| ᠣᠶᠢᠷ᠎ᠠ ᠳᠤ ᠠᠷᠠᠳ ᠤᠨ ᠶᠠᠪᠤᠳᠠᠯ ᠤᠨ ᠲᠢᠩᠬᠢᠮ ᠪᠦᠬᠦ ᠣᠷᠣᠨ ᠤ ᠪᠤᠶ ᠪᠦᠬᠦᠢ ᠬᠤᠰᠢᠭᠤ ᠰᠢᠶᠠᠨ ︵ᠬᠤᠲᠠ | ᠲᠣᠭᠤᠷᠢᠭ︶ ᠤ ᠬᠢᠵᠢᠭ ᠢ ᠰᠡᠷᠭᠡᠶᠢᠯᠡᠬᠦ ᠳᠡᠰ ᠢ ᠴᠥᠮ ᠡᠩ ᠤᠨ ᠪᠠᠶᠢᠳᠠᠯ ᠳᠤ ᠣᠷᠣᠭᠰᠠᠨ ᠪᠣᠳᠠᠲᠤ ᠪᠠᠶᠢᠳᠠᠯ ᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠢᠶᠠᠷ | ᠵᠥᠪᠰᠢᠶᠡᠷᠡᠭᠦᠯᠦᠭᠡᠳ᠂ ᠨᠠᠰᠤᠲᠠᠳ ᠢ ᠠᠰᠠᠷᠠᠬᠤ ᠪᠠᠶᠢᠭᠤᠯᠤᠮᠵᠢ ᠶᠢᠨ ᠬᠡᠪ ᠤᠨ ᠦᠢᠯᠡᠴᠢᠯᠡᠭᠡᠨ ᠤ ᠡᠮᠬᠢ ᠳᠢᠭᠯᠢᠮ ᠢ | ᠪᠦᠬᠦ ᠲᠠᠯ᠎ᠠ ᠪᠠᠷ ᠰᠡᠷᠭᠦᠭᠡᠭᠰᠡᠨ ᠪᠠᠶᠢᠨ᠎ᠠ᠃ 4 ᠳ᠋ᠤᠭᠡᠷ ᠰᠠᠷ᠎ᠠ ᠶᠢᠨ 13 ᠤ ᠡᠳᠦᠷ ᠪᠣᠯᠲᠠᠯ᠎ᠠ ᠪᠥᠬᠦ ᠣᠷᠣᠨ ᠤ | ᠨᠠᠰᠤᠲᠠᠳ ᠢ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠴᠠᠭᠠᠨ ᠰᠠᠷ᠎ᠠ ᠭᠡᠷ ᠲᠡᠭᠡᠨ ᠬᠠᠷᠢᠵᠤ | ᠰᠢᠨᠡᠯᠡᠭᠰᠡᠳ ᠠᠴᠠ 7395 ᠬᠥᠮᠦᠨ ᠨᠢ ᠨᠢᠭᠡᠨᠲᠡ ᠦᠢᠯᠡᠴᠢᠯᠡᠭᠡᠨ ᠤ ᠪᠠᠶᠢᠭᠤᠯᠤᠮᠵᠢ ᠳᠤ ᠪᠠᠨ ᠪᠤᠴᠠᠨ ᠢᠷᠡᠭᠰᠡᠨ | ᠪᠠᠶᠢᠨ᠎ᠠ᠂ ᠡᠨᠡ ᠨᠢ ᠭᠡᠷ ᠲᠡᠭᠡᠨ ᠬᠠᠷᠢᠵᠤ ᠰᠢᠨᠡᠯᠡᠭᠰᠡᠨ ᠨᠠᠰᠤᠲᠠᠳ ᠤᠨ ᠶᠡᠷᠦᠩᠬᠡᠶ ᠲᠣᠭᠠᠨ ᠤ 61.59% ᠶᠢ | ᠡᠵᠡᠯᠡᠵᠦ᠂ ᠨᠠᠰᠤᠲᠠᠳ ᠢ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠳᠤ ᠪᠠᠨ ᠪᠤᠴᠠᠵᠤ ᠢᠷᠡᠬᠦ ᠬᠦᠰᠡᠯ ᠲᠠᠢ ᠨᠢ | ᠴᠦᠮ ᠪᠤᠴᠠᠨ ᠢᠷᠡᠭᠰᠡᠨ ᠪᠠᠶᠢᠨ᠎ᠠ᠃ | ᠨᠠᠰᠤᠲᠠᠳ ᠢ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠳᠤ ᠰᠤᠭᠤᠴᠢᠨ ᠪᠠᠶᠢᠴᠠᠭᠠᠬᠤ ᠳᠠᠯᠳᠠ | ᠰᠤᠷᠪᠤᠯᠵᠢᠯᠠᠭ᠎ᠠ ᠶᠢ ᠦᠷᠭᠦᠯᠵᠢᠯᠡᠨ ᠬᠢᠭᠰᠡᠭᠡᠷ ᠪᠣᠢ᠃ 4 ᠳ᠋ᠤᠭᠡᠷ ᠰᠠᠷ᠎ᠠ ᠶᠢᠨ 13 ᠤ ᠡᠳᠦᠷ ᠪᠣᠯᠲᠠᠯ᠎ᠠ ᠪᠥᠬᠦ | ᠣᠷᠣᠨ ᠤ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ ᠲᠣᠭᠤᠷᠢᠭ︶ ᠤ ᠠᠷᠠᠳ ᠤᠨ ᠶᠠᠪᠤᠳᠠᠯ ᠤᠨ | ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠬᠠᠷᠢᠶ᠎ᠠ ᠣᠷᠣᠨ ᠤ ᠪᠠᠨ ᠨᠠᠰᠤᠲᠠᠳ ᠢ ᠠᠰᠠᠷᠠᠬᠤ ᠦᠢᠯᠡᠴᠢᠯᠡᠭᠡᠨ ᠤ | ᠪᠠᠶᠢᠭᠤᠯᠤᠮᠵᠢ ᠶᠢ ᠨᠡᠶᠢᠲᠡ 5901 ︵ᠤᠳᠠᠭ᠎ᠠ︶ ᠰᠤᠭᠤᠴᠢᠨ ᠪᠠᠶᠢᠴᠠᠭᠠᠵᠤ᠂ ᠡᠭᠦᠨ ᠳᠤ ᠮᠠᠯᠵᠢᠬᠤ ᠲᠠᠷᠢᠶᠠᠯᠠᠬᠤ | ᠣᠷᠣᠨ ᠤ ᠨᠠᠰᠤᠲᠠᠳ ᠢ ᠠᠰᠠᠷᠠᠬᠤ ᠦᠢᠯᠡᠴᠢᠯᠡᠭᠡᠨ ᠤ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ 1212 ᠶᠢ | ᠭᠤᠤᠯᠳᠠᠯᠭ᠎ᠠ ᠲᠠᠢ ᠰᠤᠭᠤᠴᠢᠨ ᠪᠠᠶᠢᠴᠠᠭᠠᠪᠠ᠃ ᠣᠳᠣᠬᠠᠨ ᠳᠤ ᠪᠥᠬᠦ ᠣᠷᠣᠨ ᠤ ᠨᠠᠰᠤᠲᠠᠳ ᠢ ᠠᠰᠠᠷᠠᠬᠤ | ᠦᠢᠯᠡᠴᠢᠯᠡᠭᠡᠨ ᠤ ᠪᠠᠶᠢᠭᠤᠯᠤᠮᠵᠢ ᠳᠤ ᠣᠷᠣᠵᠤ ᠰᠠᠭᠤᠭᠰᠠᠨ ᠨᠠᠰᠤᠲᠠᠳ ᠲᠤ ᠨᠢᠭᠡ ᠴᠦ ᠬᠠᠯᠳᠠᠪᠤᠷᠢᠯᠠᠯ ᠥᠬᠡᠶ | ᠪᠠᠶᠢᠵᠤ᠂ ᠣᠨᠴᠠᠭᠠᠶ ᠬᠦᠴᠢᠷᠳᠡᠯᠲᠡᠶ ᠨᠠᠰᠤᠲᠠᠶᠢᠴᠤᠳ ᠤᠨ ᠦᠨᠳᠤᠰᠤᠨ ᠠᠮᠢᠳᠤᠷᠠᠯ ᠢ ᠪᠦᠲᠦᠮᠵᠢᠲᠡᠶ | ᠪᠠᠲᠤᠯᠠᠭᠳᠠᠭᠰᠠᠨ ᠪᠠᠶᠢᠨ᠎ᠠ᠃ | |