| 2020 ᠤᠨ ᠤ 2 ᠳ᠋ᠤᠭᠠᠷ ᠰᠠᠷ᠎ᠠ ᠶᠢᠨ 29 ᠤ ᠡᠳᠦᠷ ᠥᠪᠤᠷ ᠮᠤᠩᠭᠤᠯ ᠤᠨ ᠥᠪᠡᠷᠳᠡᠭᠡᠨ ᠵᠠᠰᠠᠬᠤ | ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ︽ᠲᠥᠪ ᠤᠨ ᠤᠯᠤᠰ ᠲᠦᠷᠦ ᠶᠢᠨ ᠲᠤᠪᠴᠢᠶᠠᠨ ᠤ ᠪᠠᠶᠢᠩᠭᠤ | ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠦ ᠠᠷᠠᠳ ᠤᠨ ᠶᠠᠪᠤᠳᠠᠯ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠬᠢᠵᠢᠭ ᠰᠡᠷᠭᠡᠶᠢᠯᠡᠬᠦ ᠠᠵᠢᠯ ᠢ ᠤᠯᠠᠮ ᠰᠠᠶᠢᠨ ᠬᠢᠬᠦ ᠲᠤᠬᠠᠢ ᠪᠠᠴᠢᠮ ᠮᠡᠳᠡᠭᠳᠡᠯ | ︾ ᠢ ᠳᠠᠷᠤᠮᠠᠯᠯᠠᠨ ᠲᠠᠷᠬᠠᠭᠠᠪᠠ᠂ ᠣᠳᠤ ᠮᠡᠳᠡᠭᠳᠡᠯ ᠤᠨ ᠭᠤᠣᠯ ᠵᠣᠷᠢᠭ ᠰᠠᠨᠠᠭ᠎ᠠ ᠶᠢ ᠳᠤᠤᠷᠠᠬᠢ ᠮᠡᠲᠦ ᠲᠣᠪᠴᠢᠯᠠᠨ | ᠨᠠᠶᠢᠷᠠᠭᠤᠯᠤᠯᠠ᠄ | 2 ᠳ᠋ᠤᠭᠠᠷ ᠰᠠᠷ᠎ᠠ ᠶᠢᠨ 23 ᠤ ᠡᠳᠦᠷ ᠰᠢ ᠶᠢᠨ ᠫᠢᠩ ᠶᠡᠷᠦᠩᠬᠡᠢ ᠱᠦᠵᠢ ᠰᠢᠨ᠎ᠡ ᠲᠢᠲᠢᠮᠯᠢᠭ ᠠᠭᠤᠰᠬᠢᠨ | ᠥᠷᠪᠢᠰᠦᠯ ᠢ ᠰᠡᠷᠭᠡᠶᠢᠯᠡᠨ ᠬᠤᠷᠢᠬᠯᠠᠬᠤ ᠠᠵᠢᠯ ᠪᠠ ᠠᠵᠦ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠠᠢ | ᠲᠥᠯᠥᠪᠯᠡᠨ ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠬᠦ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠠᠢ᠃ 2 | ᠳ᠋ᠤᠭᠠᠷ ᠰᠠᠷ᠎ᠠ ᠶᠢᠨ 26 ᠤ ᠡᠳᠦᠷ ᠰᠢ ᠶᠢᠨ ᠫᠢᠩ ᠶᠡᠷᠦᠩᠬᠡᠢ ᠱᠦᠵᠢ ᠲᠥᠪ ᠤᠨ ᠤᠯᠤᠰ ᠲᠦᠷᠦ ᠶᠢᠨ | ᠲᠤᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠦ᠂ ᠤᠶᠢᠷ᠎ᠠ ᠶᠢᠨ ᠬᠤᠭᠤᠴᠠᠭᠠᠨ ᠤ | ᠬᠢᠵᠢᠭ ᠰᠡᠷᠭᠡᠶᠢᠯᠡᠬᠦ ᠭᠤᠣᠯ ᠠᠵᠢᠯ ᠢ ᠰᠤᠳᠤᠯᠤᠨ ᠪᠠᠶᠢᠷᠢᠯᠠᠭᠤᠯᠬᠤ ᠳᠠᠭᠠᠨ᠄ ︽ᠤᠨᠴᠠᠭᠠᠢ ᠭᠠᠵᠠᠷ ᠪᠣᠯᠣᠨ | ᠭᠤᠣᠯᠳᠠᠯᠭ᠎ᠠ ᠪᠣᠯᠬᠤ ᠬᠦᠮᠦᠰ ᠤᠨ ᠬᠢᠵᠢᠭ ᠠᠴᠠ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭᠠᠳᠬᠠᠬᠤ | ᠬᠡᠷᠡᠭᠲᠡᠢ᠃ ᠨᠠᠰᠤᠲᠠᠳ ᠢ ᠠᠰᠠᠷᠠᠬᠤ᠂ ᠨᠡᠶᠢᠬᠡᠮ ᠤᠨ ᠳᠤᠰᠠᠯᠠᠮᠵᠢ᠂ ᠬᠡᠤᠬᠡᠳ ᠤᠨ ᠠᠰᠠᠷᠠᠮᠵᠢ᠂ ᠤᠶᠤᠨ | ᠮᠡᠳᠡᠷᠡᠯ ᠤᠨ ᠡᠷᠡᠭᠦᠯ ᠬᠠᠮᠠᠭᠠᠯᠠᠯ ᠵᠡᠷᠭᠡ ᠪᠠᠶᠢᠭᠤᠯᠤᠮᠵᠢ ᠳᠤ ᠬᠦᠮᠦᠨ ᠴᠢᠭᠴᠢᠭᠦᠦ᠂ ᠤᠷᠴᠢᠨ ᠲᠤᠭᠤᠷᠢᠨ ᠪᠢᠲᠡᠭᠦᠦ᠂ | ᠦᠢᠯᠡᠴᠢᠯᠡᠭᠡ ᠬᠦᠷᠲᠡᠬᠦ ᠬᠠᠮᠢᠶ᠎ᠠ ᠪᠦᠬᠦᠢ ᠬᠦᠮᠦᠰ ᠤᠨ ᠪᠡᠶ᠎ᠡ ᠪᠠᠨ ᠬᠠᠮᠠᠭᠠᠯᠠᠬᠤ ᠴᠢᠳᠠᠪᠤᠷᠢ ᠳᠤᠷᠤᠢ ᠪᠠᠶᠢᠳᠠᠭ᠂ | ᠬᠠᠷᠢᠶ᠎ᠠ ᠭᠠᠵᠠᠷ ᠤᠨ ᠬᠢᠨ ᠬᠠᠷᠢᠭᠤᠴᠠᠯᠭ᠎ᠠ ᠪᠠᠨ ᠴᠢᠩᠭᠠᠳᠬᠠᠵᠦ᠂ ᠴᠢᠩᠭ᠎ᠠ ᠠᠷᠭ᠎ᠠ ᠬᠡᠮᠵᠢᠶ᠎ᠡ ᠠᠪᠴᠤ ᠰᠠᠶᠢᠲᠤᠷ | ᠬᠠᠮᠢᠶᠠᠷᠤᠨ᠂ ᠭᠠᠳᠠᠨ᠎ᠠ ᠠᠴᠠ ᠬᠠᠯᠳᠠᠪᠤᠷᠢᠯᠠᠨ ᠤᠷᠤᠵᠦ ᠢᠷᠡᠬᠦ ᠶᠢ ᠰᠡᠷᠭᠡᠶᠢᠯᠡᠵᠦ᠂ ᠨᠢᠭᠡᠨᠳᠡ ᠬᠠᠯᠳᠠᠪᠤᠷᠢᠯᠠᠭᠰᠠᠨ | ᠡᠪᠡᠳᠴᠢᠲᠡᠨ ᠢ ᠪᠠᠶᠢᠳᠠᠭ ᠴᠢᠳᠠᠯ ᠢᠶᠠᠷ ᠢᠶᠠᠨ ᠠᠪᠤᠷᠠᠨ ᠡᠮᠨᠡᠬᠦ ᠬᠡᠷᠡᠭᠲᠡᠢ︾ ᠭᠡᠵᠦ ᠴᠢᠬᠤᠯᠠᠴᠢᠯᠠᠨ ᠵᠢᠭᠠᠵᠦ ᠭᠠᠷᠭᠠᠵᠠᠢ | ᠃ 2 ᠳ᠋ᠤᠭᠠᠷ ᠰᠠᠷ᠎ᠠ ᠶᠢᠨ 27 ᠤ ᠡᠳᠦᠷ ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠᠶᠢᠩᠭᠤ ᠶᠢᠨ | ᠬᠤᠷᠢᠶᠠᠨ ᠤ ᠬᠤᠷᠠᠯ ᠬᠤᠷᠠᠯᠳᠤᠭᠤᠯᠵᠦ᠂ ᠲᠥᠪ ᠤᠨ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ | ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠣᠣᠱᠯᠠᠭᠤᠯᠵᠦ᠂ ᠤᠨᠴᠠᠭᠠᠢ ᠭᠠᠵᠠᠷ ᠪᠣᠯᠣᠨ | ᠭᠤᠣᠯᠳᠠᠯᠭ᠎ᠠ ᠪᠣᠯᠬᠤ ᠬᠦᠮᠦᠰ ᠤᠨ ᠬᠢᠵᠢᠭ ᠠᠴᠠ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠪᠠᠨ ᠴᠢᠩᠭᠠᠳᠬᠠᠵᠦ᠂ | ᠨᠠᠰᠤᠲᠠᠳ ᠢ ᠠᠰᠠᠷᠠᠬᠤ᠂ ᠨᠡᠶᠢᠬᠡᠮ ᠤᠨ ᠳᠤᠰᠠᠯᠠᠮᠵᠢ᠂ ᠬᠡᠤᠬᠡᠳ ᠤᠨ ᠠᠰᠠᠷᠠᠮᠵᠢ᠂ ᠤᠶᠤᠨ ᠮᠡᠳᠡᠷᠡᠯ ᠤᠨ ᠡᠷᠡᠭᠦᠯ | ᠬᠠᠮᠠᠭᠠᠯᠠᠯ ᠵᠡᠷᠭᠡ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠵᠢᠭ ᠰᠡᠷᠭᠡᠶᠢᠯᠡᠬᠦ ᠠᠵᠢᠯ ᠢ | ᠤᠯᠠᠮ ᠰᠠᠶᠢᠨ ᠬᠢᠬᠦ ᠲᠤᠬᠠᠢ ᠪᠠᠶᠢᠷᠢᠯᠠᠭᠤᠯᠤᠯᠲᠠ ᠬᠢᠭᠰᠡᠨ ᠪᠦᠭᠡᠳ ᠪᠤᠳᠠᠲᠠᠢ ᠱᠠᠭᠠᠷᠳᠠᠯᠭ᠎ᠠ ᠳᠤᠷᠠᠳᠴᠠᠢ᠃ ᠰᠢ ᠶᠢᠨ | ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠤᠯᠤᠰ ᠲᠦᠷᠦ ᠶᠢᠨ | ᠲᠤᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ︵2020︶ 6 | ᠳ᠋ᠤᠭᠠᠷ ᠲᠣᠭᠠᠲᠦ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠣᠨ ᠥᠪᠡᠷᠳᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠪᠠᠶᠢᠷᠢᠯᠠᠭᠤᠯᠤᠯᠲᠠ ᠲᠤᠬᠢᠷᠠᠭᠤᠯᠤᠯᠲᠠ ᠶᠢ ᠪᠦᠬᠦ ᠲᠠᠯ᠎ᠠ ᠪᠠᠷ | ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ | ᠶᠢᠨ ᠬᠢᠵᠢᠭ ᠰᠡᠷᠭᠡᠶᠢᠯᠡᠬᠦ ᠠᠵᠢᠯ ᠢ ᠤᠯᠠᠮ ᠰᠠᠶᠢᠨ ᠬᠢᠬᠦ ᠶᠢᠨ ᠲᠥᠯᠥᠭᠡ ᠳᠤᠤᠷᠠᠬᠢ ᠮᠡᠲᠦ ᠱᠠᠭᠠᠷᠳᠠᠯᠭ᠎ᠠ ᠳᠤᠷᠠᠳᠤᠯ᠎ᠠ | ᠄ | ᠨᠢᠭᠡ᠂ ᠤᠯᠤᠰ ᠲᠦᠷᠥ ᠶᠢᠨ ᠵᠤᠭᠰᠤᠴᠠ ᠪᠠᠨ ᠤᠯᠠᠮ ᠥᠨᠳᠦᠷᠵᠢᠭᠦᠯᠵᠦ᠂ ᠤᠯᠤᠰ ᠲᠦᠷᠦ ᠶᠢᠨ | ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ | ᠤᠳᠤᠬᠠᠨ ᠳᠤ ᠬᠢᠵᠢᠭ ᠡᠪᠡᠳᠴᠢᠨ ᠢ ᠰᠡᠷᠭᠡᠶᠢᠯᠡᠵᠦ ᠬᠤᠷᠢᠬᠯᠠᠬᠤ ᠠᠵᠢᠯ ᠬᠠᠮᠤᠭ ᠤᠨ ᠬᠦᠴᠢᠷᠳᠡᠯᠲᠠᠢ | ᠵᠠᠩᠭᠢᠯᠠᠭ᠎ᠠ ᠶᠢᠨ ᠦᠶ᠎ᠡ ᠳᠤ ᠤᠷᠤᠭᠠᠳ ᠪᠠᠶᠢᠨ᠎ᠠ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ | ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠤᠶᠢᠯᠠᠭᠠᠵᠦ᠂ ︽ | ᠬᠤᠶᠠᠷ ᠢ ᠬᠠᠮᠠᠭᠠᠯᠠᠬᠤ︾ ᠠᠵᠢᠯ ᠢ ᠡᠷᠡᠰ ᠰᠢᠭᠤᠷᠬᠠᠢ ᠪᠠᠷ ᠰᠠᠶᠢᠲᠤᠷ ᠬᠢᠬᠦ ᠥᠨᠳᠦᠷᠴᠡ ᠠᠴᠠ ᠠᠷᠠᠳ ᠤᠨ | ᠶᠠᠪᠤᠳᠠᠯ ᠤᠨ ᠦᠢᠯᠡᠴᠢᠯᠡᠭᠡ ᠶᠢᠨ ᠪᠠᠶᠢᠭᠤᠯᠤᠮᠵᠢ ᠶᠢᠨ ᠬᠢᠵᠢᠭ ᠡᠪᠡᠳᠴᠢᠨ ᠢ ᠰᠡᠷᠭᠡᠶᠢᠯᠡᠨ ᠬᠤᠷᠢᠬᠯᠠᠬᠤ ᠠᠵᠢᠯ ᠢ | ᠰᠠᠶᠢᠲᠤᠷ ᠬᠢᠬᠦ ᠶᠠᠪᠤᠳᠠᠯ ᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠦ᠂ ᠬᠠᠮᠤᠭ ᠤᠨ ᠴᠢᠩᠭ᠎ᠠ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ᠂ ᠮᠢᠨᠴᠦᠭᠦᠷᠡᠬᠦ᠂ ᠬᠠᠯᠠᠰᠢᠷᠠᠬᠤ᠂ ᠵᠢᠭᠰᠢᠬᠦ᠂ ᠡᠷᠴᠢ ᠰᠤᠯᠠᠷᠠᠬᠤ | ᠦᠵᠡᠯ ᠪᠣᠳᠣᠯ ᠢ ᠡᠷᠡᠰ ᠲᠡᠪᠴᠢᠨ᠂ ᠳᠠᠰᠤᠷᠠᠯᠲᠠ ᠦᠭᠡᠢ ᠲᠡᠮᠡᠴᠡᠵᠦ᠂ ᠬᠢᠵᠢᠭ ᠢ ᠰᠡᠷᠭᠡᠶᠢᠯᠡᠬᠦ ᠡᠯ᠎ᠡ ᠵᠦᠢᠯ ᠤᠨ | ᠠᠵᠢᠯ ᠢᠶᠠᠨ ᠥᠴᠦᠬᠡᠨ ᠴᠤ ᠰᠤᠯᠠᠷᠠᠭᠤᠯᠤᠯ ᠦᠭᠡᠢ ᠪᠤᠳᠠᠲᠠᠢ ᠪᠦᠭᠡᠳ ᠨᠢᠮᠪᠠᠢ ᠠᠳᠬᠤᠬᠤ ᠬᠡᠷᠡᠭᠲᠡᠢ᠃ | ᠬᠤᠶᠠᠷ᠂ ᠴᠢᠩᠭ᠎ᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ᠂ ᠭᠠᠳᠠᠨ᠎ᠠ ᠠᠴᠠ ᠬᠠᠯᠳᠠᠪᠤᠷᠢᠯᠠᠬᠤ ᠶᠢ | ᠰᠡᠷᠭᠡᠶᠢᠯᠡᠬᠦ ᠬᠡᠷᠡᠭᠲᠡᠢ | 1. ᠰᠠᠶᠢᠲᠤᠷ ᠰᠡᠷᠭᠡᠶᠢᠯᠡᠨ ᠴᠢᠩᠭ᠎ᠠ ᠰᠠᠬᠢᠬᠤ ᠶᠢ ᠪᠠᠷᠢᠮᠲᠠᠯᠠᠬᠤ ᠬᠡᠷᠡᠭᠲᠡᠢ᠃ ᠪᠦᠬᠦ ᠤᠷᠤᠨ ᠤ ᠪᠤᠢ ᠪᠦᠬᠦᠢ | ᠨᠠᠰᠤᠲᠠᠳ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠬᠡᠤᠬᠡᠳ ᠤᠨ ᠠᠰᠠᠷᠠᠮᠵᠢ ᠶᠢᠨ ᠬᠦᠷᠢᠶᠡᠯᠡᠩ᠂ | ᠤᠶᠤᠨ ᠮᠡᠳᠡᠷᠡᠯ ᠤᠨ ᠡᠷᠡᠭᠦᠯ ᠬᠠᠮᠠᠭᠠᠯᠠᠯ᠂ ᠠᠰᠠᠷᠠᠮᠵᠢ ᠶᠢᠨ ᠪᠠᠶᠢᠭᠤᠯᠤᠮᠵᠢ ᠵᠡᠷᠭᠡ ᠠᠷᠠᠳ ᠤᠨ ᠶᠠᠪᠤᠳᠠᠯ ᠤᠨ | ᠦᠢᠯᠡᠴᠢᠯᠡᠭᠡᠨ ᠤ ᠪᠠᠶᠢᠭᠤᠯᠤᠮᠵᠢ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠬᠠᠮᠢᠶ᠎ᠠ ᠦᠭᠡᠢ | ᠬᠦᠮᠦᠰ ᠤᠨ ᠦᠢᠯᠡᠴᠢᠯᠡᠭᠡᠨ ᠤ ᠪᠠᠶᠢᠭᠤᠯᠤᠮᠵᠢ ᠳᠤ ᠣᠷᠣᠬᠤ ᠶᠢ ᠴᠠᠭᠠᠵᠠᠯᠠᠬᠤ ᠬᠡᠷᠡᠭᠲᠡᠢ᠃ | 2. ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯᠲᠠᠨ᠂ | ᠦᠢᠯᠡᠴᠢᠯᠡᠭᠴᠢᠳ᠂ ᠠᠷᠰᠠᠷ ᠠᠵᠢᠯ ᠬᠢᠭᠰᠡᠳ ᠢ ᠬᠢᠵᠢᠭ ᠠᠴᠠ ᠰᠡᠷᠭᠡᠶᠢᠯᠡᠵᠦ ᠬᠠᠮᠠᠭᠠᠯᠠᠬᠤ ᠬᠠᠮᠢᠶᠠᠷᠤᠯᠲᠠ ᠶᠢ | ᠭᠤᠣᠯᠳᠠᠯᠭ᠎ᠠ ᠪᠣᠯᠭᠠᠨ ᠴᠢᠩᠭᠠᠳᠬᠠᠬᠤ ᠬᠡᠷᠡᠭᠲᠡᠢ᠂ ᠬᠠᠮᠢᠶ᠎ᠠ ᠪᠦᠬᠦᠢ ᠬᠦᠮᠦᠰ ᠪᠦᠷ ᠬᠦᠷᠢᠶᠡᠯᠡᠩ ᠳᠤ ᠬᠤᠨᠤᠵᠦ | ᠰᠠᠭᠤᠬᠤ ᠬᠡᠷᠡᠭᠲᠡᠢ᠃ | 3. ᠪᠠᠶᠢᠭᠤᠯᠤᠮᠵᠢ ᠳᠤ ᠲᠤᠰᠠᠭᠠᠷᠯᠠᠭᠰᠠᠨ ᠪᠡᠯᠡᠳᠭᠡᠯ ᠠᠵᠢᠯ ᠤᠨ ᠪᠠᠶᠢᠷᠢ ᠶᠢᠨ ᠠᠵᠢᠯᠲᠠᠨ ᠤ ᠠᠮᠢᠳᠤᠷᠠᠯ ᠢ | ᠴᠤ ᠬᠠᠷᠢᠴᠠᠩᠭᠤᠢ ᠲᠤᠰᠠᠭᠠᠷᠯᠠᠬᠤ ᠬᠡᠷᠡᠭᠲᠡᠢ᠂ ᠪᠡᠯᠡᠳᠭᠡᠯ ᠠᠵᠢᠯ ᠤᠨ ᠪᠠᠶᠢᠷᠢᠨ ᠳᠤ ᠪᠠᠶᠢᠬᠤ ᠬᠤᠭᠤᠴᠠᠭᠠᠨ ᠳᠤ | ᠪᠠᠶᠢᠭᠤᠯᠤᠮᠵᠢ ᠶᠢᠨ ᠠᠵᠢᠯᠲᠠᠨ ᠪᠣᠯᠣᠨ ᠦᠢᠯᠡᠴᠢᠯᠡᠭᠡ ᠬᠦᠷᠲᠡᠬᠦ ᠬᠦᠮᠦᠰ ᠲᠠᠢ ᠰᠤᠯᠢᠪᠴᠠᠨ ᠶᠠᠪᠤᠯᠴᠠᠵᠦ ᠪᠣᠯᠬᠤ | ᠦᠭᠡᠢ᠃ | 4. ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠡᠯᠡᠳᠭᠡᠯ ᠠᠵᠢᠯ ᠤᠨ ᠪᠠᠶᠢᠷᠢᠨ ᠳᠤ | ᠪᠠᠶᠢᠬᠤ ᠪᠠ ᠲᠤᠰᠠᠭᠠᠷᠯᠠᠨ ᠠᠵᠢᠬᠯᠠᠨ ᠰᠢᠨᠵᠢᠵᠦ ᠪᠠᠶᠢᠬᠤ ᠬᠦᠮᠦᠰ ᠲᠤ ᠢᠳᠡᠬᠦ ᠬᠤᠨᠤᠬᠤ ᠭᠠᠵᠠᠷ ᠬᠠᠩᠭᠠᠬᠤ | ᠬᠡᠷᠡᠭᠲᠡᠢ᠂ ᠡᠷᠡᠭᠦᠯ ᠬᠠᠮᠠᠭᠠᠯᠠᠯ ᠵᠡᠷᠭᠡ ᠦᠢᠯᠡᠴᠢᠯᠡᠭᠡᠨ ᠤ ᠠᠵᠢᠯᠲᠠᠨ ᠪᠠᠶᠢᠭᠤᠯᠤᠮᠵᠢ ᠳᠤ ᠬᠢ ᠦᠢᠯᠡᠴᠢᠯᠡᠭᠡ ᠬᠦᠷᠲᠡᠬᠦ | ᠪᠤᠰᠤᠳ ᠬᠦᠮᠦᠰ ᠲᠤ ᠵᠡᠷᠬᠡᠪᠡᠷ ᠦᠢᠯᠡᠴᠢᠯᠡᠭᠡ ᠬᠢᠵᠦ ᠪᠣᠯᠬᠤ ᠦᠭᠡᠢ᠂ ᠰᠤᠯᠢᠪᠴᠠᠨ ᠬᠠᠯᠳᠠᠪᠤᠷᠢᠯᠠᠬᠤ ᠠᠴᠠ | ᠵᠠᠶᠢᠯᠠᠰᠬᠢᠬᠦ ᠬᠡᠷᠡᠭᠲᠡᠢ᠃ | 5. ᠭᠡᠷ ᠲᠡᠭᠡᠨ ᠠᠮᠠᠷᠠᠵᠦ ᠪᠠᠶᠢᠬᠤ ᠬᠦᠮᠦᠰ ᠳᠤᠷ᠎ᠠ ᠪᠠᠷ ᠢᠶᠠᠨ ᠭᠠᠳᠠᠨᠠᠬᠢ ᠬᠦᠮᠦᠰ ᠲᠠᠢ ᠶᠠᠪᠤᠯᠴᠠᠵᠦ ᠪᠣᠯᠬᠤ | ᠦᠭᠡᠢ᠂ ᠶᠠᠮᠠᠷᠪᠠ ᠬᠡᠯᠪᠡᠷᠢ ᠶᠢᠨ ᠴᠤᠭᠯᠠᠭᠠᠨ ᠳᠤ ᠤᠷᠤᠯᠴᠠᠵᠦ ᠪᠣᠯᠬᠤ ᠦᠭᠡᠢ᠃ | 6. ᠠᠵᠢᠯ ᠤᠨ ᠪᠠᠶᠢᠷᠢ ᠳᠠᠭᠠᠨ ᠪᠤᠴᠠᠭᠰᠠᠨ ᠬᠦᠮᠦᠰ ᠪᠣᠯᠤᠨ ᠦᠨᠡᠬᠡᠷ ᠭᠠᠳᠠᠭᠰᠢ ᠭᠠᠷᠴᠤ ᠶᠠᠭᠤᠮ᠎ᠠ | ᠬᠤᠳᠠᠯᠳᠤᠨ ᠠᠪᠬᠤ ᠪᠠ ᠤᠴᠢᠷ ᠶᠠᠪᠤᠳᠠᠯ ᠭᠦᠢᠴᠡᠳᠭᠡᠬᠦ ᠴᠢᠬᠤᠯᠠᠲᠠᠢ ᠬᠠᠮᠢᠶᠠᠷᠤᠯᠲᠠ ᠶᠢᠨ ᠠᠵᠢᠯᠲᠠᠨ | ᠦᠢᠯᠡᠴᠢᠯᠡᠭᠴᠢᠳ ᠬᠦᠷᠢᠶᠡᠯᠡᠩ ᠳᠡᠭᠡᠨ ᠪᠤᠴᠠᠭᠰᠠᠨ ᠤ ᠳᠠᠷᠠᠭ᠎ᠠ ᠡᠷᠬᠡᠪᠰᠢ 14 ᠬᠤᠨᠤᠭ ᠲᠤᠰᠠᠭᠠᠷᠯᠠᠵᠦ ᠠᠵᠢᠬᠯᠠᠨ | ᠰᠢᠨᠵᠢᠬᠦ ᠲᠤᠬᠲᠠᠭᠠᠯ ᠢ ᠴᠢᠩᠭ᠎ᠠ ᠬᠡᠷᠡᠭᠵᠢᠭᠦᠯᠤᠨ᠂ ᠳᠤᠰᠠᠭᠠᠷᠯᠠᠬᠤ ᠬᠡᠷᠡᠭᠲᠡᠢ᠃ | 7. ᠣᠨᠴᠠ ᠤᠴᠢᠷ ᠢᠶᠠᠷ ᠦᠢᠯᠡᠴᠢᠯᠡᠭᠡᠨ ᠤ ᠪᠠᠶᠢᠭᠤᠯᠤᠮᠵᠢ ᠳᠤ ᠤᠷᠤᠵᠦ ᠰᠠᠭᠤᠬᠤ ᠴᠢᠬᠤᠯᠠᠲᠠᠢ ᠪᠤᠶᠤ | ᠭᠠᠳᠠᠭᠰᠢ ᠭᠠᠷᠴᠤ ᠡᠮᠨᠡᠭᠦᠯᠤᠭᠡᠳ ᠦᠢᠯᠡᠴᠢᠯᠡᠭᠡᠨ ᠤ ᠪᠠᠶᠢᠭᠤᠯᠤᠮᠵᠢ ᠳᠠᠭᠠᠨ ᠪᠤᠴᠠᠵᠦ ᠢᠷᠡᠭᠰᠡᠨ ᠨᠠᠰᠤᠲᠠᠳ᠂ | ᠬᠡᠤᠬᠡᠳ᠂ ᠤᠶᠤᠨ ᠮᠡᠳᠡᠷᠡᠯ ᠤᠨ ᠡᠪᠡᠳᠴᠢᠲᠡᠨ ᠪᠡᠶ᠎ᠡ ᠶᠢᠨ ᠬᠠᠯᠠᠭᠤᠨ ᠢᠶᠠᠨ ᠪᠠᠶᠢᠴᠠᠭᠠᠯᠭᠠᠭᠠᠳ ᠬᠡᠪ ᠤᠨ ᠪᠠᠶᠢᠳᠠᠯ | ᠲᠠᠢ᠂ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠨ ᠪᠥᠭᠡᠮ ᠬᠦᠴᠢᠯ ᠤᠨ ᠪᠠᠶᠢᠴᠠᠭᠠᠯᠲᠠ᠂ ST ᠶᠢᠨ | ᠪᠠᠶᠢᠴᠠᠭᠠᠯᠲᠠ ᠬᠢᠭᠡᠳ ᠬᠡᠪ ᠤᠨ ᠪᠠᠶᠢᠳᠠᠯ ᠲᠠᠢ ᠪᠣᠯ 14 ᠬᠤᠨᠤᠭ ᠲᠤᠰᠠᠭᠠᠷᠯᠠᠭᠠᠳ ᠶᠡᠷᠦ ᠪᠤᠰᠤ ᠶᠢᠨ ᠪᠠᠶᠢᠳᠠᠯ | ᠦᠭᠡᠢ ᠪᠣᠯ ᠰᠠᠶ᠋ᠢ ᠠᠮᠢᠳᠤᠷᠠᠯ ᠤᠨ ᠲᠤᠭᠤᠷᠢᠭ ᠲᠤ ᠤᠷᠤᠵᠦ ᠪᠣᠯᠬᠤ ᠲᠤᠬᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ | ᠃ | 8. ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠠᠷᠠᠳ ᠤᠨ ᠶᠠᠪᠤᠳᠠᠯ ᠤᠨ ᠶᠠᠮᠤᠨ ᠤ ᠠᠯᠪᠠᠨ | ᠲᠢᠩᠬᠢᠮ ᠤᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠷᠭᠦᠯᠵᠢᠯᠡᠨ ᠴᠢᠩᠭ᠎ᠠ ᠵᠢᠷᠤᠮᠯᠠᠵᠦ᠂ | ᠳᠦᠷᠢᠮᠵᠢᠯ ᠢ ᠴᠢᠩᠭ᠎ᠠ ᠵᠢᠷᠤᠮᠯᠠᠨ ᠭᠦᠢᠴᠡᠳᠭᠡᠵᠦ᠂ ᠬᠢᠵᠢᠭ ᠡᠪᠡᠳᠴᠢᠨ ᠢ ᠰᠡᠷᠭᠡᠶᠢᠯᠡᠨ ᠬᠤᠷᠢᠬᠯᠠᠬᠤ ᠠᠵᠢᠯ ᠢ | ᠰᠠᠶᠢᠲᠤᠷ ᠬᠢᠬᠦ ᠬᠡᠷᠡᠭᠲᠡᠢ᠃ | 9. ᠤᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠪᠡᠳᠴᠢᠨ ᠦᠵᠡᠬᠦ | ᠭᠠᠵᠠᠷ ᠪᠣᠯᠣᠨ ᠡᠮᠨᠡᠯᠭᠡ ᠳᠤ ᠰᠠᠭᠤᠬᠤ ᠭᠠᠵᠠᠷ ᠤᠨ ᠲᠤᠰᠠᠭᠠᠷᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ | ᠬᠡᠷᠡᠭᠲᠡᠢ᠃ ᠡᠮᠨᠡᠯᠭᠡ ᠳᠤ ᠰᠠᠭᠤᠬᠤ ᠭᠠᠵᠠᠷ ᠢ ᠪᠢᠲᠡᠭᠦᠮᠵᠢᠯᠡᠨ ᠬᠠᠮᠢᠶᠠᠷᠴᠤ᠂ ︽ᠤᠶᠤᠨ ᠮᠡᠳᠡᠷᠡᠯ ᠤᠨ ᠡᠷᠡᠭᠦᠯ | ᠬᠠᠮᠠᠭᠠᠯᠠᠯ ᠡᠮ ᠡᠮᠨᠡᠯᠭᠡ ᠶᠢᠨ ᠪᠠᠶᠢᠭᠤᠯᠤᠮᠵᠢ ᠶᠢᠨ ᠰᠢᠨ᠎ᠡ ᠲᠢᠲᠢᠮᠯᠢᠭ ᠠᠭᠤᠰᠬᠢᠨ ᠥᠷᠪᠢᠰᠦᠯ ᠢ ᠰᠡᠷᠭᠡᠶᠢᠯᠡᠨ | ᠬᠤᠷᠢᠬᠯᠠᠬᠤ ᠮᠡᠷᠭᠡᠵᠢᠯ ᠤᠨ ᠲᠥᠰᠦᠪ︾ ᠢ ᠴᠢᠩᠭ᠎ᠠ ᠵᠢᠷᠤᠮᠯᠠᠨ᠂ ᠡᠪᠡᠳᠴᠢᠨ ᠦᠵᠡᠬᠦ ᠭᠠᠵᠠᠷ ᠤᠨ ᠡᠳᠦᠷ | ᠲᠤᠲᠤᠮ ᠤᠨ ᠠᠷᠢᠭᠤᠳᠬᠠᠬᠤ ᠠᠵᠢᠯ ᠪᠣᠯᠣᠨ ᠡᠪᠡᠳᠴᠢᠨ ᠦᠵᠡᠭᠦᠯᠬᠦ ᠬᠦᠮᠦᠰ᠂ ᠡᠮᠴᠢ ᠰᠤᠪᠢᠯᠠᠭᠴᠢ ᠶᠢᠨ | ᠰᠡᠷᠭᠡᠶᠢᠯᠡᠨ ᠬᠤᠷᠢᠬᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | 10. ᠳᠤᠰᠠᠯᠠᠮᠵᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠡᠷᠬᠡᠪᠰᠢ ︽ᠠᠪᠤᠷᠠᠪᠠᠯ ᠵᠣᠬᠢᠬᠤ ᠶᠢ ᠨᠢ ᠴᠦᠮ | ᠠᠪᠤᠷᠠᠬᠤ︾ ᠱᠠᠭᠠᠷᠳᠠᠯᠭ᠎ᠠ ᠪᠠᠷ ᠲᠦᠷ ᠰᠠᠭᠤᠬᠤ ᠬᠡᠷᠡᠭᠴᠡᠭᠡ ᠲᠠᠢ ᠳᠤᠰᠠᠯᠠᠮᠵᠢ ᠶᠢᠨ ᠬᠦᠮᠦᠰ ᠤᠨ ᠪᠡᠶ᠎ᠡ ᠶᠢᠨ | ᠬᠠᠯᠠᠭᠤᠨ ᠢ ᠪᠠᠶᠢᠴᠠᠭᠠᠭᠰᠠᠨ ᠤ ᠳᠠᠷᠠᠭ᠎ᠠ ᠴᠠᠭ ᠲᠤᠬᠠᠢ ᠳᠤ ᠨᠢ ᠬᠦᠯᠢᠶᠡᠨ ᠠᠪᠴᠤ ᠰᠠᠭᠤᠯᠭᠠᠬᠤ ᠪᠦᠭᠡᠳ ᠲᠤᠰᠬᠠᠢ | ᠭᠠᠵᠠᠷ ᠲᠤᠬᠢᠷᠠᠭᠤᠯᠤᠨ 14 ᠬᠤᠨᠤᠭ ᠲᠤᠰᠠᠭᠠᠷᠯᠠᠬᠤ ᠲᠤᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ | ᠳᠤᠰᠠᠯᠠᠮᠵᠢ ᠶᠢᠨ ᠬᠦᠮᠦᠨ ᠤ ᠲᠦᠷ ᠴᠠᠭ ᠰᠠᠭᠤᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠦ ᠳᠡᠶᠢᠯᠬᠦ ᠦᠭᠡᠢ ᠪᠣᠯ | ᠲᠦᠷ ᠴᠠᠭ ᠬᠠᠮᠠᠭᠠᠯᠠᠬᠤ ᠭᠠᠵᠠᠷ ᠭᠠᠷᠭᠠᠵᠦ ᠲᠤᠰᠠᠯᠠᠬᠤ ᠬᠡᠷᠡᠭᠲᠡᠢ᠃ | 11. ᠠᠵᠢᠯ ᠤᠨ ᠵᠤᠬᠢᠴᠠᠭᠤᠯᠭ᠎ᠠ ᠪᠠᠨ ᠴᠢᠩᠭᠠᠳᠬᠠᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠨ᠎ᠡ | ᠲᠢᠲᠢᠮᠯᠢᠭ ᠠᠭᠤᠰᠬᠢᠨ ᠥᠷᠪᠢᠰᠦᠯ ᠢ ᠠᠷᠭᠠᠴᠠᠭᠠᠬᠤ ᠬᠠᠮᠲᠤᠷᠠᠨ ᠰᠡᠷᠭᠡᠶᠢᠯᠡᠵᠦ ᠬᠤᠷᠢᠬᠯᠠᠬᠤ ᠲᠤᠬᠲᠠᠴᠠ ᠶᠢᠨ ︽ | ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠵᠢᠭ ᠰᠡᠷᠭᠡᠶᠢᠯᠡᠬᠦ ᠠᠵᠢᠯ ᠢ ᠤᠯᠠᠮ ᠰᠠᠶᠢᠨ ᠬᠢᠬᠦ | ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠦ᠂ ᠨᠢᠭᠡᠳᠦᠯᠲᠠᠢ ᠲᠤᠬᠢᠷᠠᠭᠤᠯᠬᠤ ᠠᠷᠭ᠎ᠠ | ᠮᠠᠶ᠋ᠢᠭ ᠢᠶᠠᠷ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠡᠷᠡᠭᠰᠡᠬᠦ ᠠᠮᠤ ᠭᠤᠯᠢᠷ ᠲᠣᠰᠤ᠂ | ᠮᠢᠬ᠎ᠠ ᠥᠨᠳᠡᠭᠡ ᠨᠤᠭᠤᠭ᠎ᠠ ᠵᠡᠷᠭᠡ ᠠᠮᠢᠳᠤᠷᠠᠯ ᠤᠨ ᠡᠳ᠋ ᠪᠤᠳᠠᠰ ᠤᠨ ᠬᠠᠩᠭᠠᠯᠭ᠎ᠠ ᠶᠢ ᠪᠠᠲᠤᠯᠠᠵᠦ᠂ ᠠᠷᠠᠳ ᠤᠨ | ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠡᠶᠢᠭᠡᠮ ᠤᠨ ᠬᠠᠨᠳᠢᠪᠯᠠᠭᠰᠠᠨ ᠡᠳ᠋ ᠪᠤᠳᠠᠰ ᠢ ᠲᠤᠬᠢᠷᠠᠭᠤᠯᠬᠤ | ᠬᠡᠪᠴᠢᠶᠡᠨ ᠳᠤ ᠤᠷᠤᠭᠤᠯᠬᠤ ᠬᠡᠷᠡᠭᠲᠡᠢ᠃ ᠣᠳᠤ ᠶᠢᠨ ᠬᠡᠷᠡᠭᠵᠢᠭᠦᠯᠵᠦ ᠪᠠᠶᠢᠬᠤ ᠵᠠᠷᠤᠳᠠᠯ ᠤᠨ ᠠᠷᠭ᠎ᠠ ᠵᠠᠮ ᠢᠶᠠᠷ | ᠬᠢᠵᠢᠭ ᠡᠪᠡᠳᠴᠢᠨ ᠢ ᠰᠡᠷᠭᠡᠶᠢᠯᠡᠨ ᠬᠤᠷᠢᠬᠯᠠᠬᠤ ᠳᠤ ᠬᠡᠷᠡᠭᠰᠡᠬᠦ ᠪᠡᠯᠡ ᠮᠥᠩᠭᠦ ᠶᠢ ᠨᠢᠭᠡᠳᠦᠯᠲᠠᠢ ᠲᠥᠯᠥᠪᠯᠡᠨ | ᠰᠢᠢᠳᠪᠤᠷᠢᠯᠡᠬᠦ ᠬᠡᠷᠡᠭᠲᠡᠢ᠃ | 12. ᠤᠷᠤᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠬᠡᠭᠦᠷ ᠢ ᠲᠤᠰᠴᠤ ᠵᠥᠭᠡᠭᠡᠪᠤᠷᠢᠯᠡᠬᠦ᠂ | ᠳᠡᠭᠳᠡᠭᠡᠬᠦ ᠪᠠ ᠴᠢᠨᠳᠠᠷ ᠢ ᠲᠦᠷ ᠬᠠᠳᠠᠭᠠᠯᠠᠬᠤ ᠵᠡᠷᠭᠡ ᠤᠷᠤᠰᠢᠭᠤᠯᠭ᠎ᠠ ᠶᠢᠨ ᠦᠨᠳᠦᠰᠦᠨ ᠦᠢᠯᠡᠴᠢᠯᠡᠭᠡ ᠶᠢ | ᠪᠠᠲᠤᠯᠠᠬᠤ ᠠᠴᠠ ᠭᠠᠳᠠᠨ᠎ᠠ᠂ ᠴᠢᠨᠳᠠᠷ ᠰᠠᠬᠢᠬᠤ᠂ ᠠᠶᠠᠷᠯᠠᠨ ᠰᠠᠯᠬᠤ᠂ ᠲᠠᠬᠢᠯᠭ᠎ᠠ ᠬᠢᠬᠦ ᠵᠡᠷᠭᠡ ᠬᠦᠮᠦᠰ ᠴᠤᠭᠯᠠᠷᠠᠬᠤ | ᠠᠵᠢᠯᠯᠠᠭ᠎ᠠ ᠶᠢ ᠲᠦᠷ ᠵᠤᠭᠰᠤᠭᠠᠬᠤ ᠲᠤᠬᠲᠠᠭᠠᠯ ᠢ ᠦᠷᠭᠦᠯᠵᠢᠯᠡᠨ ᠬᠡᠷᠡᠭᠵᠢᠭᠦᠯᠦᠨ᠎ᠡ᠃ ᠰᠢᠨ᠎ᠡ ᠲᠢᠲᠢᠮᠯᠢᠭ | ᠠᠭᠤᠰᠬᠢᠨ ᠥᠷᠪᠢᠰᠦᠯ ᠢᠶᠠᠷ ᠦᠬᠦᠭᠰᠡᠨ ᠬᠦᠮᠦᠨ ᠤ ᠬᠡᠭᠦᠷ ᠢ ᠲᠤᠬᠲᠠᠬᠰᠠᠨ ᠱᠠᠭᠠᠷᠳᠠᠯᠭ᠎ᠠ ᠶᠤᠰᠤᠭᠠᠷ ᠴᠠᠭ ᠲᠤᠬᠠᠢ | ᠳᠤᠨᠢ ᠠᠷᠢᠭᠤᠳᠬᠠᠨ ᠰᠢᠢᠳᠪᠤᠷᠢᠯᠡᠵᠦ᠂ ᠤᠶᠢᠷ᠎ᠠ ᠬᠠᠪᠢ ᠳᠤ ᠲᠡᠭᠳᠡᠭᠡᠬᠦ ᠪᠠᠷ ᠲᠤᠬᠢᠷᠠᠭᠤᠯᠬᠤ ᠬᠡᠷᠡᠭᠲᠡᠢ᠃ | 13. ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠤᠨᠤᠰᠢᠯᠠᠭᠰᠠᠨ ᠪᠤᠶᠤ ᠰᠡᠵᠢᠭᠯᠡᠯᠲᠡᠢ | ᠡᠪᠡᠳᠴᠢᠲᠡᠨ ᠪᠠᠶᠢᠬᠤ ᠶᠢ ᠤᠯᠵᠦ ᠮᠡᠳᠡᠪᠡᠯ᠂ ︽ᠡᠷᠲᠡ ᠤᠯᠵᠦ ᠮᠡᠳᠡᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ | ᠂ ᠡᠷᠲᠡ ᠡᠮᠨᠡᠬᠦ︾ ᠱᠠᠭᠠᠷᠳᠠᠯᠭ᠎ᠠ ᠶᠢ ᠡᠷᠡᠰ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ | ᠭᠤᠷᠪᠠ᠂ ᠤᠨᠴᠠᠭᠠᠢ ᠬᠦᠮᠦᠰ ᠤᠨ ᠦᠨᠳᠦᠰᠦᠨ ᠵᠦᠢᠯ ᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠢ | ᠬᠢᠵᠢᠭ ᠡᠪᠡᠳᠴᠢᠨ ᠤ ᠨᠥᠯᠥᠭᠡ ᠪᠠᠷ ᠭᠡᠷ ᠲᠡᠭᠡᠨ ᠲᠤᠰᠠᠭᠠᠷᠯᠠᠭᠳᠠᠭᠰᠠᠨ ᠥᠨᠥᠴᠢᠨ ᠥᠷᠦᠭᠡᠰᠦᠨ ᠨᠠᠰᠤᠲᠠᠨ᠂ | ᠭᠡᠷ ᠤᠨ ᠬᠢᠨᠢ ᠬᠦᠮᠦᠰ ᠲᠤᠰᠠᠭᠠᠷᠯᠠᠭᠳᠠᠭᠠᠳ ᠡᠮᠨᠡᠭᠦᠯᠵᠦ ᠪᠠᠶᠢᠬᠤ ᠠᠴᠠ ᠪᠣᠯᠵᠦ ᠬᠠᠷᠠᠭᠠᠯᠵᠠᠬᠤ ᠬᠦᠮᠦᠨ ᠦᠭᠡᠢ | ᠪᠣᠯᠣᠭᠰᠠᠨ ᠨᠠᠰᠤᠲᠠᠨ ᠪᠣᠯᠣᠨ ᠨᠠᠰᠤᠨ ᠳᠤ ᠦᠯᠤ ᠬᠦᠷᠤᠭ᠍ᠰᠡᠳ᠂ ᠵᠢᠴᠢ ᠨᠡᠶᠢᠭᠡᠮ ᠳᠡᠭᠡᠷᠡᠬᠢ ᠰᠤᠯᠠ ᠰᠡᠯᠡᠭᠦᠦ | ᠥᠨᠥᠴᠢᠨ ᠬᠡᠤᠬᠡᠳ᠂ ᠭᠡᠷ ᠲᠡᠭᠡᠨ ᠬᠤᠴᠤᠷᠤᠬᠰᠠᠨ ᠬᠡᠤᠬᠡᠳ᠂ ᠭᠡᠷ ᠲᠡᠭᠡᠨ ᠬᠤᠴᠤᠷᠤᠭᠰᠠᠨ ᠨᠠᠰᠤᠲᠠᠳ ᠵᠡᠷᠭᠡ | ᠤᠨᠴᠠᠭᠠᠢ ᠬᠦᠮᠦᠰ ᠢ ᠠᠷᠠᠳ ᠤᠨ ᠶᠠᠪᠤᠳᠠᠯ ᠤᠨ ᠦᠢᠯᠡᠴᠢᠯᠡᠭᠡᠨ ᠤᠨ ᠪᠠᠶᠢᠭᠤᠯᠤᠮᠵᠢ ᠶᠢᠨ ᠬᠢᠨ ᠡᠷᠬᠢᠨ ᠦᠵᠡᠵᠦ᠂ | ᠴᠠᠭ ᠲᠤᠬᠠᠢ ᠳᠤᠨᠢ ᠬᠠᠪᠰᠤᠷᠤᠯᠭ᠎ᠠ ᠦᠵᠡᠭᠦᠯᠤᠨ᠂ ᠨᠡᠶᠢᠭᠡᠮ ᠤᠨ ᠶᠤᠰᠤ ᠰᠤᠷᠲᠠᠬᠤᠨ ᠤ ᠬᠤᠷᠢᠭ᠎ᠠ ᠴᠡᠭᠡᠷ ᠢ ᠡᠪᠳᠡᠬᠦ | ᠬᠡᠷᠡᠭ ᠭᠠᠷᠬᠤ ᠶᠢ ᠰᠡᠷᠭᠡᠶᠢᠯᠡᠬᠦ ᠬᠡᠷᠡᠭᠲᠡᠢ᠃ | ᠳᠥᠷᠪᠡ᠂ ᠵᠤᠬᠢᠶᠠᠨ ᠪᠠᠶᠢᠭᠤᠯᠵᠤ ᠤᠳᠤᠷᠢᠳᠬᠤ ᠠᠵᠢᠯ ᠢᠶᠠᠨ ᠦᠨᠡᠨᠬᠦ ᠴᠢᠩᠭᠠᠳᠬᠠᠬᠤ ᠬᠡᠷᠡᠭᠲᠡᠢ | ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠵᠤᠬᠢᠶᠠᠨ ᠪᠠᠶᠢᠭᠤᠯᠵᠤ | ᠤᠳᠤᠷᠢᠳᠬᠤ ᠠᠵᠢᠯ ᠢᠶᠠᠨ ᠤᠯᠠᠮ ᠴᠢᠩᠭᠠᠳᠬᠠᠵᠦ᠂ ᠤᠷᠤᠨ ᠨᠤᠲᠤᠭ ᠤᠨ ᠨᠠᠮ ᠤᠨ ᠬᠤᠷᠢᠶ᠎ᠠ ᠪᠣᠯᠣᠨ ᠵᠠᠰᠠᠭ ᠤᠨ | ᠣᠷᠳᠤᠨ ᠤ ᠳᠡᠮᠵᠢᠯᠭᠡ ᠶᠢ ᠢᠲᠡᠪᠬᠢᠲᠠᠢ ᠣᠯᠵᠦ᠂ ᠡᠯ᠎ᠡ ᠲᠠᠯ᠎ᠠ ᠶᠢᠨ ᠬᠢᠨ ᠤ ᠠᠷᠠᠳ ᠤᠨ ᠶᠠᠪᠤᠳᠠᠯ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠬᠢᠵᠢᠭ ᠡᠪᠡᠳᠴᠢᠨ ᠢ ᠰᠡᠷᠭᠡᠶᠢᠯᠡᠨ ᠬᠤᠷᠢᠬᠯᠠᠬᠤ ᠠᠵᠢᠯ ᠳᠤ ᠦᠵᠡᠭᠦᠯᠬᠦ | ᠳᠡᠮᠵᠢᠯᠭᠡ ᠶᠢ ᠨᠡᠮᠡᠭᠳᠡᠭᠦᠯᠵᠦ᠂ ᠬᠢᠵᠢᠭ ᠢ ᠰᠡᠷᠭᠡᠶᠢᠯᠡᠬᠦ ᠡᠳ᠋ ᠪᠤᠳᠠᠰ᠂ ᠮᠡᠷᠭᠡᠵᠢᠯ ᠪᠣᠯᠣᠨ ᠪᠠᠲᠤᠯᠠᠭᠠᠨ ᠤ ᠡᠷᠴᠢᠮ ᠢᠶᠠᠨ | ᠴᠢᠩᠭᠠᠳᠬᠠᠨ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠬᠠᠯᠳᠠᠪᠤᠷᠢᠯᠠᠯ ᠥᠯᠥ ᠭᠠᠷᠬᠤ ᠶᠢ | ᠦᠨᠡᠨᠬᠦ ᠪᠠᠲᠤᠯᠠᠬᠤ ᠬᠡᠷᠡᠭᠲᠡᠢ᠃ |