| | 4 ᠳ᠋ᠤᠭᠡᠷ ᠰᠠᠷ᠎ᠠ ᠶᠢᠨ 15 ᠤ ᠡᠳᠦᠷ ᠰᠢᠯᠢ ᠶᠢᠨ ᠭᠤᠤᠯ ᠠᠶᠢᠮᠠᠭ ᠤᠨ ᠠᠷᠠᠳ ᠤᠨ ᠶᠠᠪᠤᠳᠠᠯ ᠤᠨ | ᠲᠣᠪᠴᠢᠶ᠎ᠠ ᠶᠢᠨ ᠨᠠᠮ ᠤ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠠᠯᠳᠠᠷᠲᠤ 2020 | ᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠠᠩᠬᠠᠳᠤᠭᠠᠷ | ᠤᠳᠠᠭ᠎ᠠ ᠶᠢᠨ ᠰᠤᠷᠤᠯᠴᠠᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠨᠢ ︽ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠤ᠂ ᠤᠯᠤᠰ ᠤᠨ | ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ︾ ᠪᠠᠷ ᠭᠤᠣᠯ | ᠰᠡᠳᠦᠪ ᠪᠣᠯᠭᠠᠵᠤ᠂ ᠠᠰᠠᠭᠤᠯᠲᠠ ᠳᠤᠷᠠᠳᠬᠤ᠂ ᠶᠠᠷᠢᠶ᠎ᠠ ᠲᠠᠯᠪᠢᠬᠤ᠂ ᠶᠠᠷᠢᠯᠴᠠᠬᠤ ᠵᠡᠷᠭᠡ ᠬᠡᠯᠪᠡᠷᠢ ᠪᠠᠷ ᠰᠤᠷᠤᠯᠴᠠᠨ | ᠰᠤᠳᠤᠯᠵᠤ ᠶᠠᠷᠢᠯᠴᠠᠪᠠ᠃ | ᠬᠤᠷᠠᠯ ᠳᠡᠭᠡᠷ᠎ᠡ ᠠᠯᠳᠠᠷᠲᠤ ᠨᠦᠬᠦᠷ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ | ᠪᠠᠶᠢᠭᠤᠯᠤᠯ ᠤᠨ ᠳᠠᠪᠠᠭᠤᠯᠢᠭ ᠤᠨ ᠲᠤᠬᠠᠢ ᠭᠦᠶᠦᠭᠡᠨ ᠶᠠᠷᠢᠶ᠎ᠠ︾ ᠭᠡᠬᠦ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠤᠳᠤᠷᠢᠳᠤᠯᠭ᠎ᠠ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ | ᠪᠠᠶᠢᠭᠤᠯᠤᠯ ᠤᠨ ᠬᠠᠮᠤᠭ ᠤᠨ ᠶᠡᠭᠡ ᠳᠠᠪᠠᠭᠤᠯᠢᠭ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ | ᠤᠷᠳᠤ ᠬᠤᠭᠤᠴᠠᠭ᠎ᠠ ᠪᠠᠷ ᠲᠦᠷᠦ ᠪᠠᠷᠢᠭᠰᠠᠨ ᠪᠠ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ | ᠵᠡᠷᠭᠡ 5 ᠲᠠᠯ᠎ᠠ ᠠᠴᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠪᠠᠶᠢᠭᠤᠯᠤᠯ ᠤᠨ | ᠳᠠᠪᠠᠭᠤᠯᠢᠭ ᠢ ᠲᠠᠶᠢᠯᠪᠤᠷᠢᠯᠠᠭᠰᠠᠨ ᠪᠠᠶᠢᠨ᠎ᠠ᠃ | |