ᠤᠯᠠᠭᠠᠨᠬᠠᠳᠠ ᠶᠢᠨ ᠲᠠᠬᠢᠯᠭ᠎ᠠ ᠶᠢᠨ ᠰᠦᠯᠵᠢᠶᠡᠨ ᠤ ᠭᠠᠷ ᠤᠲᠠᠰᠤᠨ ᠤ ᠳᠤᠰᠬᠠᠢ ᠨᠢᠭᠤᠷ ᠵᠢᠩᠬᠢᠨᠢ ᠪᠠᠷ ᠰᠦᠯᠵᠢᠶᠡᠨ ᠳᠤ ᠭᠠᠷᠤᠯ᠎ᠠ
ᠨᠡᠶᠢᠲᠡᠯᠡᠭᠰᠡᠨ ᠴᠠᠭ᠄
2020-04-02
                   ᠬᠠᠩᠰᠢ ᠶᠢᠨ ᠡᠳᠦᠷ ᠪᠣᠯᠬᠤ ᠲᠠᠰᠢᠷᠠᠮ ᠢᠶᠠᠷ ᠤᠯᠠᠭᠠᠨᠬᠠᠳᠠ ᠬᠤᠲᠠ ᠶᠢᠨ ᠠᠷᠠᠳ ᠤᠨ ᠶᠠᠪᠤᠳᠠᠯ ᠤᠨ ᠳᠣᠪᠴᠢᠶᠠᠨ ᠤ ᠰᠦᠯᠵᠢᠶᠡᠨ ᠳᠡᠭᠡᠷᠡᠬᠢ ᠲᠠᠬᠢᠯᠭ᠎ᠠ ᠶᠢᠨ ᠦᠶᠯᠡᠴᠢᠯᠡᠭᠡ ᠶᠢ ᠲᠡᠭᠦᠯᠳᠡᠷᠵᠢᠭᠦᠯᠵᠦ᠂ ︽ᠤᠯᠠᠭᠠᠨᠬᠠᠳᠠ  ᠶᠢᠨ ᠲᠠᠬᠢᠯᠭ᠎ᠠ ᠶᠢᠨ ᠰᠦᠯᠵᠢᠶᠡᠨ ᠤ ᠺᠣᠮᠫᠢᠦ᠋ᠲ᠋ᠧᠷ ᠤᠨ ᠳᠤᠰᠬᠠᠢ ᠨᠢᠭᠤᠷ︾ ᠤᠨ ᠰᠠᠭᠤᠷᠢᠨ ᠳᠡᠭᠡᠷ᠎ᠡ ︽ᠤᠯᠠᠭᠠᠨᠬᠠᠳᠠ ᠶᠢᠨ ᠲᠠᠬᠢᠯᠭ᠎ᠠ ᠶᠢᠨ ᠰᠦᠯᠵᠢᠶᠡᠨ ᠤ ᠭᠠᠷ ᠤᠲᠠᠰᠤᠨ ᠤ ᠳᠤᠰᠬᠠᠢ ᠨᠢᠭᠤᠷ︾ ︵http://jisiyunjicn᠃ com/mobile) ᠣᠳᠣᠬᠠᠨ ᠳᠤ ᠨᠢᠭᠡᠨᠲᠡ ᠵᠢᠩᠬᠢᠨᠢ ᠪᠠᠷ ᠰᠦᠯᠵᠢᠶᠡᠨ ᠳᠤ ᠭᠠᠷᠴᠤ ᠠᠵᠢᠯᠯᠠᠭᠰᠠᠨ ᠪᠠᠶᠢᠨ᠎ᠠ᠃      ᠲᠣᠰ ᠭᠠᠷ ᠤᠲᠠᠰᠤᠨ ᠤ ᠳᠤᠰᠬᠠᠢ ᠨᠢᠭᠤᠷ ᠲᠤ ᠴᠣ ᠰᠢᠨ᠎ᠡ ᠵᠠᠭᠠᠭ ᠭᠠᠳᠠᠷᠭᠤ ᠶᠢᠨ ᠵᠢᠷᠤᠭ ᠲᠥᠯᠥᠪᠯᠡᠭᠡ ᠶᠢ ᠬᠡᠷᠡᠭᠯᠡᠭᠰᠡᠨ ᠢᠶᠠᠷ ᠬᠡᠷᠡᠭᠯᠡᠬᠦ ᠳᠤ ᠨᠠᠩ ᠳᠥᠭᠦᠮ ᠲᠦᠳᠡ ᠪᠣᠯᠵᠠᠢ᠃ ᠬᠡᠷᠡᠭᠯᠡᠭᠴᠢᠳ ᠦᠨ᠎ᠡ ᠲᠥᠯᠥᠪᠦᠷᠢ ᠦᠭᠡᠢ ᠪᠠᠷ ᠣᠯᠠᠨ ᠳᠤᠷᠠᠰᠬᠠᠯ ᠤᠨ ᠣᠷᠳᠣᠨ ᠪᠠᠶᠢᠭᠤᠯᠵᠤ᠂ ᠨᠠᠰᠤ ᠪᠠᠷᠠᠭᠰᠠᠳ ᠤᠨ ᠠᠮᠢᠳᠤ ᠰᠡᠷᠡᠭᠦᠨ ᠪᠠᠶᠢᠬᠤ ᠦᠶ᠎ᠡ ᠶᠢᠨ ᠭᠡᠷᠡᠯ ᠵᠢᠷᠤᠭ ᠮᠠᠲ᠋ᠧᠷᠢᠶᠠᠯ ᠢ ᠦᠨᠢᠳᠡ ᠬᠠᠳᠠᠭᠠᠯᠠᠵᠤ ᠴᠢᠳᠠᠬᠤ ᠪᠣᠯᠤᠭᠰᠠᠨ ᠪᠠᠶᠢᠨ᠎ᠠ᠃ ᠬᠡᠷᠡᠭᠴᠡᠭᠡ ᠪᠠᠨ ᠦᠨᠳᠦᠰᠦᠯᠡᠨ ᠢᠯᠡ ᠪᠠᠶᠢᠯᠭᠠᠬᠤ ᠪᠠ ᠨᠢᠭᠤᠴᠠ ᠨᠣᠮᠧᠷ ᠲᠣᠬᠢᠷᠠᠭᠤᠯᠤᠨ ᠰᠤᠩᠭᠤᠨ ᠦᠵᠡᠬᠦ ᠳᠤ ᠳᠦᠭᠦᠮ ᠪᠣᠯᠭᠠᠪᠠ ᠃ ᠪᠠᠰᠠ ᠳᠤᠷᠠᠰᠬᠠᠯ ᠤᠨ ᠣᠷᠳᠣᠨ ᠢ ᠸᠢᠴᠠᠲ ᠢᠶᠠᠷ ᠲᠥᠷᠥᠯ ᠰᠠᠳᠤᠨ ᠨᠠᠶᠢᠵᠠ ᠨᠥᠬᠦᠳ ᠤᠨ ᠬᠤᠯᠪᠤᠭᠠᠨ ᠳᠤ ᠬᠤᠪᠢᠶᠠᠨ ᠡᠳ᠋ᠯᠡᠵᠦ᠂ ᠴᠠᠭ ᠬᠤᠭᠤᠴᠠᠭ᠎ᠠ ᠣᠷᠣᠨ ᠵᠠᠶ ᠶᠢᠨ ᠬᠢᠵᠠᠭᠠᠷᠯᠠᠯ ᠢ ᠳᠡᠪᠴᠢᠵᠤ ᠭᠠᠰᠢᠭᠤᠳᠠᠯ ᠪᠠ ᠡᠷᠭᠢᠴᠡᠭᠦᠯᠦᠯ ᠢᠶᠠᠨ ᠪᠡᠶᠡᠯᠡᠭᠦᠯᠵᠦ ᠪᠣᠯᠬᠤ ᠮᠦᠷᠳᠡᠭᠡᠨ ᠲᠠᠬᠢᠯᠭ᠎ᠠ ᠶᠢᠨ ᠲᠣᠣᠷ ᠲᠤ ᠤᠳᠤ ᠨᠢᠭᠡᠨᠲᠡ 140 ᠭᠠᠷᠤᠢ ︽ᠦᠷᠡᠭᠳᠡᠭᠰᠡᠨ ᠪᠠᠭᠠᠲᠤᠷᠴᠤᠳ ᠤᠨ ᠣᠷᠳᠣᠨ︾ ᠭᠠᠷᠭᠠᠵᠤ᠂ ᠬᠤᠪᠢᠰᠬᠠᠯ ᠤᠨ ᠤᠳᠤᠷᠢᠳᠤᠭᠴᠢ᠂ ᠦᠷᠡᠭᠳᠡᠭᠰᠡᠨ ᠪᠠᠭᠠᠲᠤᠷᠴᠤᠳ ᠵᠢᠴᠢ ᠠᠷᠠᠳ ᠤᠨ ᠪᠠᠭᠠᠲᠤᠷᠴᠤᠳ ᠢᠶᠠᠨ ᠨᠡᠩ ᠤᠯᠠᠨ ᠳᠤᠷᠠᠰᠤᠨ ᠰᠠᠨᠠᠭᠠᠯᠵᠠᠬᠤ ᠪᠣᠯᠪᠠ᠃      ᠣᠳᠣ ᠤᠯᠠᠭᠠᠨᠬᠠᠳᠠ ᠶᠢᠨ ᠲᠠᠬᠢᠯᠭ᠎ᠠ ᠶᠢᠨ ᠰᠦᠯᠵᠢᠶᠡᠨ ᠤ ᠭᠠᠷ ᠤᠲᠠᠰᠤᠨ ᠤ ᠳᠤᠰᠬᠠᠢ ᠨᠢᠭᠤᠷ ᠲᠤ 1000 ᠰᠢᠬᠠᠮ ᠬᠥᠮᠦᠨ ︵ᠤᠳᠠᠭ᠎ᠠ︶ ᠢ ᠰᠣᠷᠪᠣᠯᠵᠢᠯᠠᠨ᠂ ᠨᠡᠶᠢᠲᠡ 768 ᠬᠡᠷᠡᠭᠯᠡᠭᠴᠢ ᠳᠠᠩᠰᠠᠯᠠᠭᠤᠯᠵᠤ᠂ 275 ᠳᠤᠷᠠᠰᠬᠠᠯ ᠤᠨ ᠣᠷᠳᠣᠨ ᠪᠠᠶᠢᠭᠤᠯᠤᠭᠠᠳ᠂ ᠡᠳᠤᠷ ᠪᠦᠷᠢ 800 ᠭᠠᠷᠤᠶ ᠲᠠᠬᠢᠯᠭ᠎ᠠ ᠬᠢᠵᠦ ᠪᠠᠶᠢᠨ᠎ᠠ᠃
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号