ ᠰᠢᠯᠭᠠᠵᠠᠢ᠃  ᠬᠢᠨᠠᠨ ᠰᠢᠯᠭᠠᠬᠤ ᠳᠤᠭᠤᠶᠢᠯᠠᠩ ᠤᠨ ᠬᠢᠨ ᠲᠣᠰᠬᠤᠨ ᠳᠤ ᠰᠠᠭᠤᠭ᠎ᠠ ᠭᠡᠰᠢᠭᠦᠳ ᠤᠨ ᠠᠵᠢᠯ ᠤᠨ ᠬᠠᠷᠢᠭᠤ ᠮᠡᠳᠡᠭᠦᠯᠦᠯᠲᠡ  ᠶᠢ ᠨᠠᠷᠢᠨ ᠬᠢᠨᠠᠮᠠᠭᠠᠶ ᠰᠣᠨᠣᠰᠴᠤ᠂ ᠬᠠᠪᠰᠤᠷᠤᠨ ᠳᠡᠳᠬᠦᠭᠦᠯᠵᠤ ᠪᠣᠢ ᠭᠠᠴᠠᠭ᠎ᠠ ᠳᠤ ᠬᠦᠷᠴᠦ ᠠᠵᠢᠯ ᠤᠨ ᠪᠠᠶᠢᠳᠠᠯ᠂ ᠳᠦᠰᠤᠯ ᠢ ᠬᠡᠷᠡᠭᠵᠢᠭᠦᠯᠦᠭᠰᠡᠨ ᠪᠠ ᠬᠠᠪᠰᠤᠷᠤᠨ ᠲᠡᠳᠬᠦᠬᠦ ᠳᠦᠰᠤᠯ ᠵᠢᠴᠢ ᠪᠠᠯᠠ ᠮᠥᠩᠭᠦ ᠣᠷᠣᠭᠤᠯᠤᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠳᠠᠭᠠᠤ ᠳᠤ ᠠᠵᠢᠯ ᠤᠨ ᠳᠠᠩᠰᠠ ᠡᠪᠬᠡᠮᠡᠯ᠂ ︽ᠲᠣᠰᠬᠤᠨ ᠳᠤ ᠰᠠᠭᠤᠭ᠎ᠠ ᠭᠡᠰᠢᠭᠦᠳ ᠤᠨ ᠠᠵᠢᠯ ᠤᠨ ᠭᠠᠷᠠᠭ ᠤᠨ ᠲᠡᠮᠳᠡᠭᠯᠡᠯ ᠤᠨ ᠳᠡᠪᠲᠡᠷ︾᠂ ᠴᠢᠯᠥᠭᠡ ᠭᠤᠶᠤᠬᠤ ᠭᠠᠷ ᠭᠦᠶᠴᠡᠳᠬᠡᠯ ᠵᠡᠷᠭᠡ ᠮᠠᠲ᠋ᠧᠷᠢᠶᠠᠯ ᠢ ᠪᠠᠶᠢᠴᠠᠭᠠᠨ ᠦᠵᠡᠵᠦ᠂   ᠬᠤᠰᠢᠭᠤ᠂ ᠪᠠᠯᠭᠠᠰᠤ ᠪᠣᠯᠤᠨ ᠭᠠᠴᠠᠭᠠᠨ ᠤ ᠺᠠᠳ᠋ᠷᠴᠤᠳ ᠲᠠᠢ ᠶᠠᠷᠢᠯᠴᠠᠨ ᠪᠣᠳᠠᠲᠤ ᠪᠠᠶᠢᠳᠠᠯ ᠢ ᠦᠢᠯᠠᠭᠠᠬᠤ ᠪᠠᠷ ᠳᠠᠮᠵᠢᠭᠤᠯᠤᠨ᠂ ᠠᠷᠠᠳ ᠤᠨ ᠶᠠᠪᠤᠳᠠᠯ ᠤᠨ ᠲᠢᠩᠬᠢᠮ ᠤᠨ ᠶᠠᠳᠠᠭᠤ ᠠᠴᠠ ᠠᠩᠬᠢᠵᠢᠷᠠᠭᠤᠯᠬᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ  ᠦᠷ᠎ᠡ ᠪᠦᠲᠦᠮᠵᠢ ᠶᠢ ᠭᠦᠢᠴᠡᠳ ᠨᠤᠲᠠᠯᠠᠵᠠᠢ᠃       2020 ᠣᠨ ᠤ 11 ᠳ᠋ᠤᠭᠡᠷ ᠰᠠᠷ᠎ᠠ ᠶᠢᠨ 30 ᠤ ᠡᠳᠦᠷ ᠪᠣᠯᠲᠠᠯ᠎ᠠ ᠭᠠᠴᠠᠭ᠎ᠠ ᠲᠣᠰᠬᠤᠨ ᠳᠤ ᠴᠦᠮ ᠵᠠᠮ ᠨᠡᠪᠲᠡᠷᠡᠨ 90% ᠨᠢ ᠪᠠᠷᠢᠮᠵᠢᠶ᠎ᠠ ᠳᠤ ᠬᠦᠷᠴᠠᠢ︔ ᠤᠤᠭᠤᠬᠤ ᠤᠰᠤᠨ ᠤ ᠴᠡᠪᠡᠷᠰᠢᠯ ᠪᠣᠯᠤᠨ ᠣᠷᠣᠨ ᠰᠠᠭᠤᠴᠠ  ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠠᠢ︔ ᠭᠠᠴᠠᠭ᠎ᠠ ᠪᠣᠯᠭᠠᠨ ᠳᠤ ᠷᠠᠳᠢᠣ᠋᠂ ᠰᠦᠯᠵᠢᠶ᠎ᠡ ᠨᠡᠪᠲᠡᠷᠡᠵᠤ᠂ ᠡᠷᠡᠭᠦᠯ ᠬᠠᠮᠠᠭᠠᠯᠠᠯ ᠤᠨ ᠦᠷᠲᠡᠭᠡ    ᠪᠠᠷᠢᠮᠵᠢᠶ᠎ᠠ ᠳᠤ ᠨᠡᠶᠢᠴᠡᠵᠠᠢ︔ ᠲᠠᠩᠰᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠳᠤᠰᠠᠯᠠᠮᠵᠢ  ᠂ ᠦᠨᠳᠦᠰᠦᠨ ᠵᠦᠶᠯ ᠤᠨ ᠪᠠᠲᠤᠯᠠᠭ᠎ᠠ ᠶᠢ  ᠪᠦᠬᠦᠨ ᠢ ᠨᠠᠶᠢᠳᠠᠪᠤᠷᠢᠵᠢᠭᠤᠯᠵᠠᠢ︔ ᠲᠠᠩᠰᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠪᠣᠯᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠶᠳᠬᠡᠯ ᠢ ᠣᠷᠣᠯᠠᠨ ᠲᠤᠰᠢᠶᠠᠬᠤ ᠨᠣᠷᠮ᠎ᠠ 100% ᠳᠤ ᠬᠦᠷᠴᠠᠢ︔ ᠰᠤᠷᠭᠠᠨ ᠬᠥᠮᠦᠵᠢᠯ  ᠢᠶᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠶᠠᠳᠠᠭᠤ ᠬᠦᠴᠢᠷᠳᠡᠯ ᠠᠴᠠ ᠪᠣᠯᠵᠣ ᠰᠤᠷᠤᠯᠭ᠎ᠠ ᠪᠠᠨ ᠳᠣᠷᠭᠤᠨ ᠵᠣᠭᠰᠣᠭᠰᠠᠨ ᠰᠣᠷᠣᠭᠴᠢ ᠪᠠᠶᠢᠬᠤ ᠥᠬᠡᠶ︔ ᠭᠠᠴᠠᠭᠠᠨ ᠤ ᠬᠡᠦᠬᠡᠳ ᠤᠨ ᠴᠡᠴᠡᠷᠯᠢᠭ ᠲᠤ 30 ᠭᠠᠷᠤᠢ ᠬᠡᠦᠬᠡᠳ ᠲᠠᠢ ᠪᠣᠯᠵᠤ᠂ ᠰᠣᠶᠣᠯ ᠤᠨ ᠠᠵᠢᠯᠯᠠᠭᠠᠨ ᠤ ᠲᠠᠰᠤᠭ 120 ᠲᠡᠭᠰᠢ ᠳᠥᠷᠪᠡᠯᠵᠢᠨ ᠮᠧᠲᠷ ᠲᠤ ᠬᠦᠷᠴᠠᠢ︔ ᠲᠣᠰᠬᠤᠨ ᠤ ᠳᠦᠷᠢ ᠲᠥᠷᠬᠦ ᠭᠤᠶᠤᠵᠢᠨ᠂ ᠣᠷᠴᠢᠨ ᠲᠣᠭᠤᠷᠢᠨ ᠤ ᠠᠷᠢᠭᠤᠨ ᠴᠡᠪᠡᠷ ᠪᠠᠷᠢᠮᠵᠢᠶ᠎ᠠ ᠳᠤ ᠬᠥᠷᠪᠡ︔ ᠭᠠᠴᠠᠭᠠᠨ ᠤ ᠬᠠᠮᠲᠤ  ᠶᠢᠨ ᠠᠵᠤ ᠠᠬᠤᠢ ᠶᠢ ᠬᠥᠭᠵᠢᠭᠦᠯᠦᠨ ᠮᠠᠯᠴᠢᠨ ᠲᠠᠷᠢᠶᠠᠴᠢᠨ ᠤ ᠣᠷᠣᠯᠭ᠎ᠠ ᠶᠢ ᠳᠡᠭᠡᠭᠰᠢᠯᠡᠭᠦᠯᠵᠠᠢ᠃ ᠲᠠᠶᠢᠲᠠᠭ ᠭᠠᠴᠠᠭ᠎ᠠ   ᠶᠢᠨ ᠶᠠᠳᠠᠭᠤ ᠬᠦᠴᠢᠷᠳᠡᠯᠲᠡᠶ ᠡᠷᠦᠬᠡ   ᠶᠢᠨ ᠬᠥᠮᠦᠨ ᠪᠦᠷᠢ   ᠶᠢᠨ ᠳᠤᠮᠳᠠᠴᠢ ᠣᠷᠣᠯᠭ᠎ᠠ 2011 ᠣᠨ   ᠳᠤ 1700 ᠲᠥᠭᠦᠷᠢᠭ ᠪᠠᠶᠢᠭᠰᠠᠨ   ᠠᠴᠠ ᠪᠠᠨ ᠣᠳᠣ 13413 ᠲᠥᠭᠦᠷᠢᠭ ᠪᠣᠯᠤᠨ ᠳᠡᠭᠡᠭᠰᠢᠯᠡᠭᠰᠡᠨ ᠪᠠᠶᠢᠨ᠎ᠠ᠃    
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号