ᠰᠢᠯᠢ ᠶᠢᠨ ᠭᠤᠤᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠲᠠᠳ ᠢ ᠠᠰᠠᠷᠠᠬᠤ ᠦᠶᠯᠡᠴᠢᠯᠡᠭᠡᠨ ᠤ ᠪᠠᠶᠢᠭᠤᠯᠤᠮᠵᠢ ᠶᠢ ᠵᠢᠯᠣᠭᠤᠳᠴᠤ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ  ᠬᠢ ᠨᠠᠰᠤᠲᠠᠳ ᠤᠨ ᠡᠮᠨᠡᠯᠭᠡ ᠳᠤ ᠪᠤᠴᠠᠬᠤ ᠠᠵᠢᠯ ᠢ ᠡᠮᠬᠢ ᠵᠢᠷᠤᠮ ᠲᠠᠢ ᠰᠠᠶᠢᠨ ᠬᠢᠵᠤ ᠪᠣᠢ
ᠨᠡᠶᠢᠲᠡᠯᠡᠭᠰᠡᠨ ᠴᠠᠭ᠄
2020-04-02
                 3 ᠳ᠋ᠤᠭᠠᠷ ᠰᠠᠷ᠎ᠠ ᠶᠢᠨ 10 ᠤ ᠡᠳᠦᠷ ᠠᠶᠢᠮᠠᠭ ᠤᠨ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠪᠠ ᠠᠶᠢᠮᠠᠭ ᠤᠨ ᠵᠠᠬᠢᠷᠭ᠎ᠠ ᠶᠢᠨ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠶᠢᠨ ᠵᠦᠪᠰᠢᠶᠡᠷᠡᠯ ᠢᠶᠠᠷ᠂ ᠰᠢᠯᠢ  ᠶᠢᠨ ᠭᠤᠤᠯ ᠠᠶᠢᠮᠠᠭ ᠨᠠᠰᠤᠲᠠᠳ ᠢ ᠠᠰᠠᠷᠠᠬᠤ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢᠶᠠᠨ ᠡᠮᠬᠢ ᠵᠢᠷᠤᠮ ᠲᠠᠢ ᠰᠡᠷᠭᠦᠭᠡᠪᠡ᠃ ᠡᠭᠦᠨ ᠤ ᠬᠠᠮᠲᠤ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ︽ᠨᠠᠰᠤᠵᠢᠯ ᠤᠨ ᠠᠰᠠᠷᠠᠮᠵᠢ  ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠠᠰᠤᠲᠠᠳ ᠤᠨ ᠡᠮᠨᠡᠯᠭᠡ ᠳᠤ ᠪᠤᠴᠠᠬᠤ ᠠᠵᠢᠯ ᠢ ᠭᠥᠯᠢᠶᠡᠨ ᠠᠪᠬᠤ ᠵᠦᠭᠯᠡᠭᠦᠷ︾ ᠢ ᠳᠠᠷᠤᠮᠠᠯᠯᠠᠨ ᠲᠠᠷᠬᠠᠭᠠᠵᠤ᠂ ᠨᠠᠰᠤᠲᠠᠳ ᠢ ᠠᠰᠠᠷᠠᠬᠤ ᠦᠶᠯᠡᠴᠢᠯᠡᠭᠡᠨ ᠤ ᠪᠠᠶᠢᠭᠤᠯᠤᠮᠵᠢ ᠵᠢᠯᠣᠭᠤᠳᠤᠨ ᠨᠠᠰᠤᠲᠠᠶᠢᠴᠤᠳ ᠤᠨ ᠡᠮᠨᠡᠯᠭᠡ ᠳᠤ ᠪᠤᠴᠠᠬᠤ ᠠᠵᠢᠯ ᠢ ᠬᠢᠪᠡ᠃      ᠴᠠᠭᠠᠨ ᠰᠠᠷ᠎ᠠ ᠶᠢᠨ ᠬᠤᠭᠤᠴᠠᠭᠠᠨ ᠳᠤ ᠰᠢᠯᠢ ᠶᠢᠨ ᠭᠤᠤᠯ ᠠᠶᠢᠮᠠᠭ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ 678 ᠨᠠᠰᠤᠲᠠᠳ ᠨᠤᠲᠤᠭ ᠲᠠᠭᠠᠨ ᠪᠤᠴᠠᠭᠰᠠᠨ ᠪᠠᠶᠢᠵᠠᠢ᠃ ᠣᠳᠣᠬᠠᠨ ᠳᠤ 112 ᠨᠠᠰᠤᠲᠠᠨ  ᠨᠢ ᠨᠢᠭᠡᠨᠲᠡ ᠠᠮᠤᠷ ᠲᠦᠪᠰᠢᠨ ᠡᠮᠬᠢ ᠵᠢᠷᠤᠮ ᠲᠠᠢ ᠪᠠᠷ ᠨᠠᠰᠤᠲᠠᠳ ᠢ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ  ᠳᠤ ᠪᠠᠨ ᠪᠤᠴᠠᠵᠤ ᠢᠷᠡᠭᠰᠡᠨ ᠪᠠᠶᠢᠨ᠎ᠠ᠃
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号