ᠣᠷᠳᠣᠰ ᠬᠤᠲᠠ ᠶᠢᠨ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠨᠡᠶᠢᠭᠡᠮ ᠤᠨ ᠳᠤᠰᠠᠯᠠᠮᠵᠢ ᠬᠦᠷᠲᠡᠭᠰᠡᠳ ᠲᠤ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠬᠢᠪᠡ
ᠨᠡᠶᠢᠲᠡᠯᠡᠭᠰᠡᠨ ᠴᠠᠭ᠄
2020-04-16
         ᠲᠦᠷᠦᠭᠦᠬᠡᠨ ᠣᠷᠳᠣᠰ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ︽ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠲᠡᠯ ᠲᠠᠢ ᠬᠥᠮᠦᠨ ᠠᠮᠠ ᠪᠠ ᠵᠠᠬ᠎ᠠ ᠬᠠᠪᠢ ᠶᠢᠨ ᠡᠷᠦᠬᠡ ᠳᠤ ᠡᠷᠦᠬᠡ ᠨᠡᠶᠢᠭᠡᠮ ᠤᠨ ᠳᠤᠰᠠᠯᠠᠮᠵᠢ ᠶᠢᠨ ᠪᠠᠲᠤᠯᠠᠭ᠎ᠠ ᠭᠥᠷᠳᠡᠬᠦ ᠲᠥᠷᠥ ᠶᠢᠨ ᠪᠣᠳᠣᠯᠭ᠎ᠠ ᠶᠢᠨ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠬᠢᠬᠦ ᠲᠤᠬᠠᠶ ᠮᠡᠳᠡᠭᠳᠡᠯ ︾ ᠢ ᠳᠠᠷᠤᠮᠠᠯᠯᠠᠨ ᠲᠠᠷᠬᠠᠭᠠᠪᠠ᠃      ᠲᠣᠰ ᠤᠳᠠᠭᠠᠨ ᠤ ᠪᠠᠶᠢᠴᠠᠭᠠᠯᠲᠠ ᠳᠤ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠦᠮᠤᠨ ᠠᠮᠠ ᠵᠢᠴᠢ ᠵᠠᠬ᠎ᠠ ᠬᠠᠪᠢ ᠶᠢᠨ 36 ᠡᠷᠦᠬᠡ᠂ 93 ᠨᠡᠷᠡᠰ ᠬᠤᠪᠢ ᠬᠦᠮᠤᠨ ᠢ ᠡᠷᠦᠬᠡ ᠳᠠᠷᠠᠭᠠᠯᠠᠨ ᠵᠢᠭᠰᠠᠭᠠᠨ ᠪᠠᠶᠢᠴᠠᠭᠠᠵᠤ᠂ ᠪᠠᠶᠢᠴᠠᠭᠠᠵᠤ ᠭᠠᠷᠭᠠᠭᠰᠠᠨ ᠳᠤᠰᠠᠯᠠᠮᠵᠢ ᠶᠢᠨ ᠨᠥᠬᠦᠴᠡᠯ ᠳᠤ ᠨᠡᠶᠢᠴᠡᠬᠦ ᠬᠥᠮᠦᠰ ᠢ ᠴᠠᠭ ᠲᠤᠬᠠᠶ ᠳᠤᠨᠢ ᠳᠤᠰᠠᠯᠠᠮᠵᠢ ᠶᠢᠨ ᠬᠡᠪᠴᠢᠶᠡᠨ ᠳᠤ ᠣᠷᠣᠭᠤᠯᠵᠤ᠂ ︽ᠢᠳᠡᠭ ᠢᠳᠡᠭ ᠢᠶᠠᠷ ᠤᠬᠤᠷᠢᠵᠤ ᠭᠠᠷᠬᠤ︾ ᠳᠤ ᠨᠢ ᠢᠳᠡᠭ ᠢᠳᠡᠭ ᠢᠶᠠᠷ ᠤᠬᠤᠷᠢᠵᠤ ᠭᠠᠷᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠤᠨ᠂ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠠᠴᠠ ᠨᠢᠭᠡᠨᠲᠡ ᠶᠠᠳᠠᠭᠤ ᠠᠴᠠ ᠠᠩᠬᠢᠵᠢᠷᠠᠭᠰᠠᠨ ᠭᠡᠵᠤ ᠦᠨᠡᠯᠡᠭᠰᠡᠨ ᠪᠠᠶᠢᠪᠠᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠠᠴᠠ ᠳᠠᠷᠤᠢ ᠳᠤᠨᠢ ᠢᠯᠭᠠᠨ ᠭᠠᠷᠭᠠᠭᠰᠠᠨ ᠪᠠᠶᠢᠨ᠎ᠠ᠃      ᠣᠳᠣᠬᠠᠨ ᠳᠤ ᠡᠨᠡ ᠠᠵᠢᠯ ᠶᠠᠭ ᠡᠯ᠎ᠡ ᠬᠤᠰᠢᠭᠤ ᠲᠣᠭᠤᠷᠢᠭ ᠲᠤ ᠡᠮᠬᠢ ᠵᠢᠷᠤᠮ ᠲᠠᠢ ᠶᠠᠪᠤᠭᠳᠠᠵᠤ᠂ ᠵᠢᠱᠢᠯᠲᠡ ᠪᠠᠷ 5 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠪᠦᠬᠦᠨ ᠢ ᠪᠡᠶᠡᠯᠡᠭᠦᠯᠬᠦ ᠪᠠᠷ ᠪᠠᠶᠢᠨ᠎ᠠ᠃
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号