ᠲᠥᠷᠥ ᠶᠢᠨ ᠶᠠᠪᠤᠳᠠᠯ ᠤᠨ ᠬᠤᠷᠢᠶᠠᠨ ᠤ 《 ᠨᠡᠶᠢᠭᠡᠮ ᠤᠨ ᠳᠤᠰᠠᠯᠠᠮᠵᠢ ᠶᠢᠨ ᠲᠦᠷ ᠬᠡᠷᠡᠭᠵᠢᠭᠦᠯᠬᠦ ᠠᠷᠭ᠎ᠠ | 》 ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠬᠢᠷᠢ ᠬᠡᠮᠵᠢᠶ᠎ᠡ ᠶᠢ ᠯᠠᠪᠳᠠᠭᠤᠨ ᠢᠶᠠᠷ ᠳᠡᠭᠡᠭᠰᠢᠯᠡᠭᠦᠯᠬᠦ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ | ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠣᠶᠢᠷ᠎ᠠ ᠳᠤ ︽2020 | ᠣᠨ ᠤ ᠪᠥᠬᠦ ᠣᠷᠣᠨ ᠤ ᠨᠡᠶᠢᠭᠡᠮ ᠤᠨ ᠳᠤᠰᠠᠯᠠᠮᠵᠢ ᠶᠢᠨ ᠪᠠᠷᠢᠮᠵᠢᠶ᠎ᠠ ᠶᠢᠨ ᠬᠠᠮᠢᠶ᠎ᠠ ᠪᠥᠬᠦᠶ ᠶᠠᠪᠤᠳᠠᠯ ᠤᠨ ᠲᠤᠬᠠᠶ | ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ | ᠳᠤᠰᠠᠯᠠᠮᠵᠢ ᠶᠢᠨ ᠪᠠᠷᠢᠮᠵᠢᠶ᠎ᠠ ᠶᠢ ᠳᠣᠭᠲᠠᠭᠠᠭᠰᠠᠨ ᠠᠬᠤᠶ ᠪᠠᠶᠢᠳᠠᠯ | ︵1︶ ᠶᠡᠷᠦᠩᠬᠡᠶ ᠱᠦᠵᠢ ᠰᠢ ᠶᠢᠨ ᠫᠢᠩ ᠤᠨ 2020 ᠣᠨ ᠤ 4 ᠳ᠋ᠤᠭᠡᠷ ᠰᠠᠷ᠎ᠠ ᠶᠢᠨ 8 ᠤ ᠡᠳᠦᠷ ᠤᠨ | ᠲᠥᠪ ᠤᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷ᠎ᠡ ᠳᠤᠷᠠᠳᠤᠭᠰᠠᠨ ︽ | ᠪᠠᠲᠤᠯᠠᠭ᠎ᠠ ᠶᠢᠨ ᠠᠵᠢᠯ ᠢ ᠴᠢᠩᠭᠠᠳᠬᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ︾ ︽ᠬᠤᠲᠠ | ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠪᠠᠲᠤᠯᠠᠭ᠎ᠠ ᠶᠢᠨ ᠪᠠᠷᠢᠮᠵᠢᠶ᠎ᠠ ᠶᠢ ᠵᠣᠬᠢᠰᠲᠠᠶ | ᠳᠡᠭᠡᠭᠰᠢᠯᠡᠭᠦᠯᠬᠦ︾ ᠲᠤᠬᠠᠶ ᠱᠠᠭᠠᠷᠳᠠᠯᠭ᠎ᠠ ᠶᠢ ᠳᠣᠭᠤᠰᠢᠯᠠᠭᠤᠯᠤᠨ ᠨᠠᠶᠢᠳᠠᠪᠤᠷᠢᠵᠢᠭᠤᠯᠵᠠᠢ᠃ | ︵2︶ 2019 ᠣᠨ ᠤ 12 ᠳ᠋ᠤᠭᠠᠷ ᠰᠠᠷ᠎ᠠ ᠳᠤ ᠬᠤᠷᠠᠯᠳᠤᠭᠤᠯᠤᠭᠰᠠᠨ ᠲᠥᠪ ᠤᠨ ᠠᠵᠤ ᠠᠬᠤᠶ ᠶᠢᠨ | ᠠᠵᠢᠯ ᠤᠨ ᠬᠤᠷᠠᠯ ᠤᠨ ︽ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠬᠢᠭᠡᠳ ᠠᠵᠤ ᠠᠬᠤᠶ ᠶᠢᠨ ᠨᠡᠮᠡᠭᠳᠡᠯ ᠢ | ᠦᠨᠳᠦᠰᠦᠨ ᠳᠤ ᠪᠠᠨ ᠠᠳᠠᠯᠢ ᠪᠠᠶᠢᠯᠭᠠᠬᠤ︾᠂ ︽ᠨᠡᠶᠢᠭᠡᠮ ᠤᠨ ᠳᠤᠰᠠᠯᠠᠮᠵᠢ ᠶᠢᠨ ᠪᠠᠷᠢᠮᠵᠢᠶ᠎ᠠ ᠶᠢ ᠵᠦᠶ ᠵᠣᠬᠢᠰᠲᠠᠶ | ᠳᠡᠭᠡᠭᠰᠢᠯᠡᠭᠦᠯᠬᠦ︾᠂ ︽ᠵᠠᠩᠭᠢᠯᠠᠭ᠎ᠠ ᠶᠢᠨ ᠴᠠᠭ ᠲᠤ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ | ᠪᠠᠲᠤᠯᠠᠭ᠎ᠠ ᠶᠢ ᠰᠠᠶᠢᠲᠤᠷ ᠬᠢᠬᠦ︾ ᠪᠠ ︽ᠠᠷᠠᠳ ᠤᠨ ᠠᠮᠢᠳᠤᠷᠠᠯ ᠢᠯᠠᠩᠭᠤᠶ᠎ᠠ ᠬᠦᠴᠢᠷᠳᠡᠯᠲᠡᠶ ᠣᠯᠠᠨ ᠲᠦᠮᠡᠨ ᠤ | ᠦᠨᠳᠦᠰᠦᠨ ᠠᠮᠢᠳᠤᠷᠠᠯ ᠢ ᠪᠦᠲᠦᠮᠵᠢᠲᠡᠶ ᠪᠠᠲᠤᠯᠠᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ︾ ᠵᠣᠷᠢᠭ | ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠠᠢ᠃ | ︵3︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽2020 ᠣᠨ ᠤ ᠵᠠᠰᠠᠭ ᠤᠨ | ᠣᠷᠳᠣᠨ ᠤ ᠠᠵᠢᠯ ᠤᠨ ᠢᠯᠡᠳᠬᠡᠯ︾ ᠳᠤ ᠳᠤᠷᠠᠳᠤᠭᠰᠠᠨ ︽ᠡᠨᠡ ᠵᠢᠯ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠤᠷᠢᠯᠡᠯ ᠤᠨ ᠶᠡᠷᠦᠩᠬᠡᠶ ᠥᠷᠲᠡᠭ ᠢ | 6% ᠣᠷᠴᠢᠮ ᠨᠡᠮᠡᠭᠳᠡᠭᠦᠯᠵᠤ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ | ᠨᠡᠮᠡᠭᠳᠡᠯ ᠲᠠᠢ ᠦᠨᠳᠦᠰᠦᠨ ᠳᠤ ᠪᠠᠨ ᠠᠳᠠᠯᠢ ᠪᠠᠶᠢᠯᠭᠠᠬᠤ 》 ᠶᠢ ᠱᠠᠭᠠᠷᠳᠠᠨ᠎ᠠ᠃ | | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ | ᠪᠦᠷᠢᠯᠳᠦᠬᠦᠨ ᠤ ᠬᠥᠮᠦᠨ ᠳᠤᠮᠳᠠᠴᠢ ᠶᠢᠨ ᠣᠷᠣᠯᠭ᠎ᠠ ᠶᠢ ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠣᠷ᠎ᠠ ᠪᠠᠶᠢᠯᠠᠭᠠᠵᠤ᠂ ᠲᠤᠬᠠᠶ ᠶᠢᠨ ᠭᠠᠵᠠᠷ ᠤᠨ ᠨᠠᠭᠠᠳᠤ ᠵᠠᠬ᠎ᠠ | ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷ ᠪᠦᠯᠢ ᠤᠨ ᠡᠳ᠋ ᠬᠥᠷᠥᠩᠭᠡ ᠶᠢᠨ ᠪᠠᠶᠢᠳᠠᠯ ᠨᠢ ᠲᠣᠭᠲᠠᠭᠠᠯ ᠳᠤ | ᠨᠡᠶᠢᠴᠡᠭᠰᠡᠳ ᠨᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠣᠯᠭᠤᠨ᠎ᠠ᠃ | ᠬᠥᠳᠡᠯᠮᠦᠷᠢᠯᠡᠬᠦ ᠴᠢᠳᠠᠪᠤᠷᠢ ᠦᠭᠡᠢ᠂ ᠠᠮᠢᠳᠤᠷᠠᠯ ᠤᠨ ᠢᠷᠡᠯᠲᠡ ᠦᠭᠡᠢ ᠮᠥᠷᠲᠡᠭᠡᠨ ᠬᠠᠤᠯᠢ ᠪᠠᠷ | ᠲᠣᠭᠲᠠᠭᠠᠭᠰᠠᠨ ᠠᠰᠠᠷᠠᠨ ᠬᠠᠷᠠᠭᠠᠯᠵᠠᠬᠤ᠂ ᠡᠨᠡᠷᠢᠨ ᠠᠰᠠᠷᠠᠬᠤ᠂ ᠡᠷᠭᠦᠨ ᠲᠡᠵᠢᠭᠡᠬᠦ ᠵᠢᠷᠤᠮ ᠤᠨ ᠡᠭᠦᠷᠭᠡ ᠲᠠᠢ | ᠬᠦᠮᠤᠨ ᠦᠭᠡᠢ ᠨᠠᠰᠤᠲᠠᠶᠢᠴᠤᠳ᠂ ᠵᠡᠮᠳᠡᠭᠴᠦᠳ᠂ ᠪᠦᠬᠦᠯᠢ 16 ᠨᠠᠰᠤ ᠬᠦᠷᠦᠭᠡᠳᠦᠢ ᠬᠦᠮᠤᠰ ᠢ ᠣᠨᠴᠠ | ᠬᠦᠴᠢᠷᠳᠡᠯᠲᠡᠶ ᠬᠥᠮᠦᠰ ᠤᠨ ᠬᠡᠪᠴᠢᠶᠡᠨ ᠳᠤ ᠣᠷᠣᠭᠤᠯᠵᠤ ᠠᠰᠠᠷᠠᠨ ᠬᠠᠷᠠᠭᠠᠯᠵᠠᠨ᠎ᠠ᠃ | ᠮᠠᠨ ᠤ ᠣᠷᠣᠨ ᠤ ᠳᠤᠰᠠᠯᠠᠮᠵᠢ ᠶᠢᠨ ᠪᠠᠷᠢᠮᠵᠢᠶ᠎ᠠ ᠶᠢᠨ ᠪᠠᠶᠢᠳᠠᠯ | | | | | | | 2019 ᠣᠨ ᠤ ᠪᠥᠬᠦ ᠣᠷᠣᠨ ᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 25383 ᠲᠥᠭᠦᠷᠢᠭ᠂ ᠬᠤᠲᠠ ᠶᠢᠨ ᠨᠠᠭᠠᠳᠤ | ᠵᠠᠬ᠎ᠠ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠨᠢ ᠲᠦᠷᠤᠭᠦᠤ ᠵᠢᠯ ᠤᠨ ᠬᠤᠲᠠ ᠪᠠᠯᠭᠠᠰᠤᠨ ᠤ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ ᠶᠢᠨ 34. | 61% ᠶᠢ ᠡᠵᠡᠯᠡᠪᠡ᠃ | 2019 ᠣᠨ ᠤ ᠪᠥᠬᠦ ᠣᠷᠣᠨ ᠤ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 13816 ᠲᠥᠭᠦᠷᠢᠭ᠂ ᠲᠠᠷᠢᠶᠠᠯᠠᠬᠤ ᠮᠠᠯᠵᠢᠬᠤ | ᠣᠷᠣᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠨᠢ ᠲᠦᠷᠤᠭᠦᠤ ᠵᠢᠯ ᠤᠨ ᠬᠥᠳᠡᠭᠡ | ᠲᠣᠰᠬᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ ᠶᠢᠨ 45. | 65% ᠶᠢ ᠡᠵᠡᠯᠡᠵᠡᠶ᠃ | | | | | | ᠪᠥᠬᠦ ᠣᠷᠣᠨ ᠤ ᠣᠨᠴᠠ ᠬᠦᠴᠢᠷᠳᠡᠯᠲᠡᠶ ᠬᠥᠮᠦᠰ ᠤᠨ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ | ᠬᠡᠰᠡᠭ ᠠᠯᠳᠠᠭᠰᠠᠳ ᠤᠨ ᠠᠰᠠᠷᠠᠨ ᠰᠤᠪᠢᠯᠠᠬᠤ ᠳᠤᠮᠳᠠᠴᠢᠯᠠᠭᠰᠠᠨ ᠪᠠᠷᠢᠮᠵᠢᠶ᠎ᠠ ᠨᠢ ᠰᠠᠷ᠎ᠠ ᠪᠦᠷᠢ 430 | ᠲᠥᠭᠦᠷᠢᠭ ᠲᠤ ᠬᠦᠷᠴᠤ᠂ ᠲᠦᠷᠤᠭᠦᠤ ᠵᠢᠯ ᠤᠨ ᠬᠢ ᠠᠴᠠ 5 ᠲᠥᠭᠦᠷᠢᠭ ᠳᠡᠭᠡᠭᠰᠢᠯᠡᠵᠦ᠂ ᠨᠡᠮᠡᠭᠳᠡᠯ ᠤᠨ ᠬᠡᠮᠵᠢᠶ᠎ᠡ | ᠨᠢ 1.2% ᠪᠣᠯᠪᠠ︔ | ᠪᠥᠬᠦ ᠣᠷᠣᠨ ᠤ ᠣᠨᠴᠠ ᠬᠦᠴᠢᠷᠳᠡᠯᠲᠡᠶ ᠬᠥᠮᠦᠰ ᠤᠨ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ | ᠪᠦᠷᠢᠮᠦᠰᠦᠨ ᠠᠯᠳᠠᠭᠰᠠᠳ ᠤᠨ ᠠᠰᠠᠷᠠᠨ ᠰᠤᠪᠢᠯᠠᠬᠤ ᠳᠤᠮᠳᠠᠴᠢᠯᠠᠭᠰᠠᠨ ᠪᠠᠷᠢᠮᠵᠢᠶ᠎ᠠ ᠶᠢ ᠰᠠᠷ᠎ᠠ ᠳᠤ 1078 | ᠲᠥᠭᠦᠷᠢᠭ ᠲᠤ ᠬᠦᠷᠭᠡᠵᠤ᠂ ᠲᠦᠷᠤᠭᠦᠤ ᠵᠢᠯ ᠤᠨ ᠬᠢ ᠠᠴᠠ 8 ᠲᠥᠭᠦᠷᠢᠭ ᠳᠡᠭᠡᠭᠰᠢᠯᠡᠵᠦ᠂ ᠨᠡᠮᠡᠭᠳᠡᠯ ᠤᠨ ᠬᠡᠮᠵᠢᠶ᠎ᠡ | ᠨᠢ 0.7% ᠪᠣᠯᠵᠠᠶ᠃ | |