| ᠡᠯ᠎ᠡ ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠤᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ | ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ | ᠡᠷᠢᠶᠡᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠠᠵᠤ ᠦᠢᠯᠡᠳᠪᠤᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ | ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠳᠤ᠄ | ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠦᠯᠣᠭᠡ᠂ ︽ᠤᠯᠤᠰ ᠤᠨ ᠬᠥᠮᠦᠨ ᠠᠮᠠ ᠶᠢᠨ | ᠨᠠᠰᠤᠵᠢᠯ ᠢ ᠢᠳᠡᠪᠬᠢᠲᠡᠢ ᠠᠷᠭᠠᠴᠠᠭᠠᠬᠤ ᠳᠤᠮᠳᠠ᠂ ᠤᠷᠲᠤ ᠬᠤᠭᠤᠴᠠᠭᠠᠨ ᠤ ᠲᠦᠯᠣᠪᠵᠢᠭᠦᠯᠭᠡ ︾᠂ ︽ | ᠨᠠᠰᠤᠵᠢᠯ ᠤᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 5 ᠳ᠋ᠤᠭᠠᠷ ᠲᠣᠭᠠᠲᠤ︶ ᠪᠠ ︽ | ᠨᠠᠰᠤᠵᠢᠯ ᠤᠨ ᠦᠢᠯᠡᠴᠢᠯᠡᠭᠡᠨ ᠤ ᠬᠠᠩᠭᠠᠯᠲᠠ ᠶᠢ ᠥᠷᠭᠡᠳᠬᠡᠨ ᠨᠠᠰᠤᠵᠢᠯ ᠤᠨ ᠦᠢᠯᠡᠴᠢᠯᠡᠭᠡᠨ ᠤ ᠬᠡᠷᠡᠭᠯᠡᠭᠡ ᠶᠢ | ᠤᠯᠠᠮ ᠨᠢᠭᠡ ᠠᠯᠬᠤᠮ ᠠᠬᠢᠭᠤᠯᠬᠤ ᠲᠤᠬᠠᠶ ᠠᠷᠠᠳ ᠤᠨ ᠶᠠᠪᠤᠳᠠᠯ ᠤᠨ ᠶᠠᠮᠤᠨ ᠤ ᠬᠡᠷᠡᠭᠵᠢᠭᠦᠯᠬᠦ ᠰᠠᠨᠠᠯ︾ ︵ᠠᠷᠠᠳ | ᠲᠠᠷᠬᠠᠭᠠᠭᠰᠠᠨ ﹇2019﹈ 88 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠨᠠᠶᠢᠲᠠᠪᠤᠷᠢᠵᠢᠭᠤᠯᠤᠨ᠂ ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ ᠪᠠᠷ ᠠᠷᠭᠠᠴᠠᠭᠠᠵᠤ᠂ ᠭᠡᠷ ᠲᠤ ᠪᠠᠨ | ᠰᠠᠭᠤᠭᠠᠳ ᠨᠡᠶᠢᠭᠡᠮ ᠲᠣᠭᠤᠷᠢᠭ ᠤᠨ ᠪᠠᠶᠢᠭᠤᠯᠤᠮᠵᠢ ᠪᠠᠷ ᠠᠰᠠᠷᠠᠭᠤᠯᠬᠤ ᠶᠢ ᠬᠠᠷᠢᠯᠴᠠᠨ ᠵᠣᠬᠢᠴᠠᠭᠤᠯᠤᠨ ᠂ ᠡᠮᠨᠡᠨ | ᠰᠤᠪᠢᠯᠠᠬᠤ ᠡᠷᠡᠭᠦᠯᠵᠢᠭᠦᠯᠤᠨ ᠠᠰᠠᠷᠠᠬᠤ ᠬᠠᠷᠢᠯᠴᠠᠨ ᠤᠶᠠᠯᠳᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ | ᠤ ᠰᠢᠰᠲ᠋ᠧᠮ ᠢ ᠲᠦᠷᠬᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠵᠤ᠂ ᠨᠠᠰᠤᠲᠠᠶᠢᠴᠤᠳ ᠤᠨ ᠣᠯᠠᠨ ᠵᠦᠢᠯ᠂ ᠣᠯᠠᠨ ᠳᠡᠰ ᠳᠠᠪᠬᠤᠷᠭ᠎ᠠ ᠶᠢᠨ | ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠬᠤ ᠶᠢᠨ ᠲᠤᠯᠠᠳᠠ᠂ | ᠳᠤᠰᠬᠠᠶᠢᠯᠠᠨ ᠳᠣᠣᠷᠠᠬᠢ ᠮᠡᠲᠦ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠭᠡᠷ ᠲᠤ ᠪᠠᠨ ᠰᠠᠭᠤᠭ᠎ᠠ ᠨᠠᠰᠤᠲᠠᠶᠢᠴᠤᠳ ᠢ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ | ᠦᠢᠯᠡᠴᠢᠯᠡᠭᠡᠨ ᠢ ᠶᠡᠭᠡ ᠪᠠᠷ ᠬᠦᠭᠵᠢᠭᠦᠯᠤᠨ᠎ᠡ | ︵ᠨᠢᠭᠡ︶ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠭᠠᠵᠠᠷ ᠲᠠᠯᠠᠪᠤᠷ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠶ᠃ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠪᠣᠯᠤᠨ ᠣᠳᠣ | ᠪᠠᠶᠢᠭ᠎ᠠ ᠨᠠᠰᠤᠵᠢᠯ ᠤᠨ ᠦᠢᠯᠡᠴᠢᠯᠡᠭᠡᠨ ᠤ ᠲᠠᠯᠠᠪᠤᠷ ᠭᠠᠵᠠᠷ ᠢᠶᠠᠨ ᠲᠦᠰᠢᠨ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠪᠣᠯᠤᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠠᠯᠠᠪᠤᠷ ᠤᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠬᠤ ᠬᠡᠷᠡᠭᠲᠡᠶ᠃ ᠵᠡᠭᠡᠯᠢ ᠭᠤᠳᠤᠮᠵᠢ ᠶᠢᠨ ᠳᠠᠪᠬᠤᠷᠭᠠᠨ | ᠳᠤ ᠪᠦᠷᠢᠨ ᠨᠠᠶᠢᠲᠠᠬᠤ᠂ ᠡᠳᠦᠷ ᠢᠶᠠᠷ ᠨᠠᠶᠢᠲᠠᠬᠤ ᠂ ᠡᠭᠦᠳᠡᠨ ᠳᠤ ᠨᠢ ᠣᠴᠢᠵᠤ ᠦᠢᠯᠡᠴᠢᠯᠡᠬᠦ᠂ ᠳᠣᠣᠷᠠᠬᠢ ᠪᠠᠨ | ᠵᠢᠯᠣᠭᠤᠳᠬᠤ ᠵᠡᠷᠭᠡ ᠶᠡᠷᠦᠩᠬᠡᠶᠢᠯᠡᠭᠰᠡᠨ ᠴᠢᠳᠠᠮᠵᠢ ᠲᠠᠢ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ | ᠤ ᠪᠠᠶᠢᠭᠤᠯᠤᠮᠵᠢ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠳᠠᠪᠬᠤᠷᠭ᠎ᠠ ᠳᠤ ᠵᠢᠬᠢᠷᠢᠭ ᠮᠠᠶ᠋ᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠪᠤᠶᠤ ᠡᠳᠦᠷ ᠢᠶᠠᠷ ᠬᠠᠷᠠᠭᠠᠯᠵᠠᠬᠤ ᠲᠥᠪ | ᠪᠠᠶᠢᠭᠤᠯᠵᠤ᠂ ᠨᠠᠰᠤᠲᠠᠶᠢᠴᠤᠳ ᠤᠨ ᠪᠠᠴᠢᠮ ᠱᠠᠭᠠᠷᠳᠠᠭᠳᠠᠵᠤ ᠪᠠᠶᠢᠭ᠎ᠠ ᠬᠤᠭᠤᠯᠠ ᠤᠮᠳᠠ᠂ ᠡᠮᠴᠢᠯᠡᠭᠡ ᠳᠤ ᠨᠢ | ᠲᠤᠰᠠᠯᠠᠬᠤ᠂ ᠪᠠᠴᠢᠮ ᠦᠶ᠎ᠡ ᠳᠤ ᠨᠢ ᠲᠤᠰᠠᠯᠠᠬᠤ᠂ ᠠᠯᠬᠤᠵᠤ ᠶᠠᠪᠤᠬᠤ ᠳᠤ ᠨᠢ ᠲᠤᠰᠠᠯᠠᠬᠤ᠂ ᠠᠷᠢᠭᠤᠨ ᠴᠡᠪᠡᠷᠯᠡᠭᠡ | ᠬᠢᠬᠦ ᠳᠤ ᠨᠢ ᠲᠤᠰᠠᠯᠠᠬᠤ ᠵᠡᠷᠭᠡ ᠦᠢᠯᠡᠴᠢᠯᠡᠭᠡ ᠶᠢ ᠶᠡᠬᠡᠪᠡᠷ ᠬᠥᠭᠵᠢᠭᠦᠯᠦᠨ᠎ᠡ᠃ 2022 ᠣᠨ ᠪᠣᠯᠬᠤ ᠳᠤ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢᠭᠡᠪᠦᠷᠢ ᠳᠤ ᠶᠡᠷᠦᠩᠬᠡᠶᠢᠯᠡᠭᠰᠡᠨ ᠴᠢᠳᠠᠮᠵᠢ ᠲᠠᠢ ᠨᠡᠶᠢᠭᠡᠮ ᠲᠣᠭᠤᠷᠢᠭ ᠤᠨ | ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠬᠤ ᠪᠠᠷ ᠴᠢᠷᠮᠠᠶᠢᠵᠤ᠂ ᠨᠡᠶᠢᠭᠡᠮ ᠲᠣᠭᠤᠷᠢᠭ ᠤᠨ | ᠵᠢᠬᠢᠷᠢᠭ ᠮᠠᠶ᠋ᠢᠭ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠪᠤᠶᠤ ᠡᠳᠦᠷ ᠢᠶᠠᠷ ᠬᠠᠷᠠᠭᠠᠯᠵᠠᠬᠤ ᠲᠥᠪ | ᠤᠨ ᠪᠦᠷᠬᠦᠴᠡ ᠶᠢᠨ ᠨᠣᠷᠮ᠎ᠠ ᠶᠢ 90% ᠠᠴᠠ ᠳᠡᠭᠡᠭᠰᠢ ᠪᠣᠯᠭᠠᠨ᠎ᠠ ᠃ | ︵ᠬᠤᠶᠠᠷ ) ᠭᠡᠷ ᠲᠤ ᠪᠠᠨ ᠰᠠᠭᠤᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠢ ᠢᠳᠡᠪᠬᠢᠲᠠᠢ | ᠬᠦᠭᠵᠢᠭᠦᠯᠤᠨ᠎ᠡ ᠃ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠪᠣᠯᠤᠨ | ᠨᠥᠬᠦᠴᠡᠯ ᠲᠠᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠭᠡᠷ ᠲᠤ ᠪᠠᠨ ᠰᠠᠭᠤᠭ᠎ᠠ ᠨᠠᠰᠤᠲᠠᠶᠢᠴᠤᠳ ᠲᠤ | ᠨᠠᠰᠤᠵᠢᠯ ᠤᠨ ᠠᠰᠠᠷᠠᠮᠵᠢ ᠬᠠᠩᠭᠠᠬᠤ ᠬᠡᠷᠡᠭᠲᠡᠶ᠃ ᠲᠤᠰᠬᠠᠶ ᠮᠡᠷᠭᠡᠵᠢᠯ ᠤᠨ ᠦᠢᠯᠡᠴᠢᠯᠡᠭᠡ ᠪᠠᠨ ᠭᠡᠷ ᠪᠦᠯᠢ | ᠬᠦᠷᠲᠡᠯ᠎ᠡ ᠦᠷᠭᠦᠯᠵᠢᠯᠡᠭᠦᠯᠵᠦ᠂ ᠬᠡᠷ ᠲᠡᠭᠡᠨ ᠰᠠᠭᠤᠭ᠎ᠠ ᠨᠠᠰᠤᠲᠠᠶᠢᠴᠤᠳ ᠲᠤ ᠠᠮᠢᠳᠤᠷᠠᠯ ᠤᠨ ᠬᠠᠷᠠᠭᠠᠯᠵᠠᠯ᠂ | ᠬᠡᠷ ᠤᠨ ᠶᠠᠪᠤᠳᠠᠯ ᠤᠨ ᠬᠠᠷᠠᠭᠠᠯᠵᠠᠯ ᠂ ᠣᠶᠤᠨ ᠰᠠᠨᠠᠭᠠᠨ ᠤ ᠲᠠᠶᠢᠳᠬᠤᠷᠠᠭᠤᠯᠤᠯ ᠵᠡᠷᠭᠡ ᠬᠡᠷ ᠪᠦᠯᠢ ᠶᠢᠨ | ᠦᠢᠯᠡᠴᠢᠯᠡᠭᠡ ᠬᠠᠩᠭᠠᠵᠤ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠠᠵᠢᠯ ᠢ ᠤᠯᠠᠮ ᠨᠢᠭᠡ | ᠠᠯᠬᠤᠮ ᠪᠣᠳᠠᠲᠠᠶᠢᠵᠢᠭᠤᠯᠤᠨ ᠲᠡᠭᠦᠯᠳᠡᠷᠵᠢᠭᠦᠯᠤᠨ᠎ᠡ᠃ ᠨᠠᠰᠤᠵᠢᠯ ᠤᠨ ᠦᠢᠯᠡᠴᠢᠯᠡᠭᠡᠨ ᠤ ᠵᠥᠪᠯᠡᠭᠴᠢ ᠶᠢᠨ | ᠲᠦᠷᠢᠮ ᠢ ᠪᠠᠶᠢᠭᠤᠯᠵᠤ᠂ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠵᠣᠯᠭᠠᠭᠤᠯᠬᠤ ᠠᠵᠢᠯ ᠢ ᠰᠠᠶᠢᠲᠤᠷ | ᠬᠢᠨ᠎ᠠ᠃ ᠬᠡᠷ ᠲᠡᠭᠡᠨ ᠰᠠᠭᠤᠭ᠎ᠠ ᠨᠠᠰᠤᠲᠠᠶᠢᠴᠤᠳ ᠢ ᠡᠷᠬᠢᠨ ᠦᠵᠡᠵᠤ ᠪᠣᠯᠭᠤᠭᠠᠬᠤ ᠲᠦᠷᠢᠮ ᠢ ᠪᠦᠷᠢᠨ | ᠳᠣᠭᠲᠠᠭᠠᠵᠤ᠂ ᠵᠠᠰᠠᠭ ᠤᠨ ᠣᠷᠳᠣᠨ ᠤ ᠦᠢᠯᠡᠴᠢᠡᠯᠭᠡ ᠶᠢ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠨ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ | ᠭᠠᠨᠢ ᠨᠠᠰᠤᠲᠠᠨ᠂ ᠬᠤᠭᠤᠰᠣᠨ ᠭᠡᠷ ᠲᠤ ᠪᠠᠨ ᠬᠤᠴᠤᠷᠤᠭᠰᠠᠨ ᠨᠠᠰᠤᠲᠠᠨ᠂ ᠠᠮᠢᠳᠤᠷᠠᠬᠤ ᠴᠢᠳᠠᠪᠤᠷᠢ ᠪᠠᠨ | ᠠᠯᠳᠠᠭᠰᠠᠨ ᠨᠠᠰᠤᠲᠠᠨ᠂ ᠲᠦᠯᠣᠪᠯᠡᠭᠡᠲᠤ ᠦᠷᠡᠵᠢᠯ ᠤᠨ ᠣᠨᠴᠠᠭᠠᠶ ᠬᠡᠷ ᠪᠦᠯᠢ ᠵᠡᠷᠭᠡ ᠣᠨᠴᠠ ᠬᠦᠴᠢᠷᠳᠡᠯ ᠲᠠᠢ | ᠨᠠᠰᠤᠲᠠᠶᠢᠴᠤᠳ ᠲᠤ ᠠᠩᠬᠠᠷᠤᠯ ᠢᠶᠠᠨ ᠬᠠᠨᠳᠤᠭᠤᠯᠤᠨ᠂ ᠡᠷᠬᠢᠨ ᠦᠵᠡᠵᠤ ᠪᠣᠯᠭᠤᠭᠠᠬᠤ ᠪᠠ ᠬᠠᠪᠰᠤᠷᠤᠨ ᠲᠡᠳᠬᠦᠬᠦ | ᠦᠢᠯᠡᠴᠢᠯᠡᠬᠦ ᠶᠢ ᠳᠡᠮᠵᠢᠨ ᠵᠢᠯᠣᠭᠤᠳᠤᠨ᠎ᠠ᠃ 2022 ᠣᠨ ᠪᠣᠯᠬᠤ ᠳᠤ ᠣᠨᠴᠠ ᠬᠦᠴᠢᠷᠳᠡᠯ ᠲᠠᠢ | ᠨᠠᠰᠤᠲᠠᠶᠢᠴᠤᠳ ᠤᠨ ᠰᠠᠷ᠎ᠠ ᠶᠢᠨ ᠡᠷᠭᠢᠵᠦ ᠦᠵᠡᠵᠤ ᠪᠣᠯᠭᠤᠭᠠᠬᠤ ᠨᠣᠷᠮ᠎ᠠ ᠶᠢ 100% ᠳᠤ ᠬᠦᠷᠭᠡᠨ᠎ᠡ᠃ | ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯ ᠤᠨ ᠦᠢᠯᠡᠴᠢᠯᠡᠭᠡᠨ ᠳᠤ ᠲᠣᠬᠢᠷᠠᠬᠤ ᠥᠭᠡᠷᠡᠴᠢᠯᠡᠯᠲᠡ ᠶᠢ | ᠬᠡᠷᠡᠭᠵᠢᠭᠦᠯᠤᠨ᠂ ︽ᠭᠡᠷ ᠪᠦᠯᠢ ᠶᠢᠨ ᠠᠰᠠᠷᠠᠨ ᠰᠤᠪᠢᠯᠠᠬᠤ ᠣᠷᠣ︾ ᠭᠠᠷᠭᠠᠬᠤ ᠶᠢ ᠬᠠᠶᠢᠨ ᠰᠦᠪᠡᠭᠴᠢᠯᠡᠨ᠎ᠠ᠃ | ︵ᠭᠤᠷᠪᠠ︶ ᠳᠠᠭᠠᠭᠠᠨ ᠠᠪᠬᠤ ᠭᠤᠣᠯ ᠴᠣᠭᠴᠠ ᠶᠢ ᠶᠡᠭᠡ ᠪᠠᠷ ᠪᠣᠢ ᠪᠣᠯᠭᠠᠨ᠎ᠠ᠃ ᠨᠡᠶᠢᠭᠡᠮ ᠤᠨ | ᠬᠦᠴᠦᠨ ᠢ ᠢᠳᠡᠪᠬᠢᠲᠡᠢ ᠳᠠᠶᠢᠴᠢᠯᠠᠨ ᠨᠡᠶᠢᠭᠡᠮ ᠲᠣᠭᠤᠷᠢᠭ ᠤᠨ ᠭᠡᠷ ᠲᠤ ᠪᠠᠨ ᠰᠠᠭᠤᠭ᠎ᠠ ᠨᠠᠰᠤᠲᠠᠶᠢᠴᠤᠳ ᠢ | ᠠᠰᠠᠷᠠᠬᠤ ᠦᠢᠯᠡᠴᠢᠯᠡᠭᠡᠨ ᠳᠤ ᠥᠷᠭᠡᠨ ᠢᠶᠠᠷ ᠣᠷᠣᠯᠴᠠᠭᠤᠯᠵᠤ᠂ ᠳᠤᠰᠬᠠᠶᠢᠴᠢᠯᠠᠭᠰᠠᠨ᠂ ᠬᠡᠯᠬᠢᠶᠡᠵᠢᠭᠰᠡᠨ᠂ ᠨᠡᠷ᠎ᠡ | ᠲᠦᠷᠤ ᠲᠠᠢ ᠨᠢᠭᠡ ᠪᠦᠯᠦᠭ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ | ᠲᠡᠳᠬᠦᠨ ᠪᠤᠶᠢᠵᠢᠭᠤᠯᠵᠤ᠂ ᠵᠦᠶ ᠵᠣᠬᠢᠰᠲᠠᠶ ᠠᠴᠢ ᠬᠠᠷᠢᠭᠤ ᠣᠯᠬᠤ ᠪᠠ ᠦᠷᠭᠦᠯᠵᠢᠯᠡᠨ ᠬᠥᠭᠵᠢᠬᠦ ᠶᠢ ᠨᠢ | ᠳᠡᠮᠵᠢᠬᠦ ᠬᠡᠷᠡᠭᠲᠡᠶ᠃ ᠨᠡᠶᠢᠭᠡᠮ ᠤᠨ ᠬᠦᠴᠦᠨ ᠤ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠴᠤ | ᠳᠤᠰᠬᠤ ᠶᠢ ᠵᠣᠷᠢᠭᠵᠢᠭᠤᠯᠤᠨ ᠵᠢᠯᠣᠭᠤᠳᠤᠨ᠎ᠠ᠃ ᠨᠥᠬᠦᠴᠡᠯ ᠲᠠᠢ ᠭᠠᠵᠠᠷ ᠣᠷᠣᠨ ᠨᠢ ᠵᠠᠰᠠᠭ ᠤᠨ ᠣᠷᠳᠣᠨ ᠤ | ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠨ᠂ ᠣᠨᠴᠠ ᠬᠦᠴᠢᠷᠳᠡᠯᠲᠡᠶ ᠨᠠᠰᠤᠲᠠᠶᠢᠴᠤᠳ ᠢ | ᠭᠡᠷ ᠲᠤ ᠨᠢ ᠠᠰᠠᠷᠠᠬᠤ ᠦᠢᠯᠡᠴᠢᠯᠡᠭᠡᠨ ᠢ ᠥᠷᠨᠢᠭᠦᠯᠵᠦ ᠪᠣᠯᠤᠨ᠎ᠠ᠃ ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ | ᠶᠠᠪᠤᠳᠠᠯ ᠤᠨ ᠶᠡᠷᠦᠩᠬᠡᠶ ᠲᠣᠪᠴᠢᠶ᠎ᠠ ᠵᠡᠷᠭᠡ 6 ᠰᠠᠯᠠᠭ᠎ᠠ ᠮᠥᠴᠢᠷ ᠤᠨ ︿︿ᠨᠠᠰᠤᠵᠢᠯ ᠤᠨ ᠠᠰᠠᠷᠠᠮᠵᠢ᠂ ᠨᠠᠶᠢᠳᠠᠨ | ᠬᠥᠮᠦᠵᠢᠭᠦᠯᠬᠦ᠂ ᠭᠡᠷ ᠤᠨ ᠶᠠᠪᠤᠳᠠᠯ ᠵᠡᠷᠭᠡ ᠨᠡᠶᠢᠭᠡᠮ ᠲᠣᠭᠤᠷᠢᠭ ᠤᠨ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠤᠨ | ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠤᠬᠠᠶ ᠠᠯᠪᠠᠨ ᠵᠠᠷ﹀﹀ ᠢ ᠪᠣᠳᠠᠲᠠᠶᠢᠵᠢᠭᠤᠯᠵᠤ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠭᠠᠶᠢᠯᠢ ᠰᠦᠢᠳᠬᠡᠯ ᠢ ᠦᠨᠡᠨ ᠬᠦ ᠪᠠᠭᠤᠷᠠᠭᠤᠯᠤᠨ᠎ᠠ᠃ ᠡᠯ᠎ᠡ ᠭᠠᠵᠠᠷ ᠤᠨ | ᠬᠢᠨ ᠤ ᠨᠠᠰᠤᠵᠢᠯ ᠤᠨ ᠦᠢᠯᠡᠴᠢᠯᠡᠭᠡᠨ ᠤ ︽ᠬᠤᠭᠤᠴᠠᠭᠠᠲᠤ ᠪᠠᠩᠬᠢ︾ ᠶᠢ ᠬᠠᠶᠢᠨ ᠰᠦᠪᠡᠭᠴᠢᠯᠡᠵᠤ | ᠪᠠᠶᠢᠭᠤᠯᠬᠤ ᠶᠢ ᠵᠣᠷᠢᠭᠵᠢᠭᠤᠯᠤᠨ᠂ ᠨᠠᠩ ᠣᠯᠠᠨ ᠰᠠᠶᠢᠨ ᠲᠤᠷᠠᠴᠤᠳ ᠤᠨ ᠨᠠᠰᠤᠲᠠᠶᠢᠴᠤᠳ ᠲᠤ ᠦᠢᠯᠡᠴᠢᠯᠡᠬᠦ | ᠠᠵᠢᠯ ᠳᠤ ᠣᠷᠣᠯᠴᠠᠬᠤ ᠶᠢ ᠬᠥᠲᠥᠯᠥᠨ ᠵᠢᠯᠣᠭᠤᠳᠤᠨ᠎ᠠ᠃ | ᠬᠤᠶᠠᠷ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢᠶᠠᠨ | ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠤᠨ᠎ᠠ | ︵ᠳᠥᠷᠪᠡ︶ ᠠᠯᠪᠠᠨ ᠠᠴᠠ ᠡᠷᠭᠢᠯᠡᠭᠰᠡᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠤᠨ᠎ᠡ ᠃ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ᠂ ᠨᠠᠰᠤᠲᠠᠳ ᠢ | ᠠᠰᠠᠷᠠᠬᠤ ᠬᠦᠷᠢᠶᠡᠯᠡᠩ᠂ ᠨᠠᠰᠤᠲᠠᠳ ᠤᠨ ᠬᠦᠷᠢᠶᠡᠯᠡᠩ ᠨᠢ ᠠᠯᠪᠠᠨ ᠠᠴᠠ ᠡᠷᠬᠢᠯᠡᠭᠰᠡᠨ ᠨᠠᠰᠤᠵᠢᠯ ᠤᠨ ᠠᠰᠠᠷᠠᠮᠵᠢ | ᠶᠢᠨ ᠪᠠᠶᠢᠭᠤᠯᠤᠮᠵᠢ ᠶᠢᠨ ᠦᠨᠳᠦᠰᠦᠨ ᠵᠦᠢᠯ ᠢ ᠪᠠᠲᠤᠯᠠᠬᠤ ᠦᠢᠯᠡᠳᠤᠯ ᠢ ᠭᠦᠢᠴᠡᠳ ᠪᠠᠳᠠᠷᠠᠭᠤᠯᠵᠤ᠂ | ᠡᠮᠴᠢᠯᠡᠭᠡᠨ ᠤ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠤᠪᠢᠯᠠᠯᠲᠠ ᠣᠷᠣ ᠶᠢᠨ | ᠡᠵᠡᠯᠡᠬᠦ ᠬᠠᠷᠢᠴᠠᠯ ᠢ ᠨᠡᠮᠡᠭᠳᠡᠭᠦᠯᠤᠨ᠂ ᠣᠳᠣᠬᠠᠨ ᠤ ᠪᠠ ᠬᠤᠵᠢᠮ ᠬᠤᠶᠢᠰᠢᠳᠠ ᠶᠢᠨ ᠨᠢᠭᠡ ᠬᠤᠭᠤᠴᠠᠭᠠᠨ ᠤ ᠣᠨᠴᠠ | ᠬᠦᠴᠢᠷᠳᠡᠯᠲᠡᠶ ᠬᠥᠮᠦᠰ ᠢ ᠲᠥᠪᠯᠡᠷᠡᠭᠦᠯᠦᠨ ᠠᠰᠠᠷᠠᠨ ᠬᠠᠷᠠᠭᠠᠯᠵᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ | ᠤᠷᠢᠲᠠᠯ ᠳᠣᠣᠷ᠎ᠠ᠂ ᠠᠵᠤ ᠠᠬᠤᠶ ᠶᠢᠨ ᠬᠦᠴᠢᠷᠳᠡᠯ ᠲᠠᠢ ᠠᠮᠢᠳᠤᠷᠠᠬᠤ ᠴᠢᠳᠠᠪᠤᠷᠢ᠂ ᠣᠶᠤᠨ ᠤᠬᠠᠭᠠᠨ ᠢᠶᠠᠨ | ᠠᠯᠳᠠᠭᠰᠠᠨ ᠨᠠᠰᠤᠲᠠᠶᠢᠴᠤᠳ᠂ ᠲᠦᠯᠣᠪᠯᠡᠭᠡᠲᠤ ᠦᠷᠡᠵᠢᠯ ᠤᠨ ᠣᠨᠴᠠᠭᠠᠢ ᠭᠡᠷ ᠪᠦᠯᠢ ᠶᠢᠨ ᠨᠠᠰᠤᠲᠠᠶᠢᠴᠤᠳ ᠲᠤ | ᠲᠥᠯᠥᠪᠦᠷᠢ ᠥᠬᠡᠶ ᠪᠤᠶᠤ ᠲᠥᠯᠥᠪᠦᠷᠢ ᠪᠠᠭ᠎ᠠ ᠨᠠᠶᠢᠳᠠᠨ ᠠᠰᠠᠷᠠᠭᠤᠯᠬᠤ ᠦᠢᠯᠡᠴᠢᠯᠡᠭᠡᠨ ᠢ ᠭᠤᠣᠯᠳᠠᠯᠭ᠎ᠠ ᠲᠠᠢ | ᠬᠠᠩᠭᠠᠨ᠎ᠠ᠃ ᠠᠯᠪᠠᠨ ᠠᠴᠠ ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠡᠶᠢᠲᠡ ᠶᠢᠨ | ᠠᠰᠠᠷᠠᠮᠵᠢ ᠶᠢᠨ ᠰᠢᠨᠵᠢ ᠴᠢᠨᠠᠷ ᠢ ᠪᠠᠷᠢᠮᠲᠠᠯᠠᠵᠤ᠂ ᠬᠤᠭᠤᠰᠣᠨ ᠣᠷᠣ ᠶᠢ ᠨᠡᠶᠢᠭᠡᠮ ᠳᠤ ᠴᠢᠯᠥᠭᠡᠲᠡᠶ ᠲᠠᠯᠪᠢᠵᠤ᠂ | ᠰᠦᠢᠳᠬᠡᠯ ᠬᠤᠷᠢᠶᠠᠬᠤ ᠶᠢ ᠵᠢᠯᠣᠭᠤᠳᠬᠤ ᠲᠥᠷᠥ ᠶᠢᠨ ᠪᠣᠳᠤᠯᠭ᠎ᠠ ᠶᠢ ᠰᠤᠳᠤᠯᠤᠨ ᠲᠣᠭᠲᠠᠭᠠᠵᠤ᠂ ᠠᠯᠪᠠᠨ ᠠᠴᠠ | ᠡᠷᠬᠢᠯᠡᠭᠰᠡᠨ ᠨᠠᠰᠤᠵᠢᠯ ᠤᠨ ᠪᠠᠶᠢᠭᠤᠯᠤᠮᠵᠢ ᠶᠢᠨ ᠠᠰᠢᠭ ᠣᠯᠵᠠᠪᠤᠷᠢ ᠶᠢ ᠦᠨᠳᠤᠰᠤᠨ ᠵᠦᠢᠯ ᠤᠨ ᠪᠠᠲᠤᠯᠠᠭᠠᠨ ᠤ | ᠡᠲᠡᠭᠡᠳ ᠤᠨ ᠨᠠᠰᠤᠵᠢᠯ ᠤᠨ ᠦᠢᠯᠡᠴᠢᠯᠡᠭᠡᠨ ᠢ ᠳᠡᠮᠵᠢᠬᠦ ᠳᠤ ᠬᠡᠷᠡᠭᠯᠡᠨ᠎ᠡ᠃ ︿︿ᠨᠢᠭᠡ ᠬᠦᠷᠢᠶᠡᠯᠡᠩ ᠳᠤ ᠬᠤᠶᠠᠷ | ᠵᠦᠢᠯ ᠤᠨ ᠳᠦᠷᠢᠮ ᠢ ᠬᠡᠷᠡᠭᠵᠢᠭᠦᠯᠬᠦ﹀﹀ ᠪᠠᠷ ᠳᠠᠮᠵᠢᠨ᠂ ᠨᠡᠶᠢᠭᠡᠮ ᠤᠨ ᠬᠦᠴᠦᠨ ᠳᠤ ᠨᠠᠶᠢᠳᠠᠵᠤ ᠠᠯᠪᠠᠨ ᠠᠴᠠ | ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠡᠵᠡᠩᠨᠡᠬᠦ ᠵᠡᠷᠭᠡ ᠠᠷᠭ᠎ᠠ ᠮᠠᠶ᠋ᠢᠭ ᠢᠶᠠᠷ ᠠᠯᠪᠠᠨ ᠠᠴᠠ | ᠪᠠᠶᠢᠭᠤᠯᠵᠤ ᠠᠷᠠᠳ ᠠᠴᠠ ᠡᠵᠡᠩᠨᠡᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠤ᠂ ᠡᠵᠡᠩᠨᠡᠯᠲᠡ ᠶᠢᠨ | ᠲᠠᠯ᠎ᠠ ᠨᠢ ᠲᠣᠭᠲᠠᠮᠠᠯ ᠬᠤᠭᠤᠴᠠᠭ᠎ᠠ ᠪᠠᠷ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠪᠠᠶᠢᠭᠤᠯᠤᠮᠵᠢ ᠶᠢᠨ ᠢᠶᠠᠨ | ᠡᠳ᠋ ᠬᠥᠷᠥᠩᠭᠡ ᠂ ᠡᠵᠡᠩᠨᠡᠯᠲᠡ ᠶᠢᠨ ᠪᠠᠶᠢᠳᠠᠯ ᠢᠶᠠᠨ ᠮᠡᠳᠡᠭᠦᠯᠵᠦ᠂ ᠬᠦᠨᠳᠤ ᠰᠦᠷᠡᠬᠡᠢ ᠠᠳᠡᠯ ᠭᠡᠨᠡᠳᠡᠯ | ᠡᠭᠦᠰᠦᠭᠰᠡᠨ ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | ︵ᠲᠠᠪᠤ︶ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠢ ᠪᠦᠲᠦᠮᠵᠢᠲᠡᠶ ᠥᠷᠭᠡᠳᠬᠡᠨ᠎ᠡ᠃ | 2020 ᠣᠨ ᠠᠴᠠ ᠡᠬᠢᠯᠡᠨ ᠣᠨᠴᠠ ᠬᠦᠴᠢᠷᠳᠡᠯᠲᠡᠶ ᠬᠥᠮᠦᠰ ᠢ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ | ᠳᠦᠬᠦᠭᠡᠷᠤᠮᠵᠢ ︵ᠨᠠᠰᠤᠲᠠᠶᠢᠴᠤᠳ ᠤᠨ ᠬᠦᠷᠢᠶᠡᠯᠡᠩ︶ ᠶᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ | ᠬᠡᠷᠡᠭᠵᠢᠭᠦᠯᠵᠦ᠂ ᠪᠥᠬᠦ ᠣᠷᠣᠨ ᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠦᠢᠯᠡᠴᠢᠯᠡᠭᠡᠨ ᠤ ᠶᠠᠰᠤ ᠴᠢᠨᠠᠷ | ᠤᠨ ᠪᠠᠶᠢᠭᠤᠯᠤᠯᠲᠠ ᠶᠢᠨ ᠲᠤᠰᠬᠠᠶ ᠠᠵᠢᠯᠯᠠᠭ᠎ᠠ ᠪᠠᠷ ᠵᠢᠭᠰᠠᠭᠠᠨ ᠪᠠᠶᠢᠴᠠᠭᠠᠵᠤ ᠭᠠᠷᠭᠠᠭᠰᠠᠨ ᠣᠨᠴᠠ ᠬᠦᠴᠢᠷᠳᠡᠯ | ᠲᠠᠢ ᠬᠥᠮᠦᠰ ᠢ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠳᠦᠬᠦᠭᠡᠷᠤᠮᠵᠢ ︵ᠨᠠᠰᠤᠲᠠᠶᠢᠴᠤᠳ ᠤᠨ ᠬᠦᠷᠢᠶᠡᠯᠡᠩ︶ | ᠶᠢᠨ ᠬᠦᠨᠳᠦ ᠭᠡᠴᠡᠭᠦᠤ ᠠᠮᠤᠷ ᠲᠦᠪᠰᠢᠨ ᠤ ᠬᠡᠮ ᠰᠣᠭᠤᠭ ᠢ 2020 ᠣᠨ ᠤ ᠰᠡᠭᠦᠯᠴᠢ ᠠᠴᠠ ᠡᠮᠦᠨ᠎ᠡ | ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠨ᠎ᠠ᠃ ᠭᠠᠯ ᠤᠨ ᠠᠶᠤᠯ ᠤᠨ ᠠᠦ᠋ᠲ᠋ᠤ᠋ ᠰᠡᠷᠡᠮᠵᠢ ᠶᠢᠨ ᠳᠣᠬᠢᠶᠠᠨ | ᠤ ᠳᠦᠬᠦᠭᠡᠷᠤᠮᠵᠢ ᠪᠠ ᠠᠦ᠋ᠲ᠋ᠤ᠋ ᠭᠠᠯ ᠤᠨᠲᠠᠷᠠᠭᠠᠬᠤ ᠳᠦᠬᠦᠭᠡᠷᠤᠮᠵᠢ ᠶᠢ ᠤᠭᠰᠠᠷᠠᠭᠰᠠᠨ ᠦᠭᠡᠢ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢ ᠵᠢᠯᠣᠭᠤᠳᠤᠨ᠂ ᠤᠲᠤᠭᠠᠨ ᠤ ᠰᠡᠷᠡᠮᠵᠢᠯᠡᠭᠦᠷ ᠪᠠ ᠳᠦᠬᠦᠮ ᠭᠠᠯ ᠤᠨᠲᠠᠭᠠᠭᠤᠷ ᠢ | ᠳᠤᠰᠠᠭᠠᠷ ᠤᠭᠰᠠᠷᠠᠭᠤᠯᠵᠤ ᠦᠭᠭᠦᠨ᠎ᠡ᠃ ᠬᠠᠰᠤᠵᠤ ᠨᠡᠶᠢᠯᠡᠭᠦᠯᠬᠦ ᠶᠢ ᠦᠷᠭᠦᠯᠵᠢᠯᠡᠨ ᠠᠬᠢᠭᠤᠯᠵᠤ᠂ ᠬᠠᠷᠠᠭᠠᠯᠵᠠᠨ | ᠠᠰᠠᠷᠠᠬᠤ ᠬᠡᠯᠪᠡᠷᠢ ᠶᠢᠨ ᠣᠷᠣ ᠶᠢ ᠦᠭᠡᠷᠡᠴᠢᠯᠡᠨ ᠲᠠᠰ ᠳᠡᠪᠰᠢᠭᠦᠯᠵᠦ᠂ ᠴᠢᠳᠠᠪᠤᠷᠢ ᠪᠠᠨ ᠠᠯᠳᠠᠭᠰᠠᠨ ︵ᠣᠶᠤᠨ | ᠤᠬᠠᠭᠠᠨ ᠢᠶᠠᠨ ᠠᠯᠳᠠᠭᠰᠠᠨ︶ ᠨᠠᠰᠤᠲᠠᠶᠢᠴᠤᠳ ᠢ ᠬᠠᠷᠠᠭᠠᠯᠵᠠᠨ ᠠᠰᠠᠷᠠᠬᠤ ᠣᠷᠣᠴᠠ ᠨᠢᠬᠡᠴᠢ ᠶᠢ ᠨᠡᠭᠡᠭᠡᠨ᠎ᠡ᠃ | 2022 ᠣᠨ ᠤ ᠡᠴᠦᠰ ᠪᠣᠯᠲᠠᠯ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠨᠢᠭᠡᠪᠦᠷᠢ ᠳᠤ ᠳᠤᠰᠬᠠᠶᠢᠯᠠᠨ | ᠴᠢᠳᠠᠪᠤᠷᠢ ᠪᠠᠨ ᠠᠯᠳᠠᠭᠰᠠᠨ ︵ᠣᠶᠤᠨ ᠤᠬᠠᠭᠠᠨ ᠢᠶᠠᠨ ᠠᠯᠳᠠᠭᠰᠠᠨ︶ ᠣᠨᠴᠠ ᠬᠦᠴᠢᠷᠳᠡᠯᠲᠡᠶ ᠬᠥᠮᠦᠰ ᠢ | ᠬᠠᠷᠠᠭᠠᠯᠵᠠᠨ ᠠᠰᠠᠷᠠᠬᠤ ᠪᠠᠷ ᠭᠤᠣᠯ ᠪᠣᠯᠭᠠᠭᠰᠠᠨ ᠬᠤᠰᠢᠭᠤ ᠰᠢᠶᠠᠨ ᠤ ᠱᠠᠲᠤᠨ ᠤ ᠦᠢᠯᠡᠴᠢᠯᠡᠭᠡᠨ ᠤ ᠪᠠᠶᠢᠭᠤᠯᠤᠮᠵᠢ | ︵ᠨᠠᠰᠤᠲᠠᠶᠢᠴᠤᠳ ᠤᠨ ᠬᠦᠷᠢᠶᠡᠯᠡᠩ︶ ᠶᠢ ᠶᠠᠳᠠᠬᠤ ᠳᠤ ᠪᠠᠨ ᠨᠢᠭᠡ ᠶᠢ ᠪᠠᠶᠢᠭᠤᠯᠤᠨ᠎ᠠ᠃ ᠨᠥᠬᠦᠴᠡᠯ ᠳᠤ | ᠨᠡᠶᠢᠴᠡᠭᠰᠠᠨ ᠣᠨᠴᠠ ᠬᠦᠴᠢᠷᠳᠡᠯᠲᠡᠶ ᠬᠥᠮᠦᠰ ᠢ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠳᠦᠬᠦᠭᠡᠷᠤᠮᠵᠢ ᠲᠠᠢ | ᠦᠢᠯᠡᠴᠢᠯᠡᠭᠡᠨ ᠤ ᠪᠠᠶᠢᠭᠤᠯᠤᠮᠵᠢ ︵ᠨᠠᠰᠤᠲᠠᠶᠢᠴᠤᠳ ᠤᠨ ᠬᠦᠷᠢᠶᠡᠯᠡᠩ︶ ᠳᠤ ᠡᠳᠦᠷ ᠤᠨ ᠨᠠᠶᠢᠳᠠᠯᠭ᠎ᠠ᠂ | ᠡᠭᠦᠳᠡᠨ ᠳᠤ ᠨᠢ ᠣᠴᠢᠵᠤ ᠦᠢᠯᠡᠴᠢᠯᠡᠬᠦ ᠲᠦᠷᠣᠯ ᠵᠦᠢᠯ ᠢ ᠨᠠᠮᠡᠭᠳᠡᠭᠦᠯᠤᠨᠡ᠃ ᠮᠠᠯᠵᠢᠬᠤ ᠲᠠᠷᠢᠶᠠᠯᠠᠬᠤ ᠣᠷᠣᠨ ᠤ | ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠴᠢᠬᠤᠯᠠ ᠠᠭᠤᠯᠭ᠎ᠠ ᠪᠣᠯᠭᠠᠵᠤ᠂ ᠲᠤᠬᠠᠶ ᠶᠢᠨ ᠭᠠᠵᠠᠷ | ᠣᠷᠣᠨ ᠤ ᠪᠠᠨ ᠪᠠᠶᠢᠳᠠᠯ ᠳᠤ ᠨᠢ ᠲᠤᠬᠢᠷᠠᠭᠤᠯᠤᠨ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ | ᠵᠢᠷᠭᠠᠯ ᠤᠨ ᠬᠦᠷᠢᠶᠡᠯᠡᠩ ᠪᠣᠯᠤᠨ ᠮᠠᠯᠵᠢᠬᠤ ᠣᠷᠣᠨ ᠤ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ | ᠪᠠᠶᠢᠭᠤᠯᠤᠯᠲᠠ ᠶᠢ ᠴᠢᠩᠭᠠᠳᠬᠠᠨ ᠦᠷᠭᠦᠯᠵᠢᠯᠡᠨ ᠬᠥᠭᠵᠢᠬᠦ ᠶᠢ ᠪᠡᠶᠡᠯᠡᠭᠦᠯᠦᠨ᠎ᠡ᠃ | ︵ᠵᠢᠷᠭᠤᠭ᠎ᠠ︶ ᠠᠷᠠᠳ ᠠᠴᠠ ᠡᠷᠭᠢᠯᠡᠭᠰᠡᠨ ᠨᠠᠰᠤᠵᠢᠯ ᠤᠨ ᠪᠠᠶᠢᠭᠤᠯᠤᠮᠵᠢ ᠶᠢᠨ ᠬᠥᠭᠵᠢᠯᠲᠡ ᠶᠢ ᠳᠡᠮᠵᠢᠨ᠎ᠡ᠃ | ᠨᠠᠰᠤᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠤᠯᠢ ᠶᠣᠰᠣᠭᠠᠷ ᠰᠠᠯᠪᠤᠷᠢ ᠪᠠᠶᠢᠭᠤᠯᠤᠮᠵᠢ | ᠪᠠᠶᠢᠭᠤᠯᠬᠤ ᠶᠢ ᠳᠠᠮᠵᠢᠨ᠎ᠠ᠃ ᠠᠰᠢᠭ ᠬᠤᠨᠵᠢᠪᠣᠷᠢ ᠶᠢᠨ ᠪᠤᠰᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ | ᠳᠠᠩᠰᠠᠯᠠᠨ ᠬᠠᠮᠢᠶᠠᠷᠴᠤ ᠪᠦᠬᠦᠢ ᠪᠠᠶᠢᠭᠤᠯᠭ᠎ᠠ ᠶᠢᠨ ᠢᠶᠠᠨ ᠬᠠᠷᠢᠶᠠᠨ ᠳᠣᠲᠣᠷ᠎ᠠ ᠬᠠᠤᠯᠢ ᠶᠢᠨ ᠬᠥᠮᠦᠨ ᠤ ᠬᠢᠷᠢ ᠬᠡᠮ | ᠪᠦᠷᠢᠳᠤᠭᠡ ᠥᠬᠡᠶ ᠣᠯᠠᠨ ᠦᠢᠯᠡᠴᠢᠯᠡᠭᠡᠨ ᠤ ᠲᠣᠣᠷ ᠴᠡᠭ ᠢ ᠪᠠᠶᠢᠭᠤᠯᠵᠤ ᠪᠣᠯᠤᠨ᠎ᠠ᠃ ᠤᠯᠤᠰ ᠤᠨ ︿︿ | ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠵᠡᠷᠭᠡ ᠳᠡᠰ ᠢ ᠬᠤᠪᠢᠶᠠᠷᠢᠯᠠᠬᠤ ᠪᠠ ᠦᠨᠡᠯᠡᠨ ᠲᠣᠭᠲᠠᠭᠠᠬᠤ﹀﹀ | ᠪᠠᠷᠢᠮᠵᠢᠶ᠎ᠠ ᠶᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠠᠷᠭ᠎ᠠ︾ ᠶᠢ ᠲᠣᠭᠲᠠᠭᠠᠵᠤ᠂ | ᠦᠨᠡᠯᠡᠨ ᠲᠣᠭᠲᠠᠭᠠᠭᠰᠠᠨ ᠦᠷ᠎ᠡ ᠳ᠋ᠦᠩ ᠢ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠶᠢᠨ | ᠨᠥᠬᠦᠪᠥᠷᠢ ᠣᠯᠭᠤᠬᠤ ᠴᠢᠬᠤᠯᠠ ᠦᠨᠳᠦᠰᠦᠯᠡᠯ ᠪᠣᠯᠭᠠᠨ᠎ᠠ᠃ ︽ᠨᠠᠰᠤᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠦᠢᠯᠡᠴᠢᠯᠡᠭᠡᠨ ᠤ ᠠᠮᠤᠷ ᠲᠦᠪᠰᠢᠨ ᠤ ᠦᠨᠳᠦᠰᠦᠨ ᠵᠢᠷᠤᠮᠵᠢᠯ︾᠂ ︽ᠨᠠᠰᠤᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠶᠠᠰᠤ ᠴᠢᠨᠠᠷ ᠤᠨ ᠦᠨᠳᠦᠰᠦᠨ ᠵᠢᠷᠤᠮᠵᠢᠯ︾ ᠵᠡᠷᠭᠡ | ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶᠠᠨ ᠳᠤ ᠬᠦᠷᠦᠭᠦᠯᠬᠦ ᠠᠵᠢᠯ ᠢ ᠠᠬᠢᠭᠤᠯᠤᠨ᠎ᠠ᠃ ᠴᠢᠳᠠᠪᠤᠷᠢ ᠪᠠᠨ | ᠠᠯᠳᠠᠭᠰᠠᠨ ︵ᠣᠶᠤᠨ ᠤᠬᠠᠭᠠᠨ ᠢᠶᠠᠨ ᠠᠯᠳᠠᠭᠰᠠᠨ︶ ᠨᠠᠰᠤᠲᠠᠶᠢᠴᠤᠳ ᠢ ᠭᠥᠯᠢᠶᠡᠨ ᠠᠪᠴᠤ ᠰᠠᠭᠤᠯᠭᠠᠬᠤ ᠶᠢᠨ | ᠬᠠᠮᠲᠤ ᠡᠮᠴᠢᠯᠡᠭᠡ ᠰᠤᠪᠢᠯᠠᠯᠲᠠ ᠬᠠᠩᠭᠠᠭᠰᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠳᠡᠮᠵᠢᠬᠦ | ᠡᠷᠴᠢᠮ ᠢᠶᠠᠨ ᠴᠢᠩᠭᠠᠳᠬᠠᠨ᠎ᠠ᠃ ᠨᠡᠶᠢᠲᠡᠮ ᠬᠠᠷᠠᠭᠠᠯᠵᠠᠯ ᠦᠵᠡᠭᠦᠯᠬᠦ ᠨᠠᠰᠤᠵᠢᠯ ᠤᠨ ᠠᠰᠠᠷᠠᠮᠵᠢ ᠶᠢ ᠶᠡᠭᠡ ᠪᠠᠷ | ᠬᠥᠭᠵᠢᠭᠦᠯᠦᠭᠰᠡᠨ ᠤ ᠰᠠᠭᠤᠷᠢᠨ ᠳᠡᠭᠡᠷ᠎ᠡ᠂ ᠨᠡᠶᠢᠭᠡᠮ ᠤᠨ ᠬᠦᠴᠦᠨ ᠵᠠᠬ᠎ᠠ ᠳᠡᠯᠭᠡᠭᠦᠷ ᠤᠨ ᠬᠡᠷᠡᠭᠴᠡᠭᠡ ᠶᠢ | ᠦᠨᠳᠦᠰᠦᠯᠡᠨ ᠳᠤᠮᠳᠠ ᠥᠨᠳᠥᠷ ᠣᠷᠣᠯᠭ᠎ᠠ ᠲᠠᠢ ᠭᠡᠷ ᠪᠦᠯᠢ ᠳᠤ ᠬᠠᠨᠳᠤᠭᠤᠯᠤᠭᠰᠠᠨ ᠨᠠᠰᠤᠵᠢᠯ ᠤᠨ ᠦᠢᠯᠡᠴᠢᠯᠡᠭᠡᠨ | ᠤ ᠪᠠᠶᠢᠭᠤᠯᠤᠮᠵᠢ ᠡᠷᠬᠢᠯᠡᠬᠦ ᠶᠢ ᠵᠣᠷᠢᠭᠵᠢᠭᠤᠯᠵᠤ᠂ ᠬᠠᠷᠢ ᠭᠠᠵᠠᠷ ᠰᠠᠭᠤᠭ᠎ᠠ ᠬᠦᠮᠤᠰ ᠤᠨ ᠨᠠᠰᠤᠵᠢᠯ ᠤᠨ ᠠᠰᠠᠷᠠᠮᠵᠢ᠂ | ᠰᠣᠶᠣᠯ ᠤᠨ ᠨᠠᠰᠤᠵᠢᠯ ᠤᠨ ᠠᠰᠠᠷᠠᠮᠵᠢ᠂ ᠡᠷᠡᠭᠦᠯ ᠮᠡᠨᠳᠤ ᠶᠢᠨ ᠨᠠᠰᠤᠵᠢᠯ ᠤᠨ ᠠᠰᠠᠷᠠᠮᠵᠢ ᠵᠡᠷᠭᠡ ᠰᠢᠨ᠎ᠡ ᠪᠠᠷ | ᠬᠦᠭᠵᠢᠵᠤ ᠪᠠᠶᠢᠭ᠎ᠠ ᠡᠵᠡᠩᠨᠡᠯᠲᠡ ᠶᠢᠨ ᠬᠡᠯᠪᠡᠷᠢ ᠮᠠᠶ᠋ᠢᠭ ᠢ ᠬᠥᠭᠵᠢᠭᠦᠯᠵᠦ᠂ ᠣᠯᠠᠨ ᠡᠰᠢᠲᠠᠢ᠂ ᠳᠦᠭᠦᠮ ᠲᠦᠳᠡ᠂ | ᠥᠪᠡᠷᠮᠢᠴᠡ ᠣᠨᠴᠠᠯᠢᠭ ᠲᠠᠢ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠨ᠎ᠠ᠃ | ᠭᠤᠷᠪᠠ᠂ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠨ᠎ᠠ | ︵ᠳᠣᠯᠤᠭ᠎ᠠ︶ ᠡᠮᠴᠢᠯᠡᠭᠡ ᠡᠷᠡᠭᠦᠯᠵᠢᠯ ᠤᠨ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢ ᠪᠠᠨ | ᠳᠡᠭᠡᠭᠰᠢᠯᠡᠭᠦᠯᠤᠨ᠎ᠡ ᠃ ᠨᠠᠰᠤᠲᠠᠶᠢᠴᠤᠳ ᠢᠶᠠᠷ ᠭᠤᠣᠯᠳᠠᠯᠭ᠎ᠠ ᠪᠣᠯᠭᠠᠭᠰᠠᠨ ᠭᠡᠷ ᠪᠦᠯᠢ ᠶᠢᠨ ᠡᠮᠴᠢ ᠶᠢᠨ ᠭᠡᠷ᠎ᠡ | ᠲᠣᠭᠲᠠᠬᠤ ᠦᠢᠯᠡᠴᠢᠯᠡᠭᠡ ᠶᠢ ᠪᠦᠬᠦ ᠲᠠᠯ᠎ᠠ ᠪᠠᠷ ᠥᠷᠨᠢᠭᠦᠯᠵᠦ᠂ 2022 ᠣᠨ ᠪᠣᠯᠬᠤ ᠳᠤ ᠬᠡᠷ ᠪᠦᠯᠢ ᠶᠢᠨ | ᠡᠮᠴᠢ ᠶᠢᠨ ᠭᠡᠷᠡᠲᠦ ᠦᠢᠯᠡᠴᠢᠯᠡᠭᠡᠨ ᠢ 80% ᠠᠴᠠ ᠳᠡᠭᠡᠭᠰᠢᠬᠢ ᠴᠢᠳᠠᠪᠤᠷᠢ ᠪᠠᠨ ᠠᠯᠳᠠᠭᠰᠠᠨ ︵ᠣᠶᠤᠨ | ᠤᠬᠠᠭᠠᠨ ᠢᠶᠠᠨ ᠠᠯᠳᠠᠭᠰᠠᠨ︶ ᠨᠠᠰᠤᠲᠠᠶᠢᠴᠤᠳ ᠲᠤ ᠵᠣᠷᠢᠭᠤᠯᠤᠨ᠎ᠠ᠃ ᠨᠠᠰᠤᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠳᠣᠲᠣᠭᠠᠳᠤ ᠶᠢᠨ ᠡᠮᠴᠢᠯᠡᠭᠡᠨ ᠤ ᠲᠠᠰᠤᠭ ︵ᠥᠷᠲᠡᠭᠡ︶ ᠪᠠᠶᠢᠭᠤᠯᠬᠤ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠯᠤᠭ᠎ᠠ ᠭᠡᠷ᠎ᠡ ᠲᠣᠭᠲᠠᠬᠤ᠂ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠂ | ᠨᠠᠶᠢᠳᠠᠨ ᠡᠵᠡᠩᠨᠡᠭᠦᠯᠬᠦ ᠵᠡᠷᠭᠡ ᠠᠷᠭ᠎ᠠ ᠮᠠᠶ᠋ᠢᠭ ᠢᠶᠠᠷ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠴᠠ | ᠡᠮᠴᠢᠯᠡᠭᠡ ᠡᠷᠡᠭᠦᠯᠵᠢᠯ ᠤᠨ ᠨᠠᠰᠤᠵᠢᠯ ᠤᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢᠨ ᠡᠷᠬᠢᠯᠡᠭᠰᠡᠨ ᠪᠠ ᠳᠣᠲᠣᠭᠠᠳ᠋᠊ ᠳᠤ ᠪᠠᠨ ᠪᠠᠶᠢᠭᠤᠯᠤᠭᠰᠠᠨ ᠡᠮ ᠡᠮᠨᠡᠯᠭᠡ ᠶᠢᠨ | ᠪᠠᠶᠢᠭᠤᠯᠤᠮᠵᠢ ᠶᠢᠨ ᠣᠨᠴᠠᠯᠢᠭ ᠢ ᠦᠨᠳᠦᠰᠦᠯᠡᠨ᠂ ᠨᠥᠬᠦᠴᠡᠯ ᠳᠤ ᠨᠡᠶᠢᠴᠡᠬᠦ ᠶᠢ ᠨᠢ ᠲᠣᠭᠲᠠᠭᠠᠯ ᠶᠣᠰᠣᠭᠠᠷ ᠡᠮ | ᠡᠮᠨᠡᠯᠭᠡ ᠶᠢᠨ ᠳᠠᠭᠠᠳᠬᠠᠯ ᠤᠨ ᠬᠡᠯᠡᠯᠴᠡᠭᠡᠷ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠵᠤ᠂ ᠬᠡᠯᠡᠯᠴᠡᠭᠡᠷ | ᠬᠠᠮᠢᠶᠠᠷᠤᠯᠲᠠ ᠶᠢᠨ ᠲᠣᠭᠲᠠᠭᠠᠯ ᠢᠶᠠᠨ ᠲᠡᠭᠦᠯᠳᠡᠷᠵᠢᠭᠦᠯᠵᠤ᠂ ᠬᠠᠤᠯᠢ ᠶᠣᠰᠣᠭᠠᠷ ᠴᠢᠩᠭ᠎ᠠ ᠬᠢᠨᠠᠨ ᠬᠠᠮᠢᠶᠠᠷᠬᠤ | ᠬᠡᠷᠡᠭᠲᠡᠶ᠃ ᠨᠠᠰᠤᠵᠢᠯ ᠤᠨ ᠪᠠᠶᠢᠭᠤᠯᠤᠮᠵᠢ ᠬᠢᠭᠡᠳ ᠵᠥᠪᠳᠡᠯᠴᠡᠨ ᠬᠠᠮᠲᠤᠷᠠᠯᠴᠠᠬᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠨᠢ ᠡᠮᠨᠡᠯᠭᠡ ᠰᠢᠯᠵᠢᠭᠦᠯᠦᠨ ᠡᠮᠨᠡᠭᠦᠯᠬᠦ ᠰᠠᠭᠠᠳ ᠥᠬᠡᠶ ᠵᠠᠮ ᠢ ᠨᠡᠶᠢᠳᠡᠮ ᠨᠡᠭᠡᠭᠡᠵᠦ᠂ | 2020 ᠣᠨ ᠤ ᠡᠴᠦᠰ ᠪᠣᠯᠬᠤ ᠳᠤ ᠪᠣᠶ ᠪᠥᠬᠦᠶ ᠨᠠᠰᠤᠵᠢᠯ ᠤᠨ ᠪᠠᠶᠢᠭᠤᠯᠤᠮᠵᠢ ᠠᠳᠠᠯᠢ ᠪᠤᠰᠤ ᠬᠡᠯᠪᠡᠷᠢ ᠪᠠᠷ | ᠣᠷᠣᠵᠤ ᠰᠠᠭᠤᠬᠤ ᠨᠠᠰᠤᠲᠠᠶᠢᠴᠤᠳ ᠲᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠢ ᠬᠠᠩᠭᠠᠵᠤ ᠴᠢᠳᠠᠬᠤ | ᠪᠣᠯᠭᠠᠨ᠎ᠠ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠬᠤᠶᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ | ᠡᠮᠴᠢᠯᠡᠭᠡᠨ ᠤ ᠪᠠᠶᠢᠭᠤᠯᠤᠮᠵᠢ ᠡᠷᠬᠢᠯᠡᠬᠦ ( ᠲᠦᠷᠭᠡᠨ ᠠᠪᠤᠷᠠᠬᠤ ᠲᠥᠪ᠂ ᠲᠦᠷᠭᠡᠨ ᠠᠪᠤᠷᠠᠬᠤ ᠥᠷᠲᠡᠭᠡ᠂ | ᠡᠮᠴᠢᠯᠡᠭᠡᠨ ᠤ ᠰᠠᠯᠠᠭᠠᠨ ᠤ ᠪᠠᠶᠢᠴᠠᠭᠠᠬᠤ ᠲᠥᠪ᠂ ᠳᠤᠮᠳᠠᠳᠤ ᠭᠠᠳᠠᠭᠠᠳᠤ ᠶᠢᠨ ᠪᠡᠯᠡ ᠨᠡᠶᠢᠯᠡᠭᠦᠯᠦᠭᠰᠡᠨ | ᠬᠤᠷᠰᠢᠭᠰᠠᠨ ᠡᠮᠨᠡᠯᠭᠡ ᠶᠢᠨ ᠪᠠᠶᠢᠭᠤᠯᠤᠮᠵᠢ᠂ ᠰᠢᠶᠠᠩᠭᠠᠩ ᠣᠣᠮᠧᠨ ᠲᠠᠶᠢᠸᠠᠨ ᠤ ᠲᠤᠰᠠᠭᠠᠷ ᠪᠡᠯᠡ ᠣᠷᠣᠭᠤᠯᠤᠭᠰᠠᠨ | ᠡᠮᠴᠢᠯᠡᠭᠡᠨ ᠤ ᠪᠠᠶᠢᠭᠤᠯᠤᠮᠵᠢ ᠪᠠᠭᠲᠠᠬᠤ ᠦᠭᠡᠢ )᠂ ᠬᠢᠨᠠᠨ ᠵᠥᠪᠰᠢᠶᠡᠷᠡᠬᠦ ᠬᠢᠭᠡᠳ ᠠᠵᠢᠯ ᠡᠷᠬᠢᠯᠡᠬᠦ ᠳᠠᠩᠰᠠᠯᠠᠯ | ᠬᠢᠬᠦ ︿︿ᠬᠤᠶᠠᠷ ᠦᠨᠡᠮᠯᠡᠯ ᠢ ᠨᠢᠭᠡ ᠪᠣᠯᠭᠠᠨ﹀﹀ ᠪᠠᠶᠢᠷᠢᠯᠠᠭᠤᠯᠬᠤ ᠬᠡᠷᠡᠭᠲᠡᠶ᠃ ᠬᠤᠲᠠ ᠶᠢᠨ ᠢᠶᠠᠨ ᠬᠤᠶᠠᠳᠤᠭᠠᠷ | ᠳᠡᠰ ᠤᠨ ᠡᠮᠨᠡᠯᠭᠡ ᠶᠢᠨ ᠬᠤᠷᠢᠶ᠎ᠠ ᠪᠠᠨ ᠬᠤᠪᠢᠷᠠᠭᠤᠯᠬᠤ᠂ ᠰᠢᠨ᠎ᠡ ᠪᠠᠷ ᠪᠠᠶᠢᠭᠤᠯᠬᠤ ᠵᠡᠷᠭᠡ ᠣᠯᠠᠨ ᠵᠦᠢᠯ ᠤᠨ | ᠠᠷᠭ᠎ᠠ ᠮᠠᠶ᠋ᠢᠭ ᠢᠶᠠᠷ ᠨᠠᠰᠤᠲᠠᠶᠢᠴᠤᠳ ᠤᠨ ᠡᠮᠨᠡᠯᠭᠡ ᠶᠢᠨ ᠬᠤᠷᠢᠶ᠎ᠠ᠂ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ | ᠰᠤᠪᠢᠯᠠᠯᠲᠠ ᠶᠢᠨ ᠬᠦᠷᠢᠶᠡᠯᠡᠩ ᠵᠡᠷᠭᠡ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ | ᠪᠠᠶᠢᠭᠤᠯᠤᠮᠵᠢ ᠶᠢ ᠢᠳᠡᠪᠬᠢᠲᠡᠶ ᠪᠠᠷ ᠬᠥᠭᠵᠢᠭᠦᠯᠬᠦ ᠬᠡᠷᠡᠭᠲᠡᠶ᠃ ᠰᠤᠪᠢᠯᠠᠬᠤ ᠦᠢᠯᠡᠴᠢᠯᠡᠭᠡ ᠂ ᠬᠡᠷ ᠪᠦᠯᠢ ᠶᠢᠨ | ᠡᠪᠡᠳᠴᠢᠲᠡᠨ ᠤ ᠣᠷᠣ ᠶᠢ ᠨᠡᠶᠢᠭᠡᠮ ᠲᠣᠭᠤᠷᠢᠭ ᠲᠤ ᠣᠷᠣᠭᠤᠯᠤᠨ ᠳᠡᠯᠭᠡᠷᠡᠭᠦᠯᠵᠤ᠂ ᠬᠡᠷ ᠲᠡᠭᠡᠨ ᠰᠠᠭᠤᠭ᠎ᠠ | ᠨᠠᠰᠤᠲᠠᠶᠢᠴᠤᠳ ᠲᠤ ᠬᠡᠷ ᠲᠤᠨᠢ ᠬᠦᠷᠴᠦ ᠡᠮᠨᠡᠨ ᠰᠤᠪᠢᠯᠠᠬᠤ ᠦᠢᠯᠡᠴᠢᠯᠡᠭᠡ ᠬᠠᠩᠭᠠᠨ᠎ᠠ᠃ | ︵ᠨᠠᠢᠮᠠ︶ ᠣᠷᠳᠣ ᠬᠤᠭᠤᠴᠠᠭ᠎ᠠ ᠪᠠᠷ ᠰᠤᠪᠢᠯᠠᠬᠤ ᠪᠠᠲᠤᠯᠠᠭ᠎ᠠ ᠶᠢᠨ ᠰᠢᠰᠲ᠋ᠧᠮ ᠢ ᠰᠦᠪᠡᠭᠴᠢᠯᠡᠨ | ᠪᠠᠶᠢᠭᠤᠯᠤᠨ᠎ᠠ᠃ ᠤᠯᠤᠰ ᠤᠨ ᠨᠢᠭᠡᠳᠦᠯᠲᠡᠶ ᠪᠠᠶᠢᠷᠢᠯᠠᠭᠤᠯᠤᠯᠲᠠ ᠪᠠᠷ ᠤᠷᠲᠤ ᠬᠤᠭᠤᠴᠠᠭ᠎ᠠ ᠪᠠᠷ ᠰᠤᠪᠢᠯᠠᠬᠤ | ᠳᠠᠭᠠᠳᠬᠠᠯ ᠤᠨ ᠳᠦᠷᠢᠮ ᠤᠨ ᠲᠤᠷᠰᠢᠯᠲᠠ ᠬᠢᠵᠤ ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠰᠠᠯᠠᠯᠴᠠᠬᠤ᠂ | ᠬᠠᠷᠢᠭᠤᠴᠠᠯᠭ᠎ᠠ ᠶᠢ ᠬᠠᠮᠳᠤ ᠪᠠᠷ ᠡᠭᠦᠷᠭᠡᠯᠡᠬᠦ ᠪᠠᠯᠠ ᠬᠤᠷᠠᠮᠳᠤᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ | ᠡᠳ᠋ ᠤᠨ ᠵᠠᠰᠠᠭ᠂ ᠡᠮᠴᠢᠯᠡᠭᠡᠨ ᠤ ᠳᠠᠭᠠᠳᠬᠠᠯ᠂ ᠨᠢᠭᠦᠯᠡᠰᠦᠩᠭᠦᠶ ᠶᠢᠨ ᠦᠢᠯᠡᠰ ᠪᠠ ᠬᠤᠪᠢ ᠬᠥᠮᠦᠨ ᠤ | ᠰᠤᠶᠢᠳᠬᠡᠯ ᠲᠤᠰᠢᠶᠠᠬᠤ ᠶᠢ ᠬᠠᠷᠢᠯᠴᠠᠨ ᠤᠶᠠᠯᠳᠤᠭᠤᠯᠤᠭᠰᠠᠨ ᠣᠯᠠᠨ ᠡᠰᠢᠲᠦ ᠪᠠᠯᠠ ᠴᠤᠭᠯᠠᠭᠤᠯᠬᠤ ᠠᠷᠭ᠎ᠠ ᠮᠠᠶ᠋ᠢᠭ | ᠢᠶᠠᠨ ᠲᠡᠭᠦᠯᠳᠡᠷᠵᠢᠭᠦᠯᠦᠨ᠎ᠡ᠃ ᠤᠷᠲᠤ ᠬᠤᠭᠤᠴᠠᠭ᠎ᠠ ᠪᠠᠷ ᠰᠤᠪᠢᠯᠠᠬᠤ ᠳᠠᠭᠠᠳᠬᠠᠯ ᠤᠨ ᠳᠦᠷᠢᠮ ᠤᠨ | ᠬᠥᠭᠵᠢᠯᠲᠡ ᠶᠢ ᠥᠪᠡᠷᠲᠡᠭᠡᠨ ᠵᠠᠰᠠᠬᠤ ᠣᠷᠣᠨ ᠤ ︿︿ᠠᠷᠪᠠᠨ ᠳᠥᠷᠪᠡᠳᠦᠭᠡᠷ ᠲᠠᠪᠤᠨ ᠵᠢᠯ﹀﹀ ᠤᠨ ᠬᠠᠮᠢᠶ᠎ᠠ ᠪᠦᠬᠦᠢ | ᠲᠤᠰᠬᠠᠶ ᠲᠥᠯᠥᠪᠵᠢᠭᠦᠯᠭᠡ ᠳᠤ ᠣᠷᠣᠭᠤᠯᠵᠤ᠂ ᠣᠷᠳᠣ ᠬᠤᠭᠤᠴᠠᠭ᠎ᠠ ᠪᠠᠷ ᠰᠤᠪᠢᠯᠠᠬᠤ ᠳᠠᠭᠠᠳᠬᠠᠯ ᠤᠨ | ᠲᠦᠷᠢᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠰᠤᠪᠢᠯᠠᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯ | ᠡᠷᠬᠢᠯᠡᠭᠰᠡᠳ ᠤᠨ ᠡᠩᠨᠡᠭᠡᠨ ᠤ ᠪᠠᠶᠢᠭᠤᠯᠤᠯᠲᠠ ᠪᠠ ᠰᠤᠪᠢᠯᠠᠯᠲᠠ ᠶᠢᠨ ᠦᠢᠯᠡᠴᠢᠯᠡᠭᠡᠨ ᠤ ᠠᠵᠢᠯ ᠡᠷᠬᠢᠯᠡᠭᠰᠡᠳ ᠤᠨ | ᠠᠵᠢᠯ ᠮᠡᠷᠭᠡᠵᠢᠯ ᠤᠨ ᠪᠣᠯᠪᠠᠰᠤᠷᠠᠯ ᠤᠨ ᠡᠷᠴᠢᠮ ᠢ ᠴᠢᠩᠭᠠᠳᠬᠠᠨ ᠂ ᠠᠵᠢᠯ ᠮᠡᠷᠭᠡᠵᠢᠯ ᠤᠨ ᠪᠣᠯᠪᠠᠰᠤᠷᠠᠯ ᠤᠨ | ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠨᠠᠶᠢᠲᠠᠪᠤᠷᠢᠵᠢᠭᠤᠯᠵᠤ᠂ ᠤᠷᠲᠤ ᠬᠤᠭᠤᠴᠠᠭ᠎ᠠ | ᠪᠠᠷ ᠰᠤᠪᠢᠯᠠᠬᠤ ᠰᠤᠪᠢᠯᠠᠯᠲᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠬᠥᠮᠦᠵᠢᠭᠦᠯᠬᠦ ᠲᠣᠭᠲᠠᠴᠠ ᠶᠢ ᠠᠯᠬᠤᠮ | ᠠᠯᠬᠤᠮ ᠢᠶᠠᠷ ᠰᠦᠪᠡᠭᠴᠢᠯᠡᠨ ᠪᠠᠶᠢᠭᠤᠯᠬᠤ ᠬᠡᠷᠡᠭᠲᠡᠶ᠃ ᠬᠤᠳᠠᠯᠳᠤᠭᠠᠨ ᠤ ᠤᠷᠲᠤ ᠬᠤᠭᠤᠴᠠᠭᠠᠨ ᠤ | ᠰᠤᠪᠢᠯᠠᠯᠲᠠ ᠶᠢᠨ ᠳᠠᠭᠠᠳᠬᠠᠯ ᠢ ᠲᠦᠷᠭᠡᠳᠬᠡᠨ ᠬᠥᠭᠵᠢᠭᠦᠯᠵᠦ᠂ ᠬᠤᠳᠠᠯᠳᠤᠭᠠᠨ ᠤ ᠳᠠᠭᠠᠳᠬᠠᠯ ᠤᠨ | ᠪᠠᠶᠢᠭᠤᠯᠤᠮᠵᠢ ᠶᠢ ᠵᠢᠯᠣᠭᠤᠳᠴᠤ ᠪᠠᠶᠢᠭᠠᠳ ᠭᠡᠷ ᠤᠨ ᠰᠤᠪᠢᠯᠠᠯᠲᠠ᠂ ᠨᠡᠶᠢᠭᠡᠮ ᠲᠣᠭᠤᠷᠢᠭ ᠤᠨ ᠰᠤᠪᠢᠯᠠᠯᠲᠠ ᠵᠢᠴᠢ | ᠪᠠᠶᠢᠭᠤᠯᠤᠮᠵᠢ ᠤᠨ ᠰᠤᠪᠢᠯᠠᠯᠲᠠ ᠵᠡᠷᠭᠡ ᠳᠤ ᠳᠣᠬᠢᠷᠠᠬᠤ ᠣᠯᠠᠨ ᠵᠦᠢᠯ ᠤᠨ ᠰᠤᠪᠢᠯᠠᠯᠲᠠ ᠶᠢᠨ ᠬᠡᠷᠡᠭᠴᠡᠭᠡ ᠪᠦᠬᠦᠢ | ᠦᠢᠯᠡᠳᠭᠦᠨ ᠢ ᠰᠤᠳᠤᠯᠤᠨ ᠨᠡᠭᠡᠭᠡᠵᠤ ᠬᠥᠭᠵᠢᠭᠦᠯᠦᠨ᠎ᠡ᠃ | ︵ᠶᠢᠰᠤ︶ ᠨᠠᠰᠤᠵᠢᠯ ᠤᠨ ᠦᠢᠯᠡᠴᠢᠯᠡᠭᠡᠨ ᠤ ᠡᠩᠨᠡᠭᠡᠨ ᠤ ᠪᠠᠶᠢᠭᠤᠯᠤᠯᠲᠠ ᠪᠠᠨ ᠲᠡᠭᠦᠯᠳᠡᠷᠵᠢᠭᠦᠯᠤᠨ᠎ᠡ᠃ | ᠡᠯ᠎ᠡ ᠲᠥᠷᠥᠯ ᠤᠨ ᠳᠡᠭᠡᠳᠤ ᠰᠤᠷᠭᠠᠭᠤᠯᠢ ( ᠮᠡᠷᠭᠡᠵᠢᠯ ᠤᠨ ᠠᠵᠢᠯᠴᠢᠨ ᠤ ᠰᠤᠷᠭᠠᠭᠤᠯᠢ᠂ ᠮᠠᠰᠲ᠋ᠧᠷ ᠤᠨ ᠳᠡᠭᠡᠳᠤ | ᠰᠤᠷᠭᠠᠭᠤᠯᠢ ᠪᠠᠭᠲᠠᠨ᠎ᠠ ) ᠶᠢᠨ ᠨᠠᠰᠤᠵᠢᠯ ᠤᠨ ᠦᠢᠯᠡᠴᠢᠯᠡᠭᠡᠨ ᠤ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ | ᠰᠠᠯᠪᠤᠷᠢ ᠪᠠᠶᠢᠭᠤᠯᠬᠤ ᠶᠢ ᠳᠠᠮᠵᠢᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠨ ᠳᠤ 1+X | ᠦᠨᠡᠮᠯᠡᠯ ᠤᠨ ᠲᠦᠷᠢᠮ ᠤᠨ ᠲᠤᠷᠰᠢᠯᠲᠠ ᠬᠢᠨ᠎ᠡ᠃ ᠶᠡᠭᠡ ᠳᠡᠭᠡᠳᠦ ᠰᠤᠷᠭᠠᠭᠤᠯᠢ ᠬᠢᠭᠡᠳ ᠨᠠᠰᠤᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠥᠷᠨᠢᠭᠦᠯᠵᠤ᠂ | ᠬᠠᠨᠳᠤᠯᠭ᠎ᠠ ᠲᠠᠢ ᠬᠥᠮᠦᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠰᠤᠷᠤᠭᠴᠢᠳ ᠢ ᠲᠡᠳᠡᠨ ᠨᠠᠰᠤᠵᠢᠯ ᠤᠨ | ᠦᠢᠯᠡᠴᠢᠯᠡᠭᠡᠨ ᠤ ᠬᠠᠮᠢᠶ᠎ᠠ ᠪᠥᠬᠦᠶ ᠲᠤᠰᠬᠠᠶ ᠮᠡᠷᠭᠡᠵᠢᠯ ᠳᠤ ᠰᠤᠷᠤᠯᠴᠠᠭᠤᠯᠬᠤ ᠬᠡᠷᠡᠭᠲᠡᠶ᠃ ᠨᠠᠰᠤᠵᠢᠯ ᠤᠨ | ᠦᠢᠯᠡᠴᠢᠯᠡᠭᠡᠨ ᠤ ᠠᠵᠢᠯ ᠲᠥᠷᠥᠯ ᠤᠨ ᠨᠡᠶᠢᠭᠡᠮᠯᠢᠭ᠂ ᠪᠣᠯᠪᠠᠰᠤᠷᠠᠯ ᠤᠨ ᠪᠠᠶᠢᠭᠤᠯᠤᠮᠵᠢ ᠶᠢ ᠵᠣᠷᠢᠭᠵᠢᠭᠤᠯᠵᠤ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ | ᠳᠠᠩᠰᠠᠯᠠᠭᠤᠯᠤᠭᠰᠠᠨ ᠤ ᠳᠠᠷᠠᠭ᠎ᠠ᠂ ᠨᠠᠰᠤᠵᠢᠯ ᠤᠨ ᠦᠢᠯᠡᠴᠢᠯᠡᠭᠡᠨ ᠤ ᠰᠤᠪᠢᠯᠠᠭᠴᠢ ᠶᠢᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠶᠢ ᠥᠷᠨᠢᠭᠦᠯᠦᠨ᠎ᠡ᠃ ᠨᠠᠰᠤᠵᠢᠯ ᠤᠨ ᠦᠢᠯᠡᠴᠢᠯᠡᠭᠡᠨ | ᠰᠤᠪᠢᠯᠠᠭᠴᠢ ᠶᠢᠨ ᠪᠣᠯᠪᠠᠰᠤᠷᠠᠯ ᠢ ᠨᠠᠰᠤᠨ ᠲᠤᠷᠰᠢᠳᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠯ ᠤᠨ ᠰᠢᠰᠲ᠋ᠧᠮ ᠳᠤ ᠣᠷᠣᠭᠤᠯᠵᠤ᠂ ᠨᠥᠬᠦᠴᠡᠯ ᠳᠤ ᠨᠡᠶᠢᠴᠡᠬᠦ ᠬᠥᠮᠦᠰ ᠲᠤ ᠲᠣᠭᠲᠠᠭᠠᠯ ᠶᠣᠰᠣᠭᠠᠷ | ᠪᠣᠯᠪᠠᠰᠤᠷᠠᠯ ᠤᠨ ᠨᠥᠬᠦᠪᠥᠷᠢ ᠣᠯᠭᠤᠬᠤ ᠬᠡᠷᠡᠭᠲᠡᠶ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠴᠢᠳᠠᠪᠤᠷᠢᠲᠠᠨ ᠤ ᠪᠣᠯᠪᠠᠰᠤᠷᠠᠯ ᠢ ᠳᠡᠭᠡᠭᠰᠢᠯᠡᠭᠦᠯᠬᠦ ᠢᠨᠵᠧᠨᠧᠷᠢᠩ ᠢ ᠥᠷᠨᠢᠭᠦᠯᠵᠦ᠂ 2022 ᠣᠨ ᠤ ᠡᠴᠦᠰ | ᠪᠣᠯᠲᠠᠯ᠎ᠠ ᠪᠥᠬᠦ ᠣᠷᠣᠨ ᠳᠤ 1 ᠲᠦᠮᠡᠨ ᠨᠠᠰᠤᠵᠢᠯ ᠤᠨ ᠦᠢᠯᠡᠴᠢᠯᠡᠭᠡᠨ ᠤ ᠰᠤᠪᠢᠯᠠᠭᠴᠢ ᠂ ᠨᠠᠰᠤᠵᠢᠯ ᠤᠨ | ᠦᠢᠯᠡᠴᠢᠯᠡᠭᠡᠨ ᠤ ᠬᠦᠷᠢᠶᠡᠯᠡᠩ ᠤᠨ ᠬᠠᠷᠢᠭᠤᠴᠠᠯᠭᠠᠲᠠᠨ ᠪᠠ ᠨᠠᠰᠤᠲᠠᠶᠢᠴᠤᠳ ᠤᠨ ᠨᠡᠶᠢᠭᠡᠮ ᠤᠨ ᠠᠵᠢᠯᠲᠠᠨ ᠢ | ᠬᠥᠮᠦᠵᠢᠭᠦᠯᠬᠦ ᠪᠠᠷ ᠴᠢᠷᠮᠠᠶᠢᠨ᠎ᠠ᠃ | ︵ᠠᠷᠪᠠ︶ ᠨᠠᠰᠤᠵᠢᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ ᠳᠦᠯᠬᠢᠨ | ᠠᠬᠢᠭᠤᠯᠤᠨ᠎ᠠ᠃ ᠨᠠᠰᠤᠵᠢᠯ ᠤᠨ ᠦᠢᠯᠡᠴᠢᠯᠡᠭᠡᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠨᠠᠰᠤᠵᠢᠯ ᠤᠨ ᠦᠢᠯᠡᠴᠢᠯᠡᠭᠡᠨ ᠢ ᠪᠠᠷᠢᠮᠵᠢᠶᠠᠵᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ | ᠪᠠᠶᠢᠭᠤᠯᠤᠯᠲᠠ ᠶᠢᠨ ᠠᠵᠢᠯ ᠢ ᠥᠷᠨᠢᠭᠦᠯᠵᠦ᠂ ᠨᠠᠰᠤᠵᠢᠯ ᠤᠨ ᠦᠢᠯᠡᠴᠢᠯᠡᠭᠡᠨ ᠤ ᠣᠷᠣᠨ ᠨᠤᠲᠤᠭ ᠤᠨ | ᠪᠠᠷᠢᠮᠵᠢᠶ᠎ᠠ ᠶᠢ ᠲᠣᠭᠲᠠᠭᠠᠨ᠎ᠠ᠃ | ᠳᠥᠷᠪᠡ᠂ ᠨᠠᠰᠤᠵᠢᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ | ︵ᠠᠷᠪᠠᠨ ᠨᠢᠭᠡ︶ ᠨᠠᠰᠤᠵᠢᠯ ᠤᠨ ᠦᠢᠯᠡᠴᠢᠯᠡᠭᠡᠨ ᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ | ᠲᠦᠷᠭᠡᠳᠬᠡᠨ᠎ᠡ᠃ ᠨᠠᠰᠤᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ( ᠪᠠᠶᠢᠭᠤᠯᠤᠮᠵᠢ ) ᠵᠢᠴᠢ ᠬᠠᠤᠯᠢ ᠶᠢᠨ | ᠡᠷᠬᠡᠲᠡᠨ᠂ ᠠᠵᠢᠯᠲᠠᠨ ᠪᠠ ᠦᠢᠯᠡᠴᠢᠯᠡᠬᠦ ᠡᠲᠡᠭᠡᠳ ᠢ ᠬᠠᠮᠤᠷᠤᠭᠰᠠᠨ ᠠᠵᠢᠯ ᠲᠥᠷᠥᠯ ᠤᠨ ᠢᠲᠡᠭᠡᠮᠵᠢ ᠶᠢᠨ | ᠰᠢᠰᠲ᠋ᠧᠮ ᠢ ᠪᠠᠶᠢᠭᠤᠯᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠ ᠮᠡᠳᠡᠭᠡ ᠵᠠᠩᠭᠢ ᠶᠢ ᠢᠯᠡ ᠪᠣᠯᠭᠠᠬᠤ ᠶᠢ | ᠴᠢᠩᠭᠠᠳᠬᠠᠨ᠎ᠠ᠃ ᠨᠠᠰᠤᠵᠢᠯ ᠤᠨ ᠦᠢᠯᠡᠴᠢᠯᠡᠭᠡᠨ ᠤ ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠵᠤ | ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠢᠲᠡᠭᠡᠮᠵᠢ | ᠠᠯᠳᠠᠭᠰᠠᠨ ᠬᠤᠯᠪᠣᠭᠠᠯᠠᠨ ᠵᠠᠯᠬᠠᠭᠠᠵᠤ ᠴᠡᠭᠡᠷᠯᠡᠭᠦᠯᠬᠦ ᠡᠲᠡᠭᠡᠳ ᠤᠨ ᠨᠡᠷᠡᠰ ᠲᠤ ᠣᠷᠣᠭᠰᠠᠳ ᠢ ᠨᠠᠰᠤᠵᠢᠯ ᠤᠨ | ᠪᠠᠶᠢᠭᠤᠯᠤᠮᠵᠢ ᠵᠢᠴᠢ ᠦᠢᠯᠡᠴᠢᠯᠡᠭᠡᠨ ᠤ ᠠᠵᠤ ᠠᠬᠤᠶᠢᠯᠠᠯ ᠭᠤᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠬᠦ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠤᠯᠢ ᠪᠠᠷ ᠵᠠᠯᠬᠠᠭᠠᠨ ᠴᠡᠭᠡᠷᠯᠡᠭᠦᠯᠦᠨ᠎ᠡ᠃ | ︵ᠠᠷᠪᠠᠨ ᠬᠤᠶᠠᠷ︶ ᠨᠠᠰᠤᠵᠢᠯ ᠤᠨ ᠦᠢᠯᠡᠴᠢᠯᠡᠭᠡᠨ ᠤ ᠬᠠᠮᠲᠤᠷᠠᠭᠰᠠᠨ ᠬᠢᠨᠠᠨ ᠬᠠᠮᠢᠶᠠᠷᠬᠤ ᠲᠣᠭᠲᠠᠴᠠ ᠶᠢ | ᠪᠦᠷᠢᠨ ᠪᠣᠯᠭᠠᠨ᠎ᠠ᠃ ᠨᠠᠰᠤᠵᠢᠯ ᠤᠨ ᠦᠢᠯᠡᠴᠢᠯᠡᠭᠡᠨ ᠤ ᠬᠦᠷᠢᠶᠡᠨ ᠳᠠᠬᠢ ︿︿ ᠬᠤᠶᠠᠷ ᠳᠠᠰᠢᠷᠠᠮ᠂ ᠨᠢᠭᠡ ᠢᠯᠡ﹀﹀ | ᠶᠢᠨ ᠬᠠᠮᠲᠤᠷᠠᠭᠰᠠᠨ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠲᠣᠭᠲᠠᠭᠠᠯ ᠠᠴᠠ ᠵᠥᠷᠢᠴᠡᠭᠰᠡᠨ ᠨᠠᠰᠤᠵᠢᠯ ᠤᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠵᠤ | ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠤᠨ᠎ᠡ᠃ ᠨᠠᠰᠤᠵᠢᠯ ᠤᠨ ᠦᠢᠯᠡᠴᠢᠯᠡᠭᠡᠨ ᠤ ᠵᠠᠭᠠᠯᠳᠤᠵᠤ | ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠤᠷᠢᠯᠡᠬᠦ ᠲᠠᠪᠴᠠᠩ ᠢ ᠪᠠᠶᠢᠭᠤᠯᠵᠤ᠂ ᠣᠯᠠᠨ ᠨᠡᠶᠢᠲᠡ ᠶᠢᠨ | ᠨᠡᠶᠢᠭᠡᠮ ᠤᠨ ᠬᠢᠨᠠᠯᠲᠠ ᠳᠤ ᠣᠷᠣᠯᠴᠠᠬᠤ ᠠᠷᠭ᠎ᠠ ᠵᠠᠮ ᠪᠠ ᠬᠡᠯᠪᠡᠷᠢ ᠮᠠᠶ᠋ᠢᠭ ᠢ ᠥᠷᠭᠡᠳᠬᠡᠨ᠎ᠡ᠃ ᠨᠠᠰᠤᠵᠢᠯ ᠤᠨ | ᠦᠢᠯᠡᠴᠢᠯᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠣᠯᠵᠣᠨ ᠶᠠᠷᠢᠯᠴᠠᠬᠤ ᠲᠦᠷᠢᠮ ᠢ | ᠪᠠᠶᠢᠭᠤᠯᠤᠨ ᠲᠡᠭᠦᠯᠳᠡᠷᠵᠢᠭᠦᠯᠵᠦ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠨᠠᠰᠤᠵᠢᠯ ᠤᠨ | ᠦᠢᠯᠡᠴᠢᠯᠡᠭᠡᠨ ᠤ ᠬᠦᠷᠢᠶ᠎ᠡ ᠴᠠᠷᠠᠭᠠᠨ ᠳᠤ ᠬᠢ ᠬᠡᠷᠡᠭᠯᠡᠯᠲᠡ ᠶᠢ ᠨᠡᠮᠡᠭᠳᠡᠭᠦᠯᠤᠨ᠎ᠡ ᠃ | ᠲᠠᠪᠤ᠂ ᠨᠠᠰᠤᠵᠢᠯ ᠤᠨ ᠦᠢᠯᠡᠴᠢᠯᠡᠭᠡᠨ ᠤ ᠬᠥᠭᠵᠢᠯᠲᠡ ᠶᠢ ᠬᠢᠵᠠᠭᠠᠷᠯᠠᠬᠤ ᠪᠣᠭᠤᠮᠢ ᠶᠢ ᠠᠪᠴᠤ ᠬᠠᠶᠠᠨ᠎ᠠ | ︵ᠠᠷᠪᠠᠨ ᠭᠤᠷᠪᠠ︶ ᠨᠠᠰᠤᠵᠢᠯ ᠤᠨ ᠪᠠᠶᠢᠭᠤᠯᠤᠮᠵᠢ ᠶᠢ ᠪᠦᠷᠢᠳᠬᠡᠨ ᠳᠠᠩᠰᠠᠯᠠᠭᠤᠯᠤᠨ᠎ᠠ᠃ ᠠᠵᠢᠯ | ᠦᠢᠯᠡᠰ ᠤᠨ ᠨᠢᠭᠡᠴᠢ ᠶᠢᠨ ᠰᠢᠨᠵᠢ ᠴᠢᠨᠠᠷ ᠲᠠᠢ ᠨᠠᠰᠤᠵᠢᠯ ᠤᠨ ᠪᠠᠶᠢᠭᠤᠯᠤᠮᠵᠢ ᠶᠢ ᠡᠷᠬᠢᠯᠡᠵᠦ᠂ ᠬᠤᠰᠢᠭᠤ ᠰᠢᠶᠡᠨ ᠤ | ᠱᠠᠲᠤᠨ ᠠᠴᠠ ᠳᠡᠭᠡᠭᠰᠢᠬᠢ ᠪᠠᠶᠢᠭᠤᠯᠤᠮᠵᠢ ᠶᠢᠨ ᠣᠷᠣᠨ ᠲᠣᠭᠠᠨ ᠤ ᠰᠠᠯᠠᠭ᠎ᠠ ᠮᠥᠴᠢᠷ ᠲᠤ ᠬᠢᠨᠠᠨ ᠵᠦᠪᠰᠢᠶᠡᠷᠡᠭᠦᠯᠬᠦ | ᠪᠠ ᠳᠠᠩᠰᠠᠯᠠᠭᠤᠯᠬᠤ ᠭᠤᠶᠤᠴᠢᠯᠠᠯ ᠭᠠᠷᠭᠠᠯᠭᠠᠨ᠎ᠠ ᠃ ᠠᠰᠢᠭ ᠬᠤᠨᠵᠢᠪᠣᠷᠢ ᠶᠢᠨ ᠪᠤᠰᠤ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢ ᠪᠠᠶᠢᠭᠤᠯᠬᠤ ᠳᠤ ᠡᠷᠬᠡᠪᠰᠢ ᠬᠠᠤᠯᠢ ᠶᠣᠰᠣᠭᠠᠷ ᠵᠦᠢ ᠵᠣᠬᠢᠰᠲᠠᠢ ᠳᠡᠩᠰᠡᠯᠡᠯᠲᠡ | ᠬᠢᠯᠭᠡᠬᠦ ᠬᠡᠷᠡᠭᠲᠡᠶ᠃ ᠠᠰᠢᠭ ᠬᠤᠨᠵᠢᠪᠣᠷᠢ ᠶᠢᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ | ᠪᠠᠶᠢᠭᠤᠯᠬᠤ ᠳᠤ ᠡᠷᠬᠡᠪᠰᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ | ᠳᠠᠩᠰᠠᠯᠠᠭᠤᠯᠬᠤ ᠬᠡᠷᠡᠭᠲᠡᠶ᠃ ᠠᠰᠢᠭ ᠣᠯᠵᠠᠪᠤᠷᠢ ᠶᠢᠨ ᠪᠤᠰᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠭ᠎ᠠ | ᠳᠠᠩᠰᠠᠯᠠᠭᠤᠯᠬᠤ ᠳᠤ ᠪᠠᠨ ᠡᠷᠬᠡᠪᠰᠢ ᠨᠠᠰᠤᠲᠠᠶᠢᠴᠤᠳ ᠢ ᠭᠥᠯᠢᠶᠡᠨ ᠠᠪᠴᠤ ᠰᠠᠭᠤᠯᠭᠠᠭᠰᠠᠨ ᠤ ᠳᠠᠷᠠᠭᠠᠬᠢ 10 | ᠠᠵᠢᠯᠯᠠᠬᠤ ᠡᠳᠦᠷ ᠤᠨ ᠳᠣᠲᠣᠷ᠎ᠠ ᠳᠡᠩᠰᠡᠯᠡᠨ ᠬᠠᠮᠢᠶᠠᠷᠬᠤ ᠪᠠᠶᠢᠭᠤᠯᠭ᠎ᠠ ᠶᠢᠨ ᠠᠳᠠᠯᠢ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠠᠰᠢᠭ | ᠣᠯᠵᠠᠪᠤᠷᠢ ᠶᠢᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠠᠩᠰᠠᠯᠠᠭᠤᠯᠬᠤ ᠳᠤ ᠪᠠᠨ | ᠨᠠᠰᠦᠲᠠᠶᠢᠴᠤᠳ ᠢ ᠭᠥᠯᠢᠶᠡᠨ ᠠᠪᠴᠤ ᠰᠠᠭᠤᠯᠭᠠᠭᠰᠠᠨ ᠤ ᠳᠠᠷᠠᠭᠠᠬᠢ 10 ᠠᠵᠢᠯᠯᠠᠬᠤ ᠡᠳᠦᠷ ᠤᠨ ᠳᠣᠲᠣᠷ᠎ᠠ | ᠦᠢᠯᠡᠴᠢᠯᠡᠭᠡᠨ ᠤ ᠭᠠᠵᠠᠷ ᠪᠠᠶᠢᠭ᠎ᠠ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠳᠠᠩᠰᠠᠯᠠᠭᠤᠯᠬᠤ ᠮᠠᠲ᠋ᠧᠷᠢᠶᠠᠯ ᠳᠤ ᠳᠠᠩᠰᠠᠯᠠᠭᠤᠯᠬᠤ | ᠭᠤᠶᠤᠴᠢᠯᠠᠯ ᠤᠨ ᠪᠢᠴᠢᠭ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠳᠠᠩᠰᠠᠯᠠᠭᠰᠠᠨ ᠦᠨᠡᠮᠯᠡᠯ᠂ | ᠪᠠᠷᠢᠯᠭ᠎ᠠ᠂ ᠭᠠᠯ ᠤᠨᠲᠠᠷᠠᠭᠠᠬᠤ᠂ ᠢᠳᠡᠭᠡᠨ ᠤᠮᠳᠠᠭᠠᠨ ᠤ ᠠᠮᠤᠷ ᠲᠦᠪᠰᠢᠨ᠂ ᠡᠮ ᠡᠮᠨᠡᠯᠭᠡ ᠡᠷᠡᠭᠦᠯ ᠬᠠᠮᠠᠭᠠᠯᠠᠯ᠂ | ᠣᠨᠴᠠᠭᠠᠢ ᠲᠣᠨᠤᠭ ᠲᠥᠬᠦᠭᠡᠷᠦᠮᠵᠢ ᠵᠡᠷᠭᠡ ᠬᠠᠤᠯᠢ ᠴᠠᠭᠠᠵᠠ ᠳᠤ ᠨᠡᠶᠢᠴᠡᠭᠰᠡᠨ ᠠᠮᠠᠯᠠᠯᠲᠠ ᠶᠢᠨ ᠪᠢᠴᠢᠭ ᠵᠡᠷᠭᠡ | ᠮᠠᠲ᠋ᠧᠷᠢᠶᠠᠯ ᠢ ᠪᠠᠭᠲᠠᠭᠠᠬᠤ ᠶᠢᠨ ᠬᠠᠮᠲᠤ ᠲᠡᠭᠦᠨ ᠤ ᠦᠨᠡᠨ ᠪᠣᠳᠠᠲᠤ ᠴᠢᠨᠠᠷ ᠲᠤ ᠬᠠᠷᠢᠭᠤᠴᠠᠨ᠎ᠠ᠃ ᠳᠠᠩᠰᠠᠯᠠᠭᠤᠯᠬᠤ | ᠭᠤᠶᠤᠴᠢᠯᠠᠯ ᠤᠨ ᠪᠢᠴᠢᠭ ᠲᠤ ᠨᠠᠰᠤᠵᠢᠯ ᠤᠨ ᠪᠠᠶᠢᠭᠤᠯᠤᠮᠵᠢ ᠶᠢᠨ ᠦᠨᠳᠦᠰᠦᠨ ᠪᠠᠶᠢᠳᠠᠯ ︵ᠨᠡᠷᠡᠶᠢᠲᠤᠯ ᠂ ᠬᠠᠶ᠋ᠢᠭ᠂ | ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠤᠣᠯ ᠬᠠᠷᠢᠭᠤᠴᠠᠯᠭᠠᠲᠠᠨ ᠤ ᠮᠡᠳᠡᠭᠡ ᠵᠠᠩᠭᠢ︶᠂ | ᠦᠢᠯᠡᠴᠢᠯᠡᠭᠡᠨ ᠤ ᠲᠠᠯᠠᠪᠤᠷ ᠭᠠᠵᠠᠷ ᠤᠨ ᠡᠷᠬᠡ ᠮᠡᠳᠡᠯ᠂ ᠨᠠᠰᠤᠵᠢᠯ ᠤᠨ ᠦᠢᠯᠡᠴᠢᠯᠡᠭᠡᠨ ᠤ ᠣᠷᠣ ᠶᠢᠨ ᠲᠤᠭ᠎ᠠ᠂ | ᠦᠢᠯᠡᠴᠢᠯᠡᠭᠡᠨ ᠤ ᠳᠦᠬᠦᠭᠡᠷᠤᠮᠵᠢ ᠶᠢᠨ ᠲᠠᠯᠠᠪᠠᠶ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶ᠋ᠢᠭ | ᠵᠡᠷᠭᠡ ᠶᠢ ᠪᠠᠭᠲᠠᠭᠠᠨ᠎ᠠ᠃ | ( ᠠᠷᠪᠠᠨ ᠳᠦᠷᠪᠡ ) ᠨᠠᠰᠤᠵᠢᠯ ᠤᠨ ᠦᠢᠯᠡᠴᠢᠯᠡᠭᠡᠨ ᠤ ᠳᠦᠬᠦᠭᠡᠷᠤᠮᠵᠢ ᠶᠢᠨ ᠭᠠᠯ ᠰᠡᠷᠭᠡᠶᠢᠯᠡᠯᠲᠡ ᠶᠢᠨ | ᠬᠢᠨᠠᠨ ᠰᠢᠯᠭᠠᠬᠤ ᠪᠣᠭᠤᠮᠢ ᠶᠢ ᠲᠠᠶᠢᠯᠬᠤ ᠬᠡᠷᠡᠭᠲᠡᠶ᠃ ᠨᠠᠰᠤᠲᠠᠳ ᠢ ᠠᠰᠠᠷᠠᠬᠤ ᠬᠦᠷᠢᠶᠡᠯᠡᠩ ᠵᠢᠴᠢ ᠰᠤᠷᠭᠠᠭᠤᠯᠢ᠂ | ᠦᠢᠯᠡᠳᠪᠤᠷᠢ ᠶᠢᠨ ᠭᠡᠷ ᠪᠠᠶᠢᠰᠢᠩ᠂ ᠬᠤᠳᠠᠯᠳᠤᠭᠠᠨ ᠤ ᠲᠠᠯᠠᠪᠤᠷ ᠢ ᠠᠰᠢᠭᠯᠠᠨ ᠡᠷᠬᠢᠯᠡᠭᠰᠡᠨ ᠭᠠᠯ ᠰᠡᠷᠭᠡᠶᠢᠯᠡᠯᠲᠡ | ᠶᠢᠨ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠭᠰᠡᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ | ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠭᠠᠵᠠᠷ ᠰᠢᠷᠣᠶ ᠶᠢᠨ ᠲᠥᠯᠥᠪᠵᠢᠭᠦᠯᠪᠡ ᠵᠡᠷᠭᠡ ᠭᠠᠷ | ᠭᠦᠢᠴᠡᠳᠬᠡᠯ ᠬᠢᠭᠡᠳᠤᠢ ᠠᠴᠠ ᠪᠣᠯᠵᠤ ᠭᠠᠯ ᠰᠡᠷᠭᠡᠶᠢᠯᠡᠯᠲᠡ ᠶᠢᠨ ᠬᠢᠨᠠᠨ ᠰᠢᠯᠭᠠᠯᠲᠠ ᠶᠢ ᠲᠤᠭᠤᠯᠵᠤ ᠳᠡᠶᠢᠯᠤᠭᠡ | ᠦᠭᠡᠢ ᠶᠢ ᠨᠢ 2020 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠶᠢᠮᠠᠭ ᠬᠤᠲᠠ ᠶᠢᠨ | ᠠᠷᠠᠳ ᠤᠨ ᠶᠠᠪᠤᠳᠠᠯ ᠤᠨ ᠳᠣᠪᠴᠢᠶ᠎ᠠ ᠬᠤᠷᠢᠶᠠᠩᠭᠤᠶᠢᠯᠠᠭᠰᠠᠨ ᠤ ᠳᠠᠷᠠᠭ᠎ᠠ ᠠᠶᠢᠮᠠᠭ ᠤᠨ ᠵᠠᠬᠢᠷᠭ᠎ᠠ ᠪᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠦᠨ᠂ ︿︿ᠨᠡᠶᠢᠲᠡᠯᠢᠭ ᠤᠴᠢᠷ ᠢ ᠨᠢᠭᠡ ᠵᠥᠪᠯᠡᠬᠦ﹀﹀᠂ ︿︿ᠨᠢᠭᠡ | ᠬᠤᠷᠢᠶᠠᠨ ᠳᠤ ᠨᠢᠭᠡ ᠵᠦᠢᠯ ᠤᠨ ᠠᠷᠭ᠎ᠠ ᠪᠤᠳᠤᠯᠭ᠎ᠠ﹀﹀ ᠠᠪᠬᠤ ᠠᠷᠭ᠎ᠠ ᠮᠠᠶ᠋ᠢᠭ ᠢᠶᠠᠷ ᠶᠠᠷᠢᠯᠴᠠᠨ ᠰᠢᠢᠳᠪᠤᠷᠢᠯᠡᠨ᠎ᠡ ᠃ | | ︵ᠠᠷᠪᠠᠨ ᠲᠠᠪᠤ︶ ᠨᠠᠰᠤᠵᠢᠯ ᠤᠨ ᠦᠢᠯᠡᠴᠢᠯᠡᠭᠡᠨ ᠤ ᠳᠦᠬᠦᠭᠡᠷᠤᠮᠵᠢ ᠶᠢᠨ ᠬᠡᠷᠡᠭᠯᠡᠬᠦ ᠭᠠᠵᠠᠷ ᠤᠨ ᠬᠠᠩᠭᠠᠯᠲᠠ | ᠶᠢᠨ ᠪᠠᠲᠤᠯᠠᠭ᠎ᠠ ᠪᠠᠨ ᠴᠢᠩᠭᠠᠳᠬᠠᠨ᠎ᠠ᠃ ᠡᠯ᠎ᠡ ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠲᠥᠯᠥᠪᠵᠢᠭᠦᠯᠪᠡ ᠪᠠ ᠣᠨ ᠤ ᠪᠠᠨ ᠭᠠᠵᠠᠷ ᠬᠡᠷᠡᠭᠯᠡᠬᠦ ᠲᠥᠯᠥᠪᠯᠡᠭᠡ ᠳᠤ ᠣᠷᠣᠭᠤᠯᠵᠤ᠂ ᠭᠠᠵᠠᠷ | ᠬᠡᠷᠡᠭᠯᠡᠬᠦ ᠲᠥᠯᠥᠪᠯᠡᠭᠡ ᠶᠢᠨ ᠨᠠᠶᠢᠲᠠᠪᠤᠷᠢᠵᠢᠭᠤᠯᠤᠯᠲᠠ ᠶᠢ ᠦᠨᠡᠨᠬᠦ ᠪᠠᠲᠤᠯᠠᠬᠤ ᠬᠡᠷᠡᠭᠲᠡᠶ᠃ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠳᠦᠬᠦᠭᠡᠷᠤᠮᠵᠢ ᠳᠤ ᠬᠡᠷᠡᠭᠯᠡᠬᠦ ᠭᠠᠵᠠᠷ ᠨᠢ ᠰᠢᠨ᠎ᠡ ᠨᠡᠮᠡᠭᠰᠡᠨ ᠪᠦᠲᠦᠭᠡᠨ | ᠪᠠᠶᠢᠭᠤᠯᠤᠯᠲᠠ ᠶᠢᠨ ᠬᠡᠷᠡᠭᠯᠡᠬᠦ ᠭᠠᠵᠠᠷ ᠲᠠᠢ ᠬᠤᠯᠪᠣᠭᠳᠠᠪᠠᠯ᠂ ᠭᠠᠵᠠᠷ ᠰᠢᠷᠣᠶ ᠶᠢ ᠠᠰᠢᠭᠯᠠᠬᠤ ᠣᠨ ᠤ | ᠲᠥᠯᠥᠪᠯᠡᠭᠡ ᠶᠢᠨ ᠭᠦᠢᠴᠡᠳᠬᠡᠬᠦ ᠲᠣᠭᠠᠨ ᠠᠴᠠ ᠤᠷᠢᠳ ᠢᠶᠠᠷ ᠲᠣᠬᠢᠷᠠᠭᠤᠯᠬᠤ ᠬᠡᠷᠡᠭᠲᠡᠶ᠃ ᠠᠰᠢᠭ | ᠣᠯᠵᠠᠪᠤᠷᠢ ᠶᠢᠨ ᠪᠤᠰᠤ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠡᠷᠬᠢᠯᠡᠬᠦ ᠭᠡᠪᠡᠯ ᠠᠷᠠᠳ ᠠᠴᠠ | ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠳᠠᠩᠰᠠᠯᠠᠭᠤᠯᠤᠭᠰᠠᠨ ᠦᠨᠡᠮᠯᠡᠯ ᠪᠣᠯᠤᠨ ᠪᠤᠰᠤᠳ | ᠬᠠᠤᠯᠢ ᠪᠠᠷ ᠲᠣᠭᠲᠠᠭᠠᠭᠰᠠᠨ ᠮᠠᠲ᠋ᠧᠷᠢᠶᠠᠯ ᠢᠶᠠᠷ ᠢᠶᠠᠨ ᠭᠠᠵᠠᠷ ᠬᠠᠩᠭᠠᠬᠤ ᠭᠤᠶᠤᠴᠢᠯᠠᠯ ᠭᠠᠷᠭᠠᠵᠤ ᠪᠣᠯᠤᠨ᠎ᠠ᠃ | ᠠᠰᠢᠭ ᠣᠯᠵᠠᠪᠤᠷᠢ ᠶᠢᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠦᠯᠡᠳᠡᠭᠰᠡᠨ ᠭᠠᠵᠠᠷ ᠢ ᠠᠰᠢᠭᠯᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠥᠬᠦᠭᠡᠷᠦᠮᠵᠢ ᠶᠢ ᠪᠠᠶᠢᠭᠤᠯᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ | ᠬᠢᠮᠳᠠ ᠪᠠᠷ ᠬᠤᠳᠠᠯᠳᠤᠬᠤ ( ᠲᠦᠷᠢᠶᠡᠰᠤᠯᠡᠬᠦ ) ᠪᠤᠶᠤ ᠰᠢᠯᠵᠢᠭᠦᠯᠬᠦ ᠳᠤ ᠬᠤᠯᠪᠣᠭᠳᠠᠭᠰᠠᠨ ᠪᠠᠶᠢᠪᠠᠯ ᠤᠤᠯ ᠤᠨ | ᠭᠠᠵᠠᠷ ᠰᠢᠷᠣᠢ ᠶᠢᠨ ᠬᠡᠷᠡᠭᠯᠡᠭᠡ ᠨᠢ ᠲᠥᠯᠥᠪᠵᠢᠭᠦᠯᠭᠡ ᠳᠤ ᠨᠡᠶᠢᠴᠡᠭᠰᠡᠨ ᠤᠷᠢᠲᠠᠯ ᠳᠣᠣᠷ᠎ᠠ᠂ ᠭᠠᠵᠠᠷ ᠰᠢᠷᠣᠶ ᠶᠢ | ᠬᠢᠮᠳᠠ ᠪᠠᠷ ᠬᠤᠳᠠᠯᠳᠤᠭᠰᠠᠨ ᠮᠥᠩᠭᠦ ( ᠲᠦᠷᠢᠶᠡᠰᠦᠨ ᠮᠥᠩᠭᠦ ) ᠶᠢ ᠨᠥᠬᠦᠨ ᠳᠤᠰᠢᠶᠠᠯᠭᠠᠵᠤ᠂ ᠬᠢᠮᠳᠠ | ᠪᠠᠷ ᠬᠤᠳᠠᠯᠳᠤᠭᠰᠠᠨ ᠪᠤᠶᠤ ᠲᠦᠷᠢᠶᠡᠰᠦᠯᠡᠭᠰᠡᠨ ᠭᠠᠷᠳᠠᠮ ᠭᠦᠢᠴᠡᠳᠬᠡᠬᠦ ᠬᠡᠷᠡᠭᠲᠡᠶ᠃ | ( ᠠᠷᠪᠠᠨ ᠵᠢᠷᠭᠤᠭ᠎ᠠ ) ᠨᠠᠰᠤᠵᠢᠯ ᠤᠨ ᠦᠢᠯᠡᠴᠢᠯᠡᠭᠡᠨ ᠤ ᠳᠦᠬᠦᠭᠡᠷᠤᠮᠵᠢ ᠶᠢᠨ ᠲᠥᠯᠥᠪᠵᠢᠭᠦᠯᠭᠡ ᠶᠢᠨ | ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ ᠃ ᠨᠡᠶᠢᠭᠡᠮ ᠲᠣᠭᠤᠷᠢᠭ ᠤᠨ | ᠨᠠᠰᠤᠵᠢᠯ ᠤᠨ ᠦᠢᠯᠡᠴᠢᠯᠡᠭᠡᠨ ᠤ ᠳᠦᠬᠦᠭᠡᠷᠤᠮᠵᠢ ᠶᠢ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠢᠵᠢ | ᠪᠦᠷᠢᠳᠦᠭᠦᠯᠬᠦ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ ᠣᠷᠣᠭᠤᠯᠬᠤ ᠬᠡᠷᠡᠭᠲᠡᠶ᠃ | ︿︿ᠬᠤᠲᠠ ᠶᠢᠨ ᠣᠷᠣᠨ ᠰᠠᠭᠤᠴᠠ ᠶᠢᠨ ᠲᠣᠭᠤᠷᠢᠭ ᠤᠨ ᠲᠥᠯᠥᠪᠵᠢᠭᠦᠯᠭᠡ ᠶᠢᠨ ᠵᠢᠷᠤᠭ ᠲᠦᠯᠣᠪᠯᠡᠭᠡᠨ ᠤ | ᠪᠠᠷᠢᠮᠵᠢᠶ᠎ᠠ﹀﹀ ( GB50180 — 2018 ) ᠶᠢᠨ ᠲᠣᠭᠲᠠᠭᠠᠯ ᠢᠶᠠᠷ ᠠᠷᠪᠠᠨ ᠲᠠᠪᠤᠨ ᠮᠢᠨᠦ᠋ᠲ ᠤᠨ | ᠠᠮᠢᠳᠤᠷᠠᠯ ᠤᠨ ᠰᠠᠭᠤᠭᠠᠯᠢ ᠲᠣᠭᠤᠷᠢᠭ ᠪᠣᠯᠤᠨ ᠠᠷᠪᠠᠨ ᠮᠢᠨᠦ᠋ᠲ ᠤᠨ ᠠᠮᠢᠳᠤᠷᠠᠯ ᠤᠨ ᠰᠠᠭᠤᠭᠠᠯᠢ ᠲᠣᠭᠤᠷᠢᠭ | ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠲᠦᠯᠣᠪᠵᠢᠭᠦᠯᠭᠡ ᠳᠤ 3500 ︱ 22000 ᠲᠡᠭᠰᠢ | ᠳᠥᠷᠪᠡᠯᠵᠢᠨ ᠮᠧᠲᠷ ᠪᠦᠬᠦᠢ ᠨᠠᠰᠤᠲᠠᠳ ᠢ ᠠᠰᠠᠷᠠᠬᠤ ᠬᠦᠷᠢᠶᠡᠯᠡᠩ ᠪᠠᠶᠢᠭᠤᠯᠬᠤ ᠪᠠ 1750 —22000 | ᠲᠡᠭᠰᠢ ᠳᠥᠷᠪᠡᠯᠵᠢᠨ ᠮᠧᠲᠷ ᠪᠦᠬᠦᠢ ᠨᠠᠰᠤᠲᠠᠶᠢᠴᠤᠳ ᠤᠨ ᠠᠰᠠᠷᠠᠯᠲᠠ ᠰᠤᠪᠢᠯᠠᠯᠲᠠ ᠶᠢᠨ ᠬᠦᠷᠢᠶᠡᠯᠡᠩ ᠪᠠᠶᠢᠭᠤᠯᠵᠤ | ᠪᠣᠯᠤᠨ᠎ᠠ᠃ ᠲᠠᠪᠤᠨ ᠮᠢᠨᠦ᠋ᠲ ᠤᠨ ᠠᠮᠢᠳᠤᠷᠠᠯ ᠤᠨ ᠰᠠᠭᠤᠭᠠᠯᠢ ᠲᠣᠭᠤᠷᠢᠭ ᠤᠨ ᠢᠵᠢ ᠪᠦᠷᠢᠳᠦᠭᠦᠯᠬᠦ | ᠳᠦᠬᠦᠭᠡᠷᠤᠮᠵᠢ ᠶᠢᠨ ᠲᠥᠯᠥᠪᠵᠢᠭᠦᠯᠭᠡ ᠳᠤ ᠪᠠᠷᠢᠯᠭ᠎ᠠ ᠶᠢᠨ ᠲᠠᠯᠠᠪᠠᠶ ᠨᠢ 350 ︱ 750 ᠺᠦᠸᠠᠳ᠋ ᠮᠧᠲᠷ ᠪᠥᠬᠦᠶ | ᠨᠠᠰᠤᠲᠠᠶᠢᠴᠤᠳ ᠤᠨ ᠡᠳᠦᠷ ᠢᠶᠠᠷ ᠠᠰᠠᠷᠠᠨ ᠬᠠᠷᠠᠭᠠᠯᠵᠠᠬᠤ ᠲᠥᠪ ︵ᠨᠠᠰᠤᠲᠠᠳ ᠢ ᠠᠰᠠᠷᠠᠬᠤ ᠭᠠᠵᠠᠷ︶ ᠵᠡᠷᠭᠡ | ᠨᠠᠰᠤᠵᠢᠯ ᠤᠨ ᠦᠢᠯᠡᠴᠢᠯᠡᠭᠡᠨ ᠤ ᠳᠦᠬᠦᠭᠡᠷᠤᠮᠵᠢ ᠶᠢ ᠳᠣᠭᠢᠷᠠᠭᠤᠯᠵᠤ᠂ ᠨᠠᠰᠤᠲᠠᠶᠢᠴᠤᠳ ᠤᠨ ᠣᠷᠣᠰᠢᠨ | ᠰᠠᠭᠤᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠢ ᠳᠡᠰ ᠳᠡᠪᠰᠢᠭᠦᠯᠤᠨᠡ᠃ ︽ᠳᠥᠷᠪᠡ ᠶᠢ ᠵᠡᠷᠭᠡᠪᠡᠷ | ᠬᠡᠷᠡᠭᠵᠢᠭᠦᠯᠬᠦ︾ ︵ᠵᠡᠷᠬᠡ ᠪᠠᠷ ᠲᠥᠯᠥᠪᠵᠢᠭᠦᠯᠬᠦ᠂ ᠵᠡᠷᠭᠡᠪᠡᠷ ᠪᠠᠶᠢᠭᠤᠯᠬᠤ᠂ ᠵᠡᠷᠭᠡᠪᠡᠷ ᠰᠢᠯᠭᠠᠨ ᠬᠤᠷᠢᠶᠠᠬᠤ᠂ ᠵᠡᠷᠬᠡ | ᠪᠠᠷ ᠲᠤᠰᠢᠶᠠᠨ ᠬᠡᠷᠡᠭᠯᠡᠭᠦᠯᠬᠦ︶ ᠠᠵᠢᠯ ᠤᠨ ᠲᠦᠷᠢᠮ ᠢ ᠲᠡᠭᠦᠯᠳᠡᠷᠵᠢᠭᠦᠯᠦᠨ᠂ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠤᠨ ︿︿ᠳᠦᠷᠪᠡ ᠶᠢ ᠵᠡᠷᠬᠡ ᠪᠠᠷ ᠬᠡᠷᠡᠭᠵᠢᠭᠦᠯᠬᠦ﹀﹀ ᠤᠨ ᠳᠤᠮᠳᠠᠬᠢ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠥᠮᠴᠢᠯᠡᠬᠦ ᠡᠷᠬᠡ ᠶᠢ ᠨᠢᠭᠡᠨᠲᠡ ᠲᠤᠰᠢᠶᠠᠨ ᠦᠭᠭᠦᠭᠰᠡᠨ ᠨᠠᠰᠤᠵᠢᠯ ᠤᠨ ᠦᠢᠯᠡᠴᠢᠯᠡᠭᠡᠨ ᠤ | ᠳᠦᠬᠦᠭᠡᠷᠤᠮᠵᠢ ᠳᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠢᠨᠠᠨ ᠬᠠᠮᠢᠶᠠᠷᠬᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠨ᠂ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠶᠢ ᠪᠠᠲᠤᠯᠠᠬᠤ ᠬᠡᠷᠡᠭᠲᠡᠶ᠃ | 2022 ᠣᠨ ᠪᠣᠯᠬᠤ ᠳᠤ ᠪᠥᠬᠦ ᠣᠷᠣᠨ ᠤ ᠡᠯ᠎ᠡ ᠭᠠᠵᠠᠷ ᠤᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ | ᠲᠣᠭᠤᠷᠢᠭ ᠲᠤ ᠨᠠᠰᠤᠵᠢᠯ ᠤᠨ ᠦᠢᠯᠡᠴᠢᠯᠡᠭᠡᠨ ᠤ ᠳᠦᠬᠦᠭᠡᠷᠤᠮᠵᠢ ᠶᠢ 100% ᠳᠤ ᠬᠦᠷᠦᠭᠦᠯᠦᠨ᠎ᠡ᠃ ᠣᠯᠠᠨ | ᠨᠡᠶᠢᠲᠡ ᠶᠢᠨ ᠭᠠᠵᠠᠷ ᠳᠦᠬᠦᠷᠵᠢᠭᠦᠯᠤᠨ ᠪᠠᠶᠢᠭᠤᠯᠬᠤ ᠨᠠᠰᠤᠵᠢᠯ ᠤᠨ ᠦᠢᠯᠡᠴᠢᠡᠯᠭᠡᠨ ᠤ ᠳᠦᠬᠦᠭᠡᠷᠤᠮᠵᠢ ᠶᠢ | ᠬᠤᠪᠢᠶᠠᠷᠢᠯᠠᠨ ᠰᠠᠯᠭᠠᠵᠤ ᠬᠡᠷᠡᠭᠯᠡᠬᠦ ᠭᠠᠵᠠᠷ ᠤᠨ ᠬᠢᠨᠢ ᠨᠡᠷ᠎ᠡ ᠪᠠᠷ ᠬᠤᠪᠢᠶᠠᠷᠢᠯᠠᠨ ᠰᠠᠯᠭᠠᠵᠤ ᠬᠡᠷᠡᠭᠯᠡᠬᠦ ᠭᠠᠵᠠᠷ | ᠬᠠᠩᠭᠠᠬᠤ ᠪᠣᠯᠤᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠦᠬᠦᠭᠡᠷᠤᠮᠵᠢ ᠶᠢᠨ ᠪᠦᠬᠦ ᠲᠤᠭ᠎ᠠ ᠨᠢ | ᠬᠦᠷᠦᠯᠴᠡᠬᠦ ᠦᠭᠡᠢ ᠪᠤᠶᠤ ᠲᠥᠯᠥᠪᠵᠢᠭᠦᠯᠭᠡ ᠠᠴᠠ ᠬᠤᠵᠢᠮᠳᠠᠭᠰᠠᠳ ᠢ ᠡᠷᠬᠡᠪᠰᠢ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠶᠡᠷᠤᠩᠬᠡᠢ ᠲᠥᠯᠥᠪᠵᠢᠭᠦᠯᠭᠡ ᠶᠢ ᠳᠣᠭᠲᠠᠭᠠᠬᠤ ᠪᠤᠶᠤ ᠵᠠᠰᠠᠪᠤᠷᠢ ᠣᠷᠣᠭᠤᠯᠬᠤ ᠦᠶ᠎ᠡ ᠳᠤ | ᠭᠦᠢᠴᠡᠭᠡᠬᠦ ᠬᠡᠷᠡᠭᠲᠡᠶ᠃ 2022 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠨᠥᠬᠦᠴᠡᠯ ᠲᠠᠢ ᠬᠤᠰᠢᠭᠤ ᠰᠢᠶᠠᠨ | ︵ᠬᠤᠲᠠ᠂ ᠲᠣᠭᠤᠷᠢᠭ︶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠦᠬᠦᠭᠡᠷᠤᠮᠵᠢ ᠶᠢᠨ ᠲᠤᠰᠬᠠᠶ | ᠲᠥᠯᠥᠪᠵᠢᠭᠦᠯᠭᠡ ᠶᠢ ᠳᠣᠭᠲᠠᠭᠠᠬᠤ ᠠᠵᠢᠯ ᠢᠶᠠᠨ ᠪᠡᠶᠡᠯᠡᠭᠦᠯᠵᠦ᠂ ᠲᠤᠰᠬᠠᠶ ᠳᠦᠯᠣᠪᠵᠢᠭᠦᠯᠭᠡ ᠶᠢᠨ ᠦᠷ᠎ᠡ | ᠪᠦᠲᠦᠭᠡᠯ ᠢᠶᠠᠨ ᠠᠳᠠᠯᠢ ᠱᠠᠲᠤᠨ ᠤ ᠤᠯᠤᠰ ᠤᠨ ᠭᠠᠵᠠᠷ ᠰᠢᠷᠣᠢ ᠤᠨ ᠣᠷᠣᠨ ᠵᠠᠶ ᠶᠢᠨ ᠦᠨᠳᠤᠰᠤᠨ ᠮᠡᠳᠡᠭᠡ | ᠵᠠᠩᠭᠢ ᠶᠢᠨ ᠲᠠᠪᠴᠠᠩ ᠳᠤ ᠨᠡᠮᠡᠨ ᠣᠷᠣᠭᠤᠯᠵᠤ᠂ ᠤᠯᠤᠰ ᠤᠨ ᠦᠮᠴᠢᠯᠡᠯ ᠤᠨ ᠭᠠᠵᠠᠷ ᠰᠢᠷᠣᠢ ᠤᠨ ᠣᠷᠣᠨ | ᠵᠠᠶ ᠶᠢᠨ ᠲᠦᠯᠣᠪᠵᠢᠭᠦᠯᠭᠡ ᠶᠢᠨ ︽ᠨᠢᠭᠡ ᠵᠢᠷᠤᠭ︾ ᠲᠤ ᠨᠡᠮᠡᠵᠤ᠂ ᠲᠤᠰᠬᠠᠶ ᠲᠥᠯᠥᠪᠵᠢᠭᠦᠯᠭᠡ ᠶᠢᠨ ᠭᠤᠣᠯ | ᠠᠭᠤᠯᠭ᠎ᠠ ᠶᠢ ᠨᠠᠷᠢᠨ ᠲᠥᠯᠥᠪᠵᠢᠭᠦᠯᠭᠡ ᠳᠤ ᠣᠷᠣᠭᠤᠯᠤᠨ᠎ᠠ ᠃ | ᠵᠢᠷᠭᠤᠭ᠎ᠠ᠂ ᠨᠠᠰᠤᠵᠢᠯ ᠤᠨ ᠦᠢᠯᠡᠴᠢᠯᠡᠭᠡᠨ ᠤ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ | ︵ᠠᠷᠪᠠᠨ ᠳᠣᠯᠤᠭ᠎ᠠ︶ ᠨᠠᠰᠤᠲᠠᠶᠢᠴᠤᠳ ᠤᠨ ᠴᠢᠨᠠᠷ ᠰᠠᠶᠢᠲᠠᠶ ᠬᠡᠷᠡᠭᠯᠡᠭᠡᠨ ᠤ ᠦᠢᠯᠡᠳᠭᠦᠨ ᠤ | ᠬᠠᠩᠭᠠᠯᠭ᠎ᠠ ᠶᠢ ᠦᠷᠭᠡᠳᠬᠡᠨ᠎ᠡ᠃ ᠨᠠᠰᠤᠲᠠᠶᠢᠴᠤᠳ ᠤᠨ ᠴᠢᠳᠠᠮᠵᠢ ᠶᠢ ᠣᠷᠣᠯᠠᠬᠤ ᠦᠢᠯᠡᠳᠭᠦᠨ ᠤ ᠬᠦᠭᠵᠢᠯᠲᠡ ᠶᠢ | ᠲᠦᠷᠭᠡᠳᠬᠡᠨ᠂ ᠬᠠᠤᠯᠢ ᠪᠠᠷ ᠨᠠᠰᠤᠲᠠᠶᠢᠴᠤᠳ ᠤᠨ ᠠᠯᠬᠤᠵᠤ ᠶᠠᠪᠤᠬᠤ᠂ ᠤᠬᠢᠶᠠᠵᠤ ᠴᠡᠪᠡᠷᠯᠡᠬᠦ᠂ ᠬᠤᠭᠤᠯᠠ | ᠤᠮᠳᠠ ᠳᠦᠬᠦᠭᠡᠷᠬᠦ ᠵᠡᠷᠭᠡ ᠳᠤ ᠬᠠᠪᠰᠤᠷᠤᠮᠵᠢ ᠪᠣᠯᠬᠤ ᠣᠨᠴᠠ ᠦᠢᠯᠡᠳᠤᠭ᠍ᠰᠡᠨ ᠲᠤᠰᠠᠯᠠᠬᠤ ᠪᠠᠭᠠᠵᠢ ᠶᠢᠨ | ᠦᠢᠯᠡᠳᠭᠦᠨ ᠢ ᠨᠡᠭᠡᠭᠡᠨ ᠦᠢᠯᠡᠳᠪᠤᠷᠢᠯᠡᠬᠦ ᠶᠢ ᠵᠣᠷᠢᠭᠵᠢᠭᠤᠯᠤᠨ᠎ᠠ᠃ ᠨᠠᠰᠤᠲᠠᠶᠢᠴᠤᠳ ᠤᠨ ᠡᠷᠡᠭᠦᠯᠵᠢᠯ ᠳᠤ | ᠳᠤᠰᠠᠲᠠᠢ ᠪᠠᠭᠠᠵᠢ ᠬᠡᠷᠡᠭᠰᠡᠯ ᠢ ᠳᠣᠭᠢᠷᠠᠭᠤᠯᠬᠤ᠂ ᠲᠦᠷᠢᠶᠡᠰᠦᠯᠡᠭᠦᠯᠬᠦ᠂ ᠡᠭᠡᠭᠦᠯᠦᠨ ᠬᠤᠷᠢᠶᠠᠬᠤ ᠪᠠ ᠪᠠᠯᠠ | ᠣᠷᠣᠭᠤᠯᠤᠨ ᠲᠦᠷᠢᠶᠡᠰᠦᠯᠡᠬᠦ ᠦᠢᠯᠡᠴᠢᠯᠡᠭᠡ ᠶᠢ ᠥᠷᠨᠢᠭᠦᠯᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ | ᠬᠤᠲᠠ ᠬᠥᠳᠡᠭᠡ ᠶᠢᠨ ᠨᠡᠶᠢᠭᠡᠮ ᠲᠣᠭᠤᠷᠢᠭ ᠲᠤ ᠡᠷᠡᠭᠦᠯᠵᠢᠯ ᠳᠤ ᠳᠤᠰᠠᠲᠠᠢ ᠪᠠᠭᠠᠵᠢ ᠬᠡᠷᠡᠭᠰᠡᠯ ᠢ ᠳᠣᠭᠢᠷᠠᠭᠤᠯᠬᠤ | ᠦᠢᠯᠡᠴᠢᠯᠡᠭᠡᠨ ︵ᠲᠦᠷᠢᠶᠡᠰᠦᠯᠡᠬᠦ︶ ᠥᠷᠲᠡᠭᠡ ᠴᠡᠭ ᠪᠠᠶᠢᠭᠤᠯᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ | ᠣᠶᠤᠨᠴᠢ ᠨᠠᠰᠤᠵᠢᠯ ᠤᠨ ᠠᠰᠠᠷᠠᠮᠵᠢ ᠶᠢᠨ ᠲᠥᠬᠦᠭᠡᠷᠦᠮᠵᠢ ᠵᠢᠴᠢ ᠨᠠᠰᠤᠲᠠᠶᠢᠴᠤᠳ ᠲᠤ ᠳᠣᠬᠢᠷᠠᠬᠤ ᠴᠢᠨᠠᠷ ᠰᠠᠶᠢᠲᠠᠶ | ᠦᠢᠯᠡᠳᠭᠦᠨ ᠢ ᠰᠤᠳᠤᠯᠤᠨ ᠦᠢᠯᠡᠳᠪᠤᠷᠢᠯᠡᠬᠦ ᠶᠢ ᠵᠣᠷᠢᠭᠵᠢᠭᠤᠯᠤᠨ ᠳᠡᠮᠵᠢᠨ᠎ᠡ᠃ ᠨᠠᠰᠤᠲᠠᠶᠢᠴᠤᠳ ᠤᠨ | ᠬᠡᠷᠡᠭᠯᠡᠭᠡᠨ ᠤ ᠵᠦᠢᠯ ᠤᠨ ᠦᠵᠡᠭᠦᠯᠭᠡ᠂ ᠬᠤᠳᠠᠯᠳᠤᠭᠠᠨ ᠤ ᠲᠠᠯᠠᠪᠤᠷ᠂ ᠪᠠᠶᠢᠭᠤᠯᠤᠮᠵᠢ᠂ ᠨᠡᠶᠢᠭᠡᠮ ᠲᠣᠭᠤᠷᠢᠭ ᠪᠠ | ᠭᠡᠷ ᠪᠦᠯᠢ ᠭᠠᠷᠭᠠᠵᠤ᠂ ᠨᠠᠰᠤᠲᠠᠶᠢᠴᠤᠳ ᠤᠨ ᠡᠳ᠋ᠯᠡᠯ ᠬᠡᠷᠡᠭᠰᠡᠯ ᠢ ᠤᠬᠠᠭᠤᠯᠤᠨ ᠳᠡᠯᠭᠡᠷᠡᠭᠦᠯᠬᠦ ᠶᠢ ᠲᠦᠷᠭᠡᠳᠬᠡᠨ᠂ | ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠨ᠎ᠡ᠃ | ︵ᠠᠷᠪᠠᠨ ᠨᠠᠢᠮᠠ︶ ᠣᠶᠤᠨᠴᠢ ᠨᠠᠰᠤᠵᠢᠯ ᠤᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠤᠨ᠎ᠠ᠃ | ᠣᠶᠤᠨᠴᠢ ᠨᠠᠰᠤᠵᠢᠯ ᠤᠨ ᠦᠢᠯᠡᠴᠢᠯᠡᠭᠡᠨ ᠤ ᠠᠵᠤ ᠦᠶᠢᠯᠡᠰᠵᠢᠯᠲᠡ ᠶᠢᠨ ᠬᠥᠭᠵᠢᠯᠲᠡ ᠶᠢ ᠠᠬᠢᠭᠤᠯᠵᠤ᠂ ᠨᠢᠭᠡ | ᠪᠦᠯᠦᠭ ᠳᠤᠷᠰᠢᠯᠲᠠ ᠶᠢᠨ ᠴᠡᠭ ᠪᠦᠬᠦᠢ ᠵᠢᠱᠢᠶ᠎ᠡ ᠦᠵᠡᠭᠦᠯᠬᠦ ︽ᠣᠶᠤᠨᠴᠢ ᠨᠠᠰᠤᠵᠢᠯ ᠤᠨ ᠦᠢᠯᠡᠴᠢᠯᠡᠭᠡᠨ ᠤ | ᠪᠠᠶᠢᠭᠤᠯᠤᠮᠵᠢ︾ ᠪᠠ ︽ᠣᠶᠤᠨᠴᠢ ᠨᠠᠰᠤᠵᠢᠯ ᠤᠨ ᠦᠢᠯᠡᠴᠢᠯᠡᠭᠡᠨ ᠤ ᠨᠡᠶᠢᠭᠡᠮ ᠲᠣᠭᠤᠷᠢᠭ︾ ᠢ ᠪᠠᠶᠢᠭᠤᠯᠤᠨ᠎ᠠ᠃ | ᠠᠵᠤ ᠠᠬᠤᠶᠢᠯᠠᠯ ᠤᠨ ᠡᠳ᠋ ᠪᠣᠳᠠᠰ ᠤᠨ ᠰᠦᠯᠵᠢᠶ᠎ᠡ᠂ ᠡᠭᠦᠯᠡᠨ ᠪᠣᠳᠣᠯᠲᠠ᠂ ᠲᠣᠮᠣ ᠳ᠋ᠠᠶᠢᠲ᠋ᠠ᠂ ᠰᠢᠯᠵᠢᠮᠡᠯ | ᠢᠨᠲ᠋ᠧᠷ ᠰᠦᠯᠵᠢᠶ᠎ᠡ᠂ ᠵᠣᠬᠢᠶᠠᠮᠠᠯ ᠣᠶᠤᠨ ᠴᠢᠳᠠᠪᠤᠷᠢᠲᠤ ᠮᠡᠷᠭᠡᠵᠢᠯ ᠬᠡᠷᠡᠭᠯᠡᠬᠦ ᠶᠢ ᠵᠣᠷᠢᠭᠵᠢᠭᠤᠯᠤᠨ᠎ᠠ᠃ ᠠᠯᠤᠰ | ᠡᠵᠡᠮᠰᠢᠯᠲᠦ ᠣᠶᠤᠨᠴᠢ ᠠᠮᠤᠷ ᠲᠦᠪᠰᠢᠨ ᠤ ᠰᠡᠷᠭᠡᠶᠢᠯᠡᠯᠲᠡ ᠶᠢᠨ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠵᠤ᠂ | ᠨᠠᠰᠤᠲᠠᠶᠢᠴᠤᠳ ᠤᠨ ᠰᠠᠨᠠᠭᠠᠨ ᠳᠤ ᠥᠬᠡᠶ ᠠᠳᠡᠯ ᠭᠡᠨᠡᠲᠡᠯ ᠢ ᠪᠠᠭᠤᠷᠠᠭᠤᠯᠤᠨ᠎ᠠ᠃ ᠣᠯᠠᠨ ᠵᠦᠢᠯ ᠤᠨ ᠬᠡᠯᠪᠡᠷᠢ ᠶᠢᠨ | ᠤᠬᠠᠭᠠᠯᠢᠭ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠰᠡᠯ ᠢ ᠨᠡᠭᠡᠭᠡᠨ ᠬᠥᠭᠵᠢᠭᠦᠯᠵᠦ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠨᠡᠭᠡᠭᠡᠨ | ᠬᠦᠭᠵᠢᠭᠦᠯᠤᠨ᠎ᠡ ᠃ | ︵ᠠᠷᠪᠠ ᠵᠢᠰᠦ︶ ᠨᠠᠰᠤᠵᠢᠯ ᠤᠨ ᠦᠢᠯᠡᠴᠢᠯᠡᠭᠡᠨ ᠤ ᠬᠡᠷᠡᠭᠯᠡᠭᠡᠨ ᠤ ᠣᠷᠴᠢᠨ ᠲᠣᠭᠤᠷᠢᠨ ᠢ | ᠰᠢᠯᠢᠳᠡᠭᠵᠢᠭᠦᠯᠦᠨ᠎ᠡ᠃ ᠨᠠᠰᠤᠵᠢᠯ ᠤᠨ ᠦᠢᠯᠡᠴᠢᠯᠡᠭᠡᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠨᠠᠰᠤᠵᠢᠯ ᠤᠨ ᠦᠢᠯᠡᠴᠢᠯᠡᠭᠡᠨ ᠤ ᠶᠠᠰᠤ ᠴᠢᠨᠠᠷ ᠢ ᠬᠢᠨᠠᠨ ᠰᠢᠯᠭᠠᠵᠤ᠂ | ᠬᠠᠮᠲᠤᠷᠠᠭᠰᠠᠨ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠨᠠᠰᠤᠲᠠᠶᠢᠴᠤᠳ ᠤᠨ ᠴᠠᠬᠢᠯᠭᠠᠨ | ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢ ᠴᠢᠩᠭᠠᠷᠠᠭᠤᠯᠤᠨ᠎ᠠ᠃ ᠨᠠᠰᠤᠲᠠᠶᠢᠴᠤᠳ ᠤᠨ | ᠡᠷᠬᠡ ᠠᠰᠢᠭ ᠲᠤ ᠬᠠᠯᠳᠠᠭᠰᠠᠨ ᠬᠠᠤᠯᠢ ᠪᠤᠰᠤ ᠪᠠᠷ ᠪᠠᠯᠠ ᠴᠤᠭᠯᠠᠭᠤᠯᠬᠤ᠂ ᠳᠠᠮᠵᠢᠭᠤᠯᠤᠨ ᠪᠣᠷᠣᠯᠠᠭᠤᠯᠬᠤ ᠂ | ᠮᠡᠬᠡᠯᠡᠨ ᠪᠣᠷᠣᠯᠠᠭᠤᠯᠬᠤ ᠵᠢᠴᠢ ︽ᠬᠡᠷ ᠪᠠᠶᠢᠰᠢᠩ ᠢᠶᠠᠷ ᠨᠠᠰᠤᠵᠢᠯ ᠤᠨ ᠠᠰᠠᠷᠠᠮᠵᠢ ᠦᠵᠡᠭᠦᠯᠬᠦ︾᠂ ᠪᠡᠶ᠎ᠡ ᠶᠢ ᠨᠢ | ᠰᠤᠪᠢᠯᠠᠬᠤ ᠨᠡᠷ᠎ᠡ ᠪᠠᠷ ᠮᠡᠬᠡᠯᠡᠬᠦ ᠵᠡᠷᠭᠡ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠤᠷᠢᠯᠡᠨ᠎ᠡ᠃ ᠨᠠᠰᠤᠵᠢᠯ ᠤᠨ ᠦᠢᠯᠡᠴᠢᠯᠡᠭᠡᠨ ᠤ ᠦᠢᠯᠡᠳᠭᠦᠨ ᠪᠠ ᠬᠡᠷᠡᠭᠯᠡᠭᠰᠡᠨ ᠤ ᠳᠠᠷᠠᠭᠠᠬᠢ ᠦᠨᠡᠯᠡᠯᠲᠡ ᠶᠢᠨ | ᠰᠢᠰᠲ᠋ᠧᠮ ᠢ ᠪᠦᠷᠢᠨᠰᠢᠭᠦᠯᠵᠦ᠂ ᠬᠡᠷᠡᠭᠯᠡᠭᠴᠢᠳ ᠤᠨ ᠬᠠᠷᠢᠭᠤ ᠲᠤᠰᠬᠠᠬᠤ ᠠᠷᠭ᠎ᠠ ᠵᠠᠮ ᠢ ᠰᠢᠯᠤᠭᠤᠳᠬᠠᠨ᠂ | ᠠᠮᠤᠷ ᠲᠦᠪᠰᠢᠨ ᠰᠡᠳᠬᠢᠯ ᠰᠠᠨᠠᠭ᠎ᠠ ᠠᠮᠤᠷ ᠨᠠᠰᠤᠵᠢᠯ ᠤᠨ ᠦᠢᠯᠡᠴᠢᠯᠡᠭᠡᠨ ᠤ ᠬᠡᠷᠡᠭᠯᠡᠭᠡᠨ ᠤ ᠣᠷᠴᠢᠨ | ᠲᠣᠭᠤᠷᠢᠨ ᠢ ᠪᠣᠶ ᠪᠣᠯᠭᠠᠨ᠎ᠠ᠃ | ᠳᠣᠯᠤᠭ᠎ᠠ᠂ ᠨᠠᠰᠤᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ | ︵ᠬᠤᠷᠢ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠡᠯ᠎ᠡ ᠭᠠᠵᠠᠷ ᠤᠨ | ᠬᠢᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠵᠤ ᠠᠬᠤᠶ ᠨᠡᠶᠢᠬᠡᠮ ᠤᠨ | ᠬᠥᠭᠵᠢᠯᠲᠡ ᠶᠢᠨ ᠪᠦᠬᠦ ᠴᠣᠭᠴᠠ ᠶᠢᠨ ᠲᠥᠯᠥᠪᠵᠢᠭᠦᠯᠭᠡ ᠂ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ | ᠪᠠᠨ ᠣᠷᠣᠭᠤᠯᠵᠤ᠂ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠪᠠᠭ ᠤᠨ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠰᠢᠰᠲ᠋ᠧᠮ ᠳᠤ ᠣᠷᠣᠭᠤᠯᠤᠨ᠎ᠠ᠃ ᠨᠠᠰᠤᠵᠢᠯ ᠤᠨ | ᠦᠢᠯᠡᠴᠢᠯᠡᠭᠡᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠠᠶᠢᠮᠠᠭ | ᠬᠤᠲᠠ ᠪᠣᠯᠤᠨ ᠬᠤᠰᠢᠭᠤ ᠰᠢᠶᠠᠨ ᠤ ᠬᠢᠨ 2020 ᠣᠨ ᠵᠢᠯ ᠤᠨ ᠰᠡᠭᠦᠯᠴᠢ ᠠᠴᠠ ᠡᠮᠦᠨ᠎ᠡ ᠨᠠᠰᠤᠵᠢᠯ ᠤᠨ | ᠦᠢᠯᠡᠴᠢᠯᠡᠭᠡᠨ ᠤ ᠬᠠᠮᠲᠤᠷᠠᠭᠰᠠᠨ ᠬᠤᠷᠠᠯ ᠤᠨ ᠳᠦᠷᠢᠮ ᠢ ᠪᠦᠷᠢᠨ ᠳᠣᠭᠲᠠᠭᠠᠵᠤ᠂ ᠰᠠᠯᠠᠭ᠎ᠠ ᠮᠥᠴᠢᠷ | ᠠᠯᠤᠰᠯᠠᠭᠰᠠᠨ ᠬᠦᠨᠳᠦ ᠭᠡᠴᠡᠭᠦᠤ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠬᠦ ᠪᠣᠯᠭᠠᠨ᠎ᠠ᠃ ᠪᠥᠬᠦ | ᠣᠷᠣᠨ ᠤ ᠨᠢᠭᠡᠳᠦᠯᠲᠡᠶ ᠨᠠᠰᠤᠵᠢᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮ ᠢ | ᠲᠦᠷᠬᠡᠨ ᠪᠠᠶᠢᠭᠤᠯᠵᠤ᠂ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠤᠨ᠎ᠡ᠃ | ︵ᠬᠤᠷᠢᠨ ᠨᠢᠭᠡ︶ ᠦᠨᠳᠦᠰᠦᠨ ᠱᠠᠲᠤᠨ ᠤ ᠬᠦᠴᠦᠨ ᠴᠢᠳᠠᠯ ᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ | ᠨᠠᠰᠤᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠴᠢᠩᠭᠠᠳᠬᠠᠵᠤ᠂ ᠭᠠᠵᠠᠷ ᠣᠷᠣᠨ ᠤ | ᠪᠠᠨ ᠨᠠᠰᠤᠵᠢᠯ ᠤᠨ ᠦᠢᠯᠡᠴᠢᠯᠡᠭᠡᠨ ᠤ ᠡᠲᠡᠭᠡᠳ ᠤᠨ ᠲᠤᠭ᠎ᠠ ᠮᠠᠭᠠᠳ᠂ ᠬᠡᠷᠡᠭᠴᠡᠭᠡ ᠱᠠᠭᠠᠷᠳᠠᠯᠭ᠎ᠠ ᠪᠠ ᠲᠦᠷᠣᠯ | ᠵᠦᠢᠯ ᠵᠡᠷᠭᠡ ᠡᠯᠧᠮᠧᠨ᠋ᠲ ᠲᠤ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ︶ ᠴᠤᠬᠤᠮ ᠬᠡᠳᠦᠢ ᠠᠵᠢᠯᠲᠠᠨ ᠬᠡᠷᠡᠭᠯᠡᠬᠦ ᠪᠠᠨ ᠵᠦᠶ ᠵᠣᠬᠢᠰᠲᠠᠶ ᠲᠣᠭᠲᠠᠭᠠᠨ᠂ ᠬᠠᠮᠢᠶ᠎ᠠ | ᠪᠦᠬᠦᠢ ᠪᠠᠶᠢᠭᠤᠯᠤᠮᠵᠢ ᠡᠬᠢ ᠪᠠᠶᠠᠯᠢᠭ ᠢᠶᠠᠨ ᠰᠢᠨᠵᠢᠯᠡᠬᠦ ᠤᠬᠠᠭᠠᠨᠴᠢ ᠪᠠᠷ ᠡᠮᠬᠢᠯᠡᠨ ᠨᠡᠶᠢᠯᠡᠭᠦᠯᠵᠦ᠂ ᠵᠠᠰᠠᠭ ᠤᠨ | ᠣᠷᠳᠣᠨ ᠤ ᠨᠠᠰᠤᠵᠢᠯ ᠤᠨ ᠦᠢᠯᠡᠴᠢᠯᠡᠭᠡ ᠬᠤᠳᠠᠯᠳᠤᠨ ᠠᠪᠬᠤ ᠶᠢ ᠢᠳᠡᠪᠬᠢᠲᠡᠢ ᠬᠡᠷᠡᠭᠵᠢᠭᠦᠯᠵᠦ᠂ ᠦᠨᠳᠤᠰᠤᠨ | ᠱᠠᠲᠤᠨ ᠤ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠴᠢᠳᠠᠪᠤᠷᠢ ᠶᠢ ᠦᠨᠡᠨᠬᠦ ᠴᠢᠩᠭᠠᠳᠬᠠᠬᠤ ᠬᠡᠷᠡᠭᠲᠡᠶ᠃ | ︵ᠬᠤᠷᠢᠨ ᠬᠤᠶᠠᠷ︶ ᠪᠠᠯᠠ ᠮᠥᠩᠭᠦ ᠶᠢᠨ ᠪᠠᠲᠤᠯᠠᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠤᠨ ᠬᠢᠨ | ᠵᠠᠰᠠᠭ ᠤᠨ ᠣᠷᠳᠣᠨ ᠤ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠣᠨᠣᠴᠠᠲᠠᠢ | ᠣᠷᠣᠭᠤᠯᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ 2022 ᠣᠨ ᠪᠣᠯᠬᠤ ᠳᠤ | ᠥᠪᠡᠷᠲᠡᠭᠡᠨ ᠵᠠᠰᠠᠬᠤ ᠣᠷᠣᠨ ᠤ ᠪᠠ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠨᠡᠶᠢᠭᠡᠮ | ᠤᠨ ᠠᠰᠠᠷᠠᠮᠵᠢ ᠶᠢᠨ ᠦᠢᠯᠡᠰ ᠲᠤ ᠬᠡᠷᠡᠭᠯᠡᠬᠦ ᠬᠤᠨᠵᠢᠪᠤᠷᠢᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ | ᠶᠢᠨ ᠮᠥᠩᠭᠦ ᠶᠢ 55% ᠠᠴᠠ ᠳᠡᠭᠡᠭᠰᠢᠬᠢ ᠶᠢ ᠡᠷᠬᠡᠪᠰᠢ ᠨᠠᠰᠤᠵᠢᠯ ᠤᠨ ᠦᠢᠯᠡᠴᠢᠯᠡᠭᠡᠨ ᠤ ᠦᠢᠯᠡᠰ | ᠤᠨ ᠬᠥᠭᠵᠢᠯᠲᠡ ᠳᠤ ᠵᠠᠷᠤᠴᠠᠭᠤᠯᠤᠨ᠎ᠠ ᠃ ᠡᠭᠦᠨ ᠤ ᠬᠠᠮᠲᠤ ᠡᠩ ᠤᠨ ᠣᠯᠠᠨ ᠨᠡᠶᠢᠲᠡ ᠶᠢᠨ ᠲᠥᠰᠦᠪ ᠲᠤ | ᠲᠣᠬᠢᠷᠠᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠡᠯᠡ ᠮᠥᠩᠭᠦ ᠶᠢ | ᠡᠮᠬᠢᠯᠡᠨ ᠨᠡᠶᠢᠯᠡᠭᠦᠯᠵᠦ ᠨᠢᠭᠡᠳᠤᠯᠲᠠᠢ ᠲᠥᠯᠥᠪᠯᠡᠨ ᠬᠡᠷᠡᠭᠯᠡᠨ᠎ᠡ᠃ ᠵᠠᠰᠠᠭ ᠤᠨ ᠣᠷᠳᠣᠨ ᠤ ᠨᠠᠰᠤᠵᠢᠯ ᠤᠨ | ᠦᠢᠯᠡᠴᠢᠯᠡᠭᠡ ᠬᠤᠳᠠᠯᠳᠤᠨ ᠠᠪᠬᠤ ᠳᠤ ᠬᠡᠷᠡᠭᠰᠡᠬᠦ ᠪᠡᠯᠡ ᠮᠥᠩᠭᠦ ᠶᠢ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ | ᠤᠨ ᠪᠠᠶᠢᠭᠤᠯᠤᠯᠲᠠ ᠶᠢᠨ ᠪᠡᠯᠡ ᠮᠥᠩᠭᠦ ᠳᠤ ᠣᠷᠣᠭᠤᠯᠤᠨ ᠨᠢᠭᠡᠳᠦᠯᠲᠡᠶ ᠲᠦᠯᠣᠪᠯᠡᠨ ᠲᠣᠬᠢᠷᠠᠭᠤᠯᠤᠨ᠎ᠠ᠃ ᠠᠶᠢᠮᠠᠭ | ᠬᠤᠲᠠ ᠶᠢᠨ ᠵᠠᠰᠠᠭ ᠤᠨ ᠣᠷᠳᠣᠨ ᠤ ᠨᠠᠰᠤᠵᠢᠯ ᠤᠨ ᠦᠢᠯᠡᠴᠢᠯᠡᠭᠡ ᠬᠤᠳᠠᠯᠳᠤᠨ ᠠᠪᠬᠤ ᠭᠠᠷᠴᠠᠭ ᠪᠠ | ᠪᠠᠷᠢᠮᠵᠢᠶ᠎ᠠ ᠶᠢ ᠲᠣᠭᠲᠠᠭᠠᠵᠤ᠂ ᠲᠣᠰ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ | ᠬᠡᠮᠵᠢᠶ᠎ᠡ ᠯᠦᠭᠡ ᠵᠣᠬᠢᠴᠠᠯᠳᠤᠭᠰᠠᠨ ᠬᠥᠳᠡᠯᠦᠩᠭᠦᠶ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ | ᠨᠠᠰᠤᠵᠢᠯ ᠤᠨ ᠦᠢᠯᠡᠴᠢᠯᠡᠭᠡᠨ ᠤ ᠬᠦᠷᠢᠶᠡᠨ ᠳᠤ ᠬᠢ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ | ᠪᠦᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ ᠶᠢᠨ ᠭᠦᠢᠯᠭᠡᠭᠡᠨ ᠤ ᠬᠠᠨᠳᠤᠰᠢ ᠶᠢ | ᠣᠨᠣᠴᠠᠲᠠᠢ ᠡᠵᠡᠮᠰᠢᠵᠦ᠂ ᠪᠡᠯᠡ ᠮᠥᠩᠭᠦ ᠶᠢᠨ ᠠᠮᠵᠢᠯᠲᠠ ᠪᠦᠲᠤᠮᠵᠢ ᠶᠢ ᠦᠨᠡᠯᠡᠨ ᠵᠢᠱᠢᠬᠦ ᠬᠠᠮᠢᠶᠠᠷᠤᠯᠲᠠ ᠶᠢ | ᠴᠢᠩᠭᠠᠳᠬᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ | ᠥᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠤᠷᠢ ᠮᠡᠳᠡᠭᠡ ᠵᠠᠩᠭᠢᠵᠢᠯᠲᠠ ᠶᠢᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠳᠣᠪᠴᠢᠶ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | 2020 ᠣᠨ ᠤ 10 ᠳ᠋ᠤᠭᠠᠷ ᠰᠠᠷ᠎ᠠ ᠶᠢᠨ 15 ᠤ ᠡᠳᠦᠷ | | |